︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠣᠶᠤᠨᠴᠢ ᠲᠠᠪᠴᠠᠩ︾ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2023/10/18
     ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠲᠦᠷᠦᠬᠦᠬᠡᠨ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠣᠶᠤᠨᠴᠢ ᠲᠠᠪᠴᠠᠩ︾᠎ ᠢ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠬᠠᠮᠲᠤ ᠪᠠᠷ ᠰᠤᠳᠤᠯᠵᠤ ᠭᠤᠶᠢᠳᠠ ᠰᠠᠶᠢᠬᠠᠨ ᠬᠢᠴᠢᠶᠡᠯ ᠤᠨ ᠲᠠᠩᠬᠢᠮ ᠢ ᠬᠠᠮᠲᠤ ᠪᠠᠷ ᠪᠠᠶᠢᠭᠤᠯᠬᠤ ᠡᠨᠡ ᠬᠦ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠪᠤᠯᠤᠭᠰᠠᠨ ᠨᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠤᠷᠭᠠᠨ ᠬᠥᠮᠦᠵᠢᠯ ᠢ ᠲᠡᠮᠵᠢᠬᠦ ᠴᠡᠭ ᠠᠴᠠ ᠴᠡᠭ ᠲᠤ ᠬᠦᠷᠭᠡᠬᠦ ᠴᠠᠭ ᠪᠠ ᠣᠷᠣᠨ ᠵᠠᠢ ᠶᠢᠨ ᠬᠢᠵᠠᠭᠠᠷᠯᠠᠯ ᠢ ᠳᠠᠪᠠᠵᠤ᠂ ᠴᠡᠭ ᠠᠴᠠ ᠤᠯᠠᠨ ᠴᠡᠭ ᠢ ᠬᠠᠮᠤᠷᠬᠤ ᠪᠣᠯᠭᠠᠨ ᠬᠤᠪᠢᠷᠠᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠣᠯᠣᠨ᠎ᠠ᠃      ᠲᠤᠰ ᠲᠠᠪᠴᠠᠩ ᠨᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠤᠳᠤᠯᠤᠨ ᠨᠡᠭᠡᠭᠡᠵᠦ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠦᠷᠦᠯ ᠵᠦᠢᠯ ᠤᠨ ᠳᠡᠮᠵᠢᠯᠭᠡ ᠪᠠ ᠬᠠᠮᠢᠶᠠᠷᠤᠯᠲᠠ ᠳᠤ ᠬᠡᠷᠡᠭᠯᠡᠵᠦ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠢᠶᠠᠷᠤᠯᠳᠠ᠂ ᠵᠢᠭᠠᠨ ᠰᠤᠳᠤᠯᠤᠭᠴᠢ᠂ ᠪᠠᠭᠰᠢ ᠰᠤᠷᠤᠭᠴᠢ ᠵᠡᠷᠭᠡ ᠠᠳᠠᠯᠢ ᠪᠤᠰᠤ ᠬᠦᠮᠦᠰ ᠲᠤ ᠦᠢᠯᠡᠴᠢᠯᠡᠵᠦ᠂ ᠨᠢᠭᠡᠳᠦᠯᠲᠡᠢ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠣᠭᠠᠴᠢᠯᠠᠭᠰᠠᠨ ᠣᠷᠣᠨ ᠵᠠᠢ ᠶᠢ ᠪᠠᠶᠢᠭᠤᠯᠵᠤ᠂ ᠠᠵᠢᠯ ᠤᠨ ᠪᠠᠶᠢᠳᠠᠯ᠂ ᠰᠤᠷᠭᠠᠨ ᠬᠥᠮᠦᠵᠢᠯ ᠤᠨ ᠬᠠᠯᠠᠮᠰᠢᠯ ᠴᠡᠭ᠂ ᠰᠢᠯᠢᠳᠡᠭ ᠬᠢᠴᠢᠶᠡᠯ ᠤᠨ ᠵᠢᠱᠢᠶ᠎ᠡ ᠵᠡᠷᠭᠡ ᠶᠢ ᠴᠤᠭᠯᠠᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃ ᠢᠵᠢᠯ ᠠᠯᠬᠤᠮᠲᠤ ᠬᠢᠴᠢᠶᠡᠯ ᠤᠨ ᠲᠠᠩᠬᠢᠮ ᠢᠶᠠᠷ᠂ ᠪᠡᠭᠡᠵᠢᠩ ᠤᠨ ᠪᠠᠭᠰᠢ ᠨᠠᠷ ᠥᠪᠥᠷ ᠮᠣᠩᠭᠤᠯ ᠤᠨ ᠰᠤᠷᠤᠭᠴᠢᠳ ᠢ ᠳᠠᠭᠠᠭᠤᠯᠤᠨ ᠬᠠᠮᠳᠤ ᠪᠠᠷ ᠬᠢᠴᠢᠶᠡᠯ ᠤᠷᠤᠵᠤ ᠪᠤᠯᠤᠨ᠎ᠠ︔ ᠢᠵᠢᠯ ᠠᠯᠬᠤᠮ ᠢᠶᠠᠷ ᠵᠢᠭᠠᠬᠤ ᠶᠢ ᠰᠤᠳᠤᠯᠬᠤ ᠳᠤ ᠰᠠᠭᠤᠷᠢᠯᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠪᠠᠭᠰᠢ ᠪᠣᠯᠣᠨ ᠲᠤᠰᠬᠠᠢ ᠮᠡᠷᠭᠡᠵᠢᠯᠲᠡᠨ ᠨᠢᠭᠡ ᠭᠤᠣᠯ ᠰᠡᠳᠦᠪ ᠢ ᠬᠠᠮᠲᠤ ᠪᠠᠷ ᠰᠤᠳᠤᠯᠵᠤ᠂ ᠡᠨᠡ ᠰᠠᠭᠤᠷᠢᠨ ᠳᠡᠭᠡᠷ᠎ᠡ᠂ ᠬᠤᠶᠠᠷ ᠭᠠᠵᠠᠷ ᠤᠨ ᠪᠠᠭᠰᠢ ᠰᠤᠷᠤᠭᠴᠢᠳ ᠬᠡᠪ ᠪᠣᠯᠪᠠᠰᠤᠷᠠᠯ ᠪᠠ ᠴᠢᠳᠠᠪᠤᠷᠢ ᠶᠢ ᠳᠡᠭᠡᠭᠰᠢᠯᠡᠭᠦᠯᠬᠦ ᠵᠢᠭᠠᠨ ᠰᠤᠷᠭᠠᠯᠲᠠ ᠶᠢᠨ ᠦᠢᠯᠡᠳᠦᠯᠭᠡ ᠶᠢ ᠭᠦᠨᠵᠡᠭᠡᠢ ᠥᠷᠨᠢᠭᠦᠯᠵᠦ᠂ ᠵᠡᠷᠭᠡ ᠪᠠᠷ ᠦᠰᠦᠨ ᠪᠤᠶᠢᠵᠢᠬᠤ ᠶᠢ ᠪᠡᠶᠡᠯᠡᠭᠦᠯᠬᠦ ᠪᠤᠯᠤᠨ᠎ᠠ᠃      ᠣᠲᠤᠬᠠᠨ ᠪᠣᠯᠲᠠᠯ᠎ᠠ᠂ ᠪᠡᠭᠡᠵᠢᠩ ᠬᠤᠲᠠ ᠶᠢᠨ 17 ᠲᠣᠭᠤᠷᠢᠭ ᠨᠢ ᠥᠪᠥᠷ ᠮᠣᠩᠭᠤᠯ ᠤᠨ 7 ᠠᠶᠢᠮᠠᠭ ᠬᠤᠲᠠ ᠶᠢᠨ 31 ᠬᠤᠰᠢᠭᠤ ᠰᠢᠶᠠᠨ ᠲᠠᠢ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ 486 ᠬᠤᠣᠰ ᠳᠤᠮᠳᠠᠳᠤ ᠪᠠᠭ᠎ᠠ ᠰᠤᠷᠭᠠᠭᠤᠯᠢ ᠳᠤ ︽ᠭᠠᠷ ᠭᠠᠷ ᠢᠶᠠᠨ ᠬᠤᠯᠪᠣᠯᠴᠠᠬᠤ︾ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠤᠨ 10 ᠳᠡᠭᠡᠳᠦ ᠰᠤᠷᠭᠠᠭᠤᠯᠢ ᠨᠢ ᠥᠪᠥᠷ ᠮᠣᠩᠭᠤᠯ ᠤᠨ 6 ᠳᠡᠭᠡᠳᠦ ᠰᠤᠷᠭᠠᠭᠤᠯᠢ ᠲᠠᠢ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ ᠨᠡᠪᠲᠡᠷᠡᠯᠴᠡᠨ ᠵᠣᠬᠢᠴᠠᠭᠤᠯᠬᠤ ᠵᠠᠭᠪᠤᠷ ᠢ ᠪᠡᠶᠡᠯᠡᠭᠦᠯᠦᠭᠰᠡᠨ ᠪᠠᠶᠢᠨ᠎ᠠ᠃ ᠲᠠᠷᠠᠭᠠᠴᠢ ᠪᠠᠷ᠂ ᠥᠪᠥᠷ ᠮᠣᠩᠭᠤᠯ ᠪᠡᠭᠡᠵᠢᠩ ᠳᠤ ᠬᠠᠨᠳᠤᠭᠤᠯᠤᠨ 85 ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠰᠤᠷᠤᠯᠴᠠᠬᠤ ᠰᠠᠭᠤᠷᠢᠨ ᠢ ᠨᠡᠭᠡᠭᠡᠵᠦ᠂ ᠪᠡᠭᠡᠵᠢᠩ ᠤᠨ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠠᠮᠢ ᠠᠬᠤᠢ ᠶᠢᠨ ᠪᠣᠯᠪᠠᠰᠤᠨ ᠤ ᠬᠥᠮᠦᠵᠢᠯ ᠥᠷᠨᠢᠭᠦᠯᠬᠦ ᠳᠤ ᠦᠢᠯᠡᠳᠦᠯᠭᠡ ᠶᠢᠨ ᠲᠠᠪᠴᠠᠩ ᠬᠠᠩᠭᠠᠨ᠎ᠠ᠃ ᠡᠭᠦᠨ ᠤ ᠬᠠᠮᠲᠤ᠂ ᠬᠤᠶᠠᠷ ᠭᠠᠵᠠᠷ ᠤᠨ ᠬᠢᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠬᠡᠷᠡᠭ ᠤᠨ ᠵᠢᠱᠢᠶ᠎ᠡ ᠶᠢ ᠴᠤᠭᠯᠠᠭᠤᠯᠬᠤ᠂ ᠦᠷ᠎ᠡ ᠪᠦᠲᠦᠭᠡᠯ ᠢ ᠡᠮᠬᠢᠯᠡᠬᠦ ᠵᠡᠷᠭᠡ ᠶᠢ ᠬᠠᠮᠲᠤ ᠪᠠᠷ ᠥᠷᠨᠢᠭᠦᠯᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠳᠤ ᠨᠡᠶᠢᠲᠡᠯᠢᠭ ᠵᠢᠱᠢᠶ᠎ᠡ ᠶᠢ ᠡᠬᠦᠳᠬᠦ ᠪᠤᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号