ᠲᠣᠰ ᠬᠠᠤᠯᠢ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/1/30
     ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ︾᠎ ᠶᠢ ᠪᠠᠲᠤᠯᠠᠭᠰᠠᠨ ᠪᠥᠭᠡᠳ 2023 ᠣᠨ ᠤ 1 ᠳ᠋ᠣᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢᠨ ᠬᠠᠤᠯᠢ︾᠎ ᠨᠢ ᠨᠡᠶᠢᠭᠡᠮ ᠨᠡᠶᠢᠳᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠳᠠ ᠪᠤᠯᠭᠠᠵᠦ᠂ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢ ᠲᠠᠷᠢᠵᠤ ᠤᠷᠭᠤᠭᠤᠯᠬᠤ ᠠᠴᠠ ᠠᠪᠤᠭᠠᠳ ᠡᠳ᠋ᠰᠢᠭᠦᠯᠦᠨ ᠪᠣᠯᠪᠠᠰᠤᠷᠠᠭᠤᠯᠬᠤ ᠳᠤ ᠬᠦᠷᠲᠡᠯ᠎ᠡ ᠪᠥᠬᠦ ᠶᠠᠪᠤᠴᠠ᠂ ᠪᠥᠬᠦ ᠳᠠᠮᠵᠢᠯᠠᠭ᠎ᠠ ᠳᠤᠨᠢ ᠬᠢᠨᠠᠨ ᠬᠠᠮᠢᠶᠠᠷᠴᠤ᠂ ᠲᠤᠰ ᠬᠠᠤᠯᠢ ᠪᠠᠷ ᠵᠠᠰᠠᠵᠤ ᠪᠠᠲᠤᠯᠠᠬᠤ ᠶᠢ ᠴᠢᠨᠠᠭᠰᠢᠳᠠ ᠴᠢᠩᠭᠠᠳᠬᠠᠬᠤ ᠪᠣᠯᠣᠨ᠎ᠠ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号