︽2023 ᠣᠨ ᠤ  ᠡᠩ ᠤᠨ  ᠶᠡᠭᠡ  ᠳᠡᠭᠡᠳᠦ  ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾
ᠨᠡᠶᠢᠲᠡᠯᠡᠭᠰᠡᠨ ᠴᠠᠭ᠄
2023/1/30
     ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ︽2023 ᠣᠨ ᠤ  ᠡᠩ ᠤᠨ  ᠶᠡᠭᠡ  ᠳᠡᠭᠡᠳᠦ  ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾ ᠢ ᠨᠡᠶᠢᠲᠡᠯᠡᠵᠦ᠂ ᠰᠢᠯᠭᠠᠭᠤᠯᠤᠭᠴᠢ ᠶᠢᠨ ᠡᠯᠧᠺᠲᠷᠣᠨ ᠲᠠᠩᠰᠠ ᠡᠪᠬᠡᠮᠡᠯ᠂  ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ ᠬᠢᠨᠠᠨ ᠰᠢᠯᠭᠠᠯᠲᠠ᠂  ᠪᠡᠶ᠎ᠡ  ᠮᠠᠬᠠᠪᠣᠳ ᠤᠨ  ᠡᠷᠡᠭᠦᠯ  ᠮᠡᠨᠳᠦ ᠶᠢᠨ  ᠪᠠᠶᠢᠳᠠᠯ ᠤᠨ ᠪᠠᠶᠢᠴᠠᠭᠠᠯᠲᠠ᠂ ᠰᠢᠯᠭᠠᠯᠲᠠ ᠬᠢᠬᠦ ᠪᠠ ᠰᠤᠷᠤᠬᠴᠢ ᠡᠯᠰᠡᠬᠦ ᠲᠤᠬᠠᠶ ᠴᠥᠮ ᠨᠠᠷᠢᠨ ᠲᠣᠭᠲᠠᠭᠠᠯ ᠭᠠᠷᠭᠠᠬᠰᠠᠨ ᠪᠠᠶᠢᠨ᠎ᠠ᠃ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠰᠢᠯᠭᠠᠭᠤᠯᠤᠭᠴᠢ ᠶᠢ  ᠮᠤᠵᠢ ᠶᠢᠨ  ᠱᠠᠲᠤᠨ ᠤ  ᠰᠣᠷᠣᠭᠴᠢ ᠡᠯᠰᠡᠬᠦ ᠵᠥᠪᠯᠡᠯ ᠠᠴᠠ ᠲᠣᠰ ᠭᠠᠵᠠᠷ ᠤᠨ ᠢᠶᠠᠨ ᠲᠠᠩᠰᠠ ᠡᠪᠬᠡᠮᠡᠯ ᠭᠠᠷᠭᠠᠨ  ᠦᠭᠴᠦ  ᠡᠯᠰᠡᠬᠦ  ᠠᠷᠭ᠎ᠠ   ᠶᠢᠨ  ᠲᠤᠬᠳᠠᠭᠠᠯ   ᠢ ᠦᠨᠳᠦᠰᠦᠯᠡᠨ᠂ ᠲᠡᠭᠦᠨ ᠤ ᠰᠣᠶᠣᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠵᠣᠬᠢᠬᠤ ᠬᠤᠪᠢ ᠨᠡᠮᠡᠵᠦ ᠲᠠᠩᠰᠠ ᠡᠪᠬᠡᠮᠡᠯ ᠭᠠᠷᠭᠠᠨ ᠥᠭᠴᠦ ᠪᠣᠯᠤᠨ᠎ᠠ︔ ᠶᠡᠭᠡ ᠳᠡᠭᠡᠳᠦ  ᠰᠤᠷᠭᠠᠭᠤᠯᠢ ᠶᠢᠨ  ᠲᠠᠩᠰᠠ ᠡᠪᠬᠡᠮᠡᠯ ᠭᠠᠷᠭᠠᠨ ᠥᠭᠬᠦ ᠨᠥᠬᠦᠴᠡᠯ ᠳᠤ ᠬᠦᠷᠦᠭᠰᠡᠨ ᠪᠠᠶᠢᠪᠠᠯ ᠶᠡᠭᠡ ᠳᠡᠭᠡᠳᠦ ᠰᠤᠷᠭᠠᠭᠤᠯᠢ ᠠᠴᠠ  ᠡᠯᠰᠡᠬᠦ  ᠡᠰᠡᠬᠦ ᠪᠠᠨ  ᠬᠢᠨᠠᠨ ᠪᠠᠶᠢᠴᠠᠭᠠᠵᠤ ᠲᠣᠭᠲᠠᠭᠠᠨ᠎ᠠ᠃ ᠠᠳᠠᠯᠢ ᠨᠢᠭᠡᠨ ᠰᠢᠯᠭᠠᠭᠤᠯᠤᠭᠴᠢ  ᠨᠢ ᠬᠡᠷᠪᠡ ᠣᠯᠠᠨ ᠵᠦᠢᠯ ᠤᠨ ᠬᠤᠪᠢ ᠨᠡᠮᠡᠵᠦ ᠲᠠᠩᠰᠠ ᠡᠪᠬᠡᠮᠡᠯ ᠭᠠᠷᠭᠠᠨ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠥᠪᠬᠡᠨ ᠲᠡᠭᠦᠨ ᠤ ᠳᠣᠲᠣᠷᠠᠬᠢ ᠬᠠᠮᠤᠭ ᠤᠨ  ᠶᠡᠭᠡ  ᠬᠤᠪᠢ   ᠶᠢ   ᠨᠢ ᠠᠪᠴᠤ ᠪᠣᠯᠬᠤ ᠪᠥᠭᠡᠳ 20 ᠬᠤᠪᠢ ᠠᠴᠠ ᠬᠡᠲᠦᠷᠡᠭᠦᠯᠵᠦ ᠪᠣᠯᠬᠤ ᠥᠬᠡᠶ᠃        ᠨᠥᠭᠴᠢᠭᠰᠡᠨ ᠪᠠᠭᠠᠳᠤᠷᠴᠤᠳ ᠤᠨ ᠦᠷ᠎ᠡ ᠬᠡᠦᠬᠡᠳ︔ ᠴᠡᠷᠢᠭ ᠤᠨ  ᠠᠯᠪᠠ  ᠬᠠᠭᠠᠵᠤ  ᠪᠠᠶᠢᠬᠤ  ᠬᠤᠭᠤᠴᠠᠭᠠᠨ ᠳᠠᠭᠠᠨ   ᠬᠤᠶᠠᠳᠤᠭᠠᠷ ᠳᠡᠰ ᠠᠴᠠ ᠲᠡᠭᠡᠭᠰᠢᠬᠢ ᠭᠠᠪᠢᠶ᠎ᠠ ᠪᠠᠶᠢᠭᠤᠯᠤᠬᠰᠠᠨ ᠪᠤᠶᠤ ᠪᠠᠶᠢᠯᠳᠤᠭᠠᠨ ᠤ ᠲᠣᠭᠤᠷᠢᠭ ︵ᠤᠤᠯ ᠤᠨ ᠶᠡᠭᠡ  ᠴᠡᠷᠢᠭ ᠤᠨ ᠲᠣᠭᠤᠷᠢᠭ︶ ᠠᠴᠠ ᠳᠡᠭᠡᠭᠰᠢᠬᠢ ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠣᠯᠣᠭᠰᠠᠨ ᠴᠡᠷᠢᠭ ᠠᠴᠠ ᠬᠠᠯᠠᠭᠳᠠᠭᠰᠠᠳ︔ ᠬᠢᠯᠢ ᠬᠢᠵᠠᠭᠠᠷ ᠣᠷᠣᠨ᠂  ᠠᠭᠤᠯᠠᠷᠬᠠᠭ  ᠣᠷᠣᠨ᠂  ᠮᠠᠯᠵᠢᠬᠤ  ᠣᠷᠣᠨ᠂  ᠴᠥᠭᠡᠨ  ᠲᠣᠭᠠᠲᠤ  ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠴᠢ︔ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠳᠤᠮᠳᠠᠳᠤ ᠶᠢᠨ ᠬᠠᠷᠢᠶᠠᠲᠤ ᠨᠠᠷ ᠤᠨ  ᠦᠷ᠎ᠡ  ᠬᠡᠦᠬᠡᠳ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠦᠷ᠎ᠡ ᠬᠡᠦᠬᠡᠳ ᠪᠣᠯᠤᠨ ᠲᠠᠶᠢᠸᠠᠨ ᠮᠤᠵᠢ ᠶᠢᠨ ᠬᠠᠷᠢᠶ᠎ᠠ ︵ᠲᠠᠶᠢᠸᠠᠨ ᠤ ᠡᠷᠦᠬᠡ ᠠᠮᠠ ᠶᠢ ᠪᠠᠭᠲᠠᠭᠠᠨ᠎ᠠ︶ ᠲᠠᠢ ᠰᠢᠯᠭᠠᠭᠤᠯᠤᠭᠴᠢ᠃ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ  ᠰᠣᠶᠣᠯ ‍ᠤᠨ‌ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠵᠣᠬᠢᠬᠤ ᠬᠤᠪᠢ ᠨᠡᠮᠡᠵᠦ ᠲᠠᠩᠰᠠ‌ᠡᠪᠬᠡᠮᠡᠯ ᠭᠠᠷᠭᠠᠨ ᠦᠭᠴᠦ ᠪᠤᠯᠤᠨ᠎ᠠ᠂ ᠭᠡᠬᠦ ᠳᠡᠭᠡᠨ 10 ᠬᠤᠪᠢ ᠠᠴᠠ ᠬᠡᠲᠦᠷᠡᠭᠦᠯᠵᠦ ᠪᠣᠯᠬᠤ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号