︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠠᠮᠢᠶᠠᠲᠠᠢ ᠰᠠᠨᠠᠯ︾᠎ 
ᠨᠡᠶᠢᠲᠡᠯᠡᠭᠰᠡᠨ ᠴᠠᠭ᠄
2023/10/18
     ᠲᠥᠷᠥ ᠶᠢᠨ ᠶᠠᠪᠤᠳᠠᠯ ᠤᠨ ᠬᠤᠷᠢᠶ᠎ᠠ ᠥᠨᠥᠬᠡᠨ ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠠᠮᠢᠶᠠᠲᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠢᠶᠠᠨ ᠪᠣᠯᠭᠠᠵᠤ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠡᠬᠢ ᠪᠠᠶᠠᠯᠢᠭ ᠢ ᠠᠭᠤᠳᠠᠯᠬᠤ ᠪᠠᠷ ᠭᠤᠣᠯᠳᠠᠭᠤᠯᠤᠭᠰᠠᠨ ᠭᠠᠵᠠᠷ ᠣᠷᠣᠨ ᠤ ᠬᠥᠭᠵᠢᠯᠲᠡ ᠶᠢᠨ ᠠᠷᠭ᠎ᠠ ᠵᠠᠮ ᠢ ᠬᠤᠪᠢᠷᠠᠭᠤᠯᠬᠤ ᠶᠢ ᠰᠦᠪᠡᠭᠴᠢᠯᠡᠵᠦ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠬᠤᠰᠢᠭᠤᠴᠢ ᠣᠷᠣᠨ︾᠎ ᠢ ᠪᠠᠶᠢᠭᠤᠯᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠣᠯᠣᠨ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠶᠢ ᠦᠨᠠᠠᠬᠦ ᠪᠠᠳᠠᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号