ᠳᠡᠯᠡᠬᠡᠶ ᠶᠢᠨ ᠬᠥᠮᠦᠨ ᠠᠮᠠ᠂ 80 ᠳ᠋ᠦᠩᠰᠢᠭᠤᠷ︕
ᠨᠡᠶᠢᠲᠡᠯᠡᠭᠰᠡᠨ ᠴᠠᠭ᠄
2022/9/9
     ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠶᠢᠲᠡᠯᠡᠭᠰᠡᠨ ︽2022 ᠣᠨ ᠤ ᠳᠡᠯᠡᠬᠡᠶ ᠶᠢᠨ ᠬᠥᠮᠦᠨ ᠠᠮᠠ ᠶᠢᠨ ᠪᠠᠷᠠᠭᠠᠯᠠᠯ︾ ᠭᠡᠰᠡᠨ ᠮᠡᠳᠡᠭᠦᠯᠦᠯᠲᠡ ᠳᠤ᠂ ᠡᠨᠡ ᠵᠢᠯ ᠤᠨ 11 ᠳ᠋ᠦ᠋ᠭᠡᠷ ᠰᠠᠷ᠎ᠠ ᠶᠢᠨ 15 ᠤ ᠡᠳᠦᠷ ᠳᠡᠯᠡᠬᠡᠶ ᠶᠢᠨ ᠬᠥᠮᠦᠨ ᠠᠮᠠ 80 ᠳ᠋ᠦᠩᠰᠢᠭᠤᠷ ᠢ ᠳᠠᠪᠠᠭ᠋ᠤ ᠪᠣᠯᠣᠨ᠎ᠠ ᠭᠡᠵᠤ ᠵᠢᠱᠢᠭᠰᠡᠨ ᠪᠠᠶᠢᠨ᠎ᠠ᠃      ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠡᠭᠦᠯ ᠤᠨ ᠦᠶ᠎ᠡ ᠶᠢᠨ ᠵᠢᠱᠢᠯᠲᠡ ᠪᠠᠷ᠂ ᠳᠡᠯᠡᠬᠡᠢ ᠶᠢᠨ ᠬᠥᠮᠦᠨ ᠠᠮᠠ 2030 ᠣᠨ ᠪᠠ 2050 ᠣᠨ ᠪᠣᠯᠬᠤ ᠳᠤ ᠲᠤᠰ ᠲᠤᠰ ᠨᠡᠮᠡᠭᠳᠡᠵᠦ 85 ᠳ᠋ᠦᠩᠰᠢᠭᠤᠷ ᠰᠢᠬᠠᠮ ᠪᠠ 97 ᠳ᠋ᠦᠩᠰᠢᠭᠤᠷ ᠰᠢᠬᠠᠮ ᠪᠣᠯᠵᠤ᠂ ᠲᠤᠰ ᠵᠠᠭᠤᠨ ᠤ ᠨᠠᠶᠠᠭᠠᠳ ᠣᠨ ᠪᠣᠯᠬᠤ ᠳᠤ ᠨᠡᠮᠡᠭᠳᠡᠭᠡᠳ 104 ᠳ᠋ᠦᠩᠰᠢᠭᠤᠷ ᠰᠢᠬᠠᠮ ᠪᠣᠯᠵᠤ ᠣᠷᠭᠢᠯ ᠳᠠᠭᠠᠨ ᠬᠦᠷᠬᠦ ᠪᠥᠭᠡᠳ ᠲᠤᠰ ᠵᠠᠭᠤᠨ ᠤ ᠰᠡᠭᠦᠯᠴᠢ ᠪᠣᠯᠲᠠᠯ᠎ᠠ ᠡᠨᠡ ᠲᠦᠪᠰᠢᠨ ᠢᠶᠠᠨ ᠪᠠᠲᠤᠯᠠᠬᠤ ᠪᠣᠯᠣᠨ᠎ᠠ᠃      ᠮᠡᠳᠡᠭᠦᠯᠦᠯᠲᠡ ᠳᠤ ᠵᠢᠱᠢᠭᠰᠡᠨ ᠢᠶᠠᠷ᠂ ᠪᠥᠬᠦ ᠳᠡᠯᠡᠬᠡᠶ ᠶᠢᠨ 65 ᠨᠠᠰᠤ ᠪᠠ ᠲᠡᠭᠦᠨ ᠠᠴᠠ ᠳᠡᠭᠡᠭᠰᠢ ᠨᠠᠰᠤᠨ ᠤ ᠬᠥᠮᠦᠨ ᠠᠮᠠ ᠶᠢᠨ ᠡᠵᠡᠯᠡᠬᠦ ᠬᠠᠷᠢᠴᠠᠯ 2022 ᠣᠨ ᠳᠤ 10% ᠪᠠᠶᠢᠭᠰᠠᠨ ᠠᠴᠠ ᠪᠠᠨ 2050 ᠣᠨ ᠪᠣᠯᠬᠤ ᠳᠤ ᠨᠡᠮᠡᠭᠳᠡᠭᠡᠳ 16% ᠳᠤ ᠬᠦᠷᠦᠨ᠎ᠡ᠃ ᠲᠤᠬᠠᠢ ᠶᠢᠨ ᠦᠶ᠎ᠡ ᠳᠤ ᠪᠥᠬᠦ ᠳᠡᠯᠡᠬᠡᠶ ᠶᠢᠨ 65 ᠨᠠᠰᠤ ᠪᠠ ᠲᠡᠭᠦᠨ ᠠᠴᠠ ᠳᠡᠭᠡᠭᠰᠢ ᠨᠠᠰᠤᠨ ᠤ ᠬᠦᠮᠦᠨ ᠠᠮᠠ ᠶᠢᠨ ᠲᠤᠭ᠎ᠠ 5 ᠠᠴᠠ ᠳᠣᠷᠣᠭᠰᠢ ᠨᠠᠰᠤᠨ ᠤ ᠬᠡᠦᠬᠡᠳ ᠤᠳ ᠠᠴᠠ ᠬᠤᠶᠠᠷ ᠳᠠᠬᠢᠨ ᠢᠯᠡᠭᠦᠦ ᠪᠣᠯᠬᠤ ᠪᠥᠭᠡᠳ 12 ᠠᠴᠠ ᠳᠣᠷᠣᠭᠰᠢ ᠨᠠᠰᠤᠨ ᠤ ᠬᠡᠦᠬᠡᠳ ᠤᠳ ᠲᠠᠢ ᠶᠡᠭᠡ ᠲᠥᠯᠥᠪ ᠲᠡᠩᠴᠡᠬᠦ ᠪᠣᠯᠤᠨ᠎ᠠ᠃ ᠮᠡᠳᠡᠭᠦᠯᠦᠯᠲᠡ ᠳᠤ ᠵᠢᠱᠢᠬᠦ ᠳᠡᠭᠡᠨ᠂ 2050 ᠣᠨ ᠪᠣᠯᠬᠤ ᠳᠤ ᠪᠥᠬᠦ ᠳᠡᠯᠡᠬᠡᠶ ᠶᠢᠨ ᠬᠥᠮᠦᠨ ᠠᠮᠠ ᠶᠢᠨ ᠳᠤᠮᠳᠠᠴᠢ ᠨᠠᠰᠤᠨ ᠬᠤᠲᠤᠭ 77.2 ᠨᠠᠰᠤᠨ ᠳᠤ ᠬᠥᠷᠬᠦ ᠪᠣᠯᠤᠨ᠎ᠠ ᠭᠡᠵᠡᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号