ᠨᠠᠷᠠᠨᠪᠣᠯᠠᠭ ᠰᠣᠮᠣᠨ ᠤ ᠪᠦᠬᠡᠴᠢᠳ ︽ᠪᠡᠯᠭᠦᠳᠡᠢ ᠬᠤᠨᠳᠠᠭᠠᠲᠤ︾ ᠪᠦᠬᠡ ᠶᠢᠨ ᠤᠷᠤᠯᠳᠤᠭᠠᠨ ᠳᠤ ᠰᠢᠯᠢᠳᠡᠭ ᠪᠦᠳᠦᠮᠵᠢ ᠣᠯᠪᠠ
ᠨᠡᠶᠢᠲᠡᠯᠡᠭᠰᠡᠨ ᠴᠠᠭ᠄
2023/10/18
     ᠠᠪᠠᠭ᠎ᠠ ᠬᠤᠰᠢᠭᠤᠨ ᠤ 2023 ᠣᠨ ᠤ ︽ᠪᠡᠯᠭᠦᠳᠡᠢ ᠬᠤᠨᠳᠠᠭᠠᠲᠤ︾ ᠪᠦᠬᠡ ᠶᠢᠨ ᠤᠷᠤᠯᠳᠤᠭᠠᠨ ᠢ ᠶᠠᠪᠤᠭᠳᠠᠭᠤᠯᠪᠠ᠃ ᠨᠠᠷᠠᠨᠪᠣᠯᠠᠭ ᠰᠣᠮᠣᠨ ᠤ ᠪᠠᠶᠠᠨᠰᠢᠯᠢ ᠭᠠᠴᠠᠭᠠᠨ ᠤ ᠮᠦᠩᠬᠡᠵᠢᠷᠭᠠᠯ ᠠᠴᠠ ᠲᠤᠭᠤᠶᠢᠯᠠᠩ ᠲᠠᠭᠠᠭᠤᠯᠵᠤ᠂ ᠬᠤᠷᠴᠠ ᠰᠢᠷᠦᠭᠦᠨ ᠪᠠᠷᠢᠯᠳᠤᠭᠠᠨ ᠢᠶᠠᠷ ᠲᠤᠯᠤᠭᠠᠨ ᠰᠣᠮᠣ ᠪᠠᠯᠭᠠᠰᠣᠨ ᠤ ᠲᠤᠮᠳᠠ ᠠᠴᠠ ᠴᠤᠯᠭᠤᠷᠠᠨ ᠭᠠᠷᠴᠦ᠂ ᠴᠤᠭ ᠪᠠᠳᠠᠷᠠᠩᠭᠤᠢ ᠰᠦᠷ ᠵᠢᠪᠬᠤᠭ᠎ᠠ ᠪᠠᠷ ᠨᠣᠳᠤᠭ ᠤᠰᠤᠨ ᠤ ᠪᠠᠨ ᠢᠷᠠᠭᠤ ᠠᠯᠳᠠᠷ ᠢ ᠲᠡᠮᠡᠴᠡᠨ ᠤᠯᠤᠨ ᠂ ᠦᠨᠳᠦᠰᠦᠲᠡᠨ ᠤ ᠣᠯᠠᠮᠵᠢᠯᠠᠯᠲᠤ ᠪᠡᠶ᠎ᠡ ᠲᠠᠮᠢᠷ ᠤᠨ ᠲᠦᠷᠦᠯ ᠵᠦᠢᠯ ᠤᠨ ᠬᠦᠭᠵᠢᠯᠲᠡ ᠶᠢ ᠲᠥᠯᠬᠢᠨ ᠠᠬᠢᠭᠤᠯᠬᠤ ᠳᠤ ᠦᠪᠡᠷ ᠤᠨ ᠬᠤᠪᠢ ᠨᠡᠮᠡᠷᠢ ᠪᠠᠨ ᠡᠷᠭᠦᠪᠡ᠃ ᠤᠶᠢᠷ᠎ᠠ ᠶᠢᠨ ᠵᠢᠯ ᠳᠤ᠂ ᠮᠠᠨ ᠤ ᠰᠣᠮᠣ ᠤᠶᠤᠨ ᠤ ᠪᠣᠯᠪᠠᠰᠣᠨ ᠤ ᠪᠦᠳᠦᠭᠡᠨ ᠪᠠᠶᠢᠭᠤᠯᠤᠯᠲᠠ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠤᠨ᠂ ᠰᠤᠶᠤᠯ ᠪᠡᠶ᠎ᠡ ᠲᠠᠮᠢᠷ ᠤᠨ ᠦᠢᠯᠡᠰ ᠤᠨ ᠬᠦᠭᠵᠢᠯᠲᠡ ᠶᠢ ᠢᠳᠡᠪᠬᠢᠲᠡᠢ ᠠᠬᠢᠭᠤᠯᠵᠤ᠂ ᠡᠯ᠎ᠡ ᠭᠠᠴᠠᠭ᠎ᠠ ᠶᠢ ᠵᠢᠵᠢᠭ ᠬᠡᠯᠪᠡᠷᠢ ᠶᠢᠨ ᠨᠠᠭᠠᠳᠤᠮ᠂ ᠰᠤᠨᠢᠷᠬᠠᠯᠲᠤ ᠪᠡᠶ᠎ᠡ ᠲᠠᠮᠢᠷ ᠤᠨ ᠴᠤᠭᠯᠠᠭᠠᠨ ᠵᠡᠷᠭᠡ ᠰᠤᠶᠤᠯ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠬᠦ ᠶᠢ ᠵᠣᠷᠢᠭᠵᠢᠭᠤᠯᠤᠨ᠂ ᠦᠨᠳᠦᠰᠦᠲᠡᠨ ᠤ ᠣᠯᠠᠮᠵᠢᠯᠠᠯᠲᠤ ᠪᠡᠶ᠎ᠡ ᠲᠠᠮᠢᠷ ᠤᠨ ᠬᠦᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠮᠠᠨ ᠤ ᠰᠣᠮᠣ ᠤᠶᠤᠨ ᠤ ᠪᠣᠯᠪᠠᠰᠣᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠦᠢᠯᠡᠳᠦᠯᠭᠡᠵᠢᠬᠦᠯᠬᠦ ᠪᠠᠷ ᠦᠨᠳᠦᠰᠦ ᠪᠣᠯᠭᠠᠨ᠂ ᠨᠠᠭᠠᠳᠤᠮ᠂ ᠪᠡᠶ᠎ᠡ ᠲᠠᠮᠢᠷ ᠤᠨ ᠴᠤᠭᠯᠠᠭᠠᠨ᠂ ᠬᠥᠯ ᠪᠦᠮᠪᠦᠭᠡ ᠰᠠᠭᠰᠣᠨ ᠪᠦᠮᠪᠦᠭᠡ ᠶᠢᠨ ᠤᠷᠤᠯᠳᠤᠭᠠᠨ ᠵᠡᠷᠭᠡ ᠰᠤᠶᠤᠯ ᠪᠡᠶ᠎ᠡ ᠲᠠᠮᠢᠷ ᠤᠨ ᠬᠦᠳᠡᠯᠭᠡᠭᠡᠨ ᠢ ᠢᠳᠡᠪᠬᠢᠲᠡᠢ ᠡᠷᠬᠢᠯᠡᠨ᠂ ᠤᠶᠤᠨ ᠤ ᠪᠣᠯᠪᠠᠰᠣᠨ ᠤ ᠪᠦᠳᠦᠭᠡᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠠᠳᠤᠳᠬᠠᠵᠤ᠂ ᠮᠠᠨ ᠤ ᠰᠣᠮᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠨᠠᠷᠠᠨᠪᠣᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号