ᠮᠠᠨ ᠤ ᠤᠷᠤᠨ 2024 ᠣᠨ ᠤ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ︽ᠰᠢᠯᠭᠠᠯᠳᠠ ᠦᠨᠡᠯᠡᠯᠳᠡ ᠶᠢ ᠰᠠᠯᠭᠠᠬᠤ︾᠎ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/18
     ᠦᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠷᠭᠡᠨ ᠳᠡᠯᠭᠡᠷ ᠭᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠣᠳᠣᠬᠠᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠰᠢᠯᠭᠠᠯᠳᠠ ᠦᠨᠡᠯᠡᠯᠳᠡ ᠶᠢ ᠰᠠᠯᠭᠠᠬᠤ︾᠎ ᠶᠢ ᠠᠬᠢᠭᠤᠯᠵᠤ᠂ ᠰᠢᠯᠭᠠᠯᠲᠠ ᠶᠢ ᠨᠠᠩ ᠴᠢᠩᠭ᠎ᠠ ᠵᠢᠷᠤᠮᠵᠢᠭᠤᠨ᠂ ᠡᠷᠬᠡ ᠲᠡᠭᠰᠢ ᠲᠥᠪ ᠭᠤᠥᠯᠴᠢ ᠪᠠᠶᠢᠯᠭᠠᠬᠤ ᠪᠠᠷ ᠲᠠᠮᠵᠢᠨ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ︵2023 ᠣᠨ ᠤ 12 ᠳ᠋ᠤᠭᠠᠷ ᠰᠠᠷ᠎ᠠ︶᠎ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠪᠤᠯᠤᠨ᠎ᠠ᠃ ᠣᠳᠣᠬᠠᠨ ᠳᠤ᠂ ᠮᠠᠨ ᠤ ᠣᠷᠣᠨ ᠤ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠰᠢᠯᠭᠠᠯᠲᠠ ᠶᠢᠨ ᠬᠢᠴᠢᠶᠡᠯ ᠲᠥᠷᠥᠯ ᠢ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠪᠠ ᠪᠤᠰᠤᠳ ᠤᠷᠠᠯᠢᠭ ᠤᠨ ᠲᠥᠷᠥᠯ ᠭᠡᠵᠦ 4 ᠲᠥᠷᠥᠯ ᠳᠤ ᠬᠤᠪᠢᠶᠠᠵᠤ ᠪᠣᠶ᠃ ᠡᠭᠦᠨ ᠳᠤ ᠳᠠᠭᠤᠤ ᠬᠥᠭᠵᠢᠮ ᠤᠨ ᠲᠥᠷᠥᠯ ᠤᠨ ᠲᠤᠰᠬᠠᠢ ᠮᠡᠷᠭᠡᠵᠢᠯ ᠳᠤ ᠨᠢᠭᠤᠷᠲᠠᠨ ᠰᠢᠯᠭᠠᠯᠲᠠ ᠲᠣᠬᠢᠷᠠᠭᠤᠯᠵᠤ᠂ ᠰᠢᠯᠭᠠᠭᠤᠯᠤᠭᠴᠢ ᠶᠢᠨ ᠲᠤᠬᠠᠢ ᠶᠢᠨ ᠲᠠᠯᠠᠪᠤᠷ ᠲᠤ ᠲᠣᠭᠯᠠᠯᠲᠠ ᠭᠠᠷᠭᠠᠬᠤ ᠪᠠ ᠳᠠᠭᠤᠯᠠᠬᠤ᠂ ᠰᠢᠯᠭᠠᠷᠠᠭᠤᠯᠬᠤ ᠺᠣᠮᠢᠰ ᠤᠨ ᠲᠤᠬᠠᠢ ᠶᠢᠨ ᠲᠠᠯᠠᠪᠤᠷ ᠲᠤ ᠬᠤᠪᠢ ᠦᠭᠬᠦ ᠬᠡᠯᠪᠡᠷᠢ ᠪᠠᠷ ᠶᠠᠪᠤᠭᠳᠠᠳᠠᠭ᠃ ᠪᠠᠶᠢᠴᠠᠭᠠᠨ ᠰᠤᠳᠤᠯᠤᠯᠲᠠ ᠪᠠ ᠥᠩᠭᠡᠷᠡᠭᠰᠡᠨ ᠤ ᠠᠵᠢᠯ ᠤᠨ ᠳᠤᠰᠬᠠᠯ ᠢ ᠦᠨᠳᠦᠰᠦᠯᠡᠪᠡᠯ᠂ ᠡᠶᠢᠮᠦᠷᠬᠦᠤ ᠨᠢᠭᠤᠷᠲᠠᠨ ᠰᠢᠯᠭᠠᠯᠲᠠ ᠶᠢᠨ ᠬᠡᠯᠪᠡᠷᠢ ᠳᠤ ᠡᠳᠦᠢ ᠲᠡᠳᠦᠢ ᠳᠤᠳᠠᠭᠳᠠᠯ ᠲᠠᠢ ᠳᠠᠯ᠎ᠠ ᠣᠷᠣᠰᠢᠵᠤ ᠪᠠᠶᠢᠨ᠎ᠠ᠄ ᠨᠢᠭᠡ ᠳᠤ ᠬᠤᠪᠢ ᠦᠭᠬᠦ ᠨᠢ ᠬᠥᠮᠥᠨ ᠤ ᠪᠡᠶᠡᠴᠢ ᠲᠠᠯ᠎ᠠ ᠶᠢᠨ ᠬᠠᠷᠰᠢᠯᠠᠯ ᠢ ᠠᠮᠠᠷᠬᠠᠨ ᠭᠥᠷᠳᠡᠨ᠎ᠡ︔ ᠬᠤᠶᠠᠷ ᠲᠤ᠂ ᠨᠢᠭᠤᠷᠲᠠᠨ ᠰᠢᠯᠭᠠᠯᠲᠠ ᠶᠢᠨ ᠳᠤᠬᠢᠷᠠᠭᠤᠯᠤᠯᠳᠠ ᠨᠢ ᠰᠢᠯᠭᠠᠭᠤᠯᠤᠭᠴᠢ ᠳᠤ ᠲᠦᠬᠦᠮ ᠦᠬᠡᠢ ᠪᠠᠶᠢᠳᠠᠯ ᠢ ᠠᠪᠴᠢᠷᠠᠨ᠎ᠠ︔ ᠭᠤᠷᠪᠠ ᠳᠤ ᠰᠢᠯᠭᠠᠯᠳᠠ ᠶᠢ ᠵᠤᠬᠢᠶᠠᠨ ᠪᠠᠶᠢᠭᠤᠯᠬᠤ ᠠᠵᠢᠯ ᠬᠢᠵᠠᠭᠠᠷᠯᠠᠭᠳᠠᠬᠤ ᠬᠦᠴᠦᠨ ᠵᠦᠢᠯ ᠤᠯᠠᠨ ᠪᠠᠶᠢᠳᠠᠭ᠃      ︽ᠲᠤᠬᠠᠢ ᠶᠢᠨ ᠲᠠᠯᠠᠪᠤᠷ ᠲᠤ ᠬᠤᠪᠢ ᠦᠭᠬᠦ︾᠎ ᠶᠢᠨ ᠳᠤᠳᠠᠭᠳᠠᠯ ᠲᠠᠢ ᠳᠠᠯ᠎ᠠ ᠶᠢ ᠪᠦᠲᠦᠮᠵᠢᠲᠡᠶ ᠬᠤᠪᠢᠷᠠᠭᠤᠯᠬᠤ ᠶᠢᠨ ᠲᠥᠯᠥᠭᠡ᠂ ᠥᠷᠭᠡᠨ ᠳᠡᠯᠭᠡᠷ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠡᠮᠵᠢᠨ᠂ ᠮᠠᠨ ᠤ ᠣᠷᠣᠨ ︽ᠰᠢᠯᠭᠠᠯᠳᠠ ᠦᠨᠡᠯᠡᠯᠳᠡ ᠶᠢ ᠰᠠᠯᠭᠠᠬᠤ︾ ᠵᠠᠭᠪᠤᠷ ᠢ ᠬᠡᠷᠡᠭᠵᠢᠭᠦᠯᠬᠦ ᠪᠠᠷ ᠲᠣᠭᠲᠠᠪᠠ᠃ ︽ᠰᠢᠯᠭᠠᠯᠳᠠ ᠦᠨᠡᠯᠡᠯᠳᠡ ᠶᠢ ᠰᠠᠯᠭᠠᠬᠤ︾ ᠵᠠᠭᠪᠤᠷ ᠲᠤ ᠤᠷᠢᠳᠠᠪᠠᠷ ᠡᠯᠰᠡᠵᠦ ᠳᠠᠷᠠᠭ᠎ᠠ ᠨᠢ ᠰᠢᠯᠭᠠᠷᠠᠭᠤᠯᠵᠤ᠂ ᠨᠢᠭᠤᠷᠲᠠᠨ ᠰᠢᠯᠭᠠᠬᠤ ᠲᠤᠬᠠᠢ ᠶᠢᠨ ᠲᠠᠯᠠᠪᠤᠷ ᠲᠤ ᠰᠢᠯᠭᠠᠷᠠᠭᠤᠯᠬᠤ ᠺᠣᠮᠢᠰ ᠤᠨ ᠭᠡᠰᠢᠭᠦᠨ ᠬᠡᠷᠡᠭᠰᠡᠬᠦ ᠦᠭᠡᠢ᠂ ᠡᠯ᠎ᠡ ᠰᠢᠯᠭᠠᠯᠲᠠ ᠶᠢᠨ ᠲᠣᠭᠤᠷᠢᠭ ᠤᠨ ᠬᠢᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠤᠷ ᠭᠠᠷᠭᠠᠵᠤ᠂ ᠰᠢᠯᠭᠠᠭᠤᠯᠤᠭᠴᠢ ᠶᠢᠨ ᠲᠤᠬᠠᠢ ᠶᠢᠨ ᠭᠠᠵᠠᠷ ᠲᠠᠭᠠᠨ ᠰᠢᠯᠭᠠᠯᠲᠠ ᠳᠤ ᠣᠷᠣᠯᠴᠠᠬᠤ ᠬᠡᠷᠡᠭᠴᠡᠭᠡ ᠶᠢ ᠬᠠᠩᠭᠠᠵᠤ ᠪᠣᠯᠣᠨ᠎ᠠ︔ ᠰᠢᠯᠭᠠᠭᠤᠯᠤᠭᠰᠠᠳ ᠪᠠᠶᠢᠷᠢᠯᠠᠭᠤᠯᠤᠭᠰᠠᠨ ᠰᠢᠯᠭᠠᠯᠲᠠ ᠶᠢᠨ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠪᠠᠷ ᠰᠢᠯᠭᠠᠯᠲᠠ ᠬᠢᠵᠦ᠂ ᠪᠥᠬᠦ ᠶᠠᠪᠤᠴᠠ ᠳᠤ ᠲᠠᠭᠤ ᠳᠦᠷᠰᠦ ᠶᠢᠨ ᠰᠢᠩᠭᠡᠭᠡᠯᠲᠡ ᠬᠢᠵᠦ᠂ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠢᠯᠭᠠᠷᠠᠭᠤᠯᠬᠤ ᠺᠣᠮᠢᠰ ᠤᠨ ᠭᠡᠰᠢᠭᠦᠳ ᠢ ᠨᠢᠭᠡᠳᠦᠯᠲᠡᠢ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠲᠠᠯᠠᠪᠤᠷ ᠤᠨ ᠲᠠᠭᠤ ᠳᠦᠷᠰᠦ ᠰᠢᠩᠭᠡᠭᠡᠯᠲᠡ ᠶᠢ ᠦᠨᠳᠦᠰᠦᠯᠡᠨ ᠬᠤᠪᠢ ᠦᠭᠴᠦ᠂ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠩ ᠨᠢᠭᠡᠳᠦᠯᠲᠡᠢ ᠵᠢᠷᠤᠮᠵᠢᠭᠤᠯᠤᠨ᠎ᠠ︔ ᠰᠢᠯᠭᠠᠷᠠᠭᠤᠯᠬᠤ ᠺᠣᠮᠢᠰ ᠤᠨ ᠬᠤᠪᠢ ᠦᠭᠬᠦ ᠠᠴᠠ ᠡᠮᠦᠨ᠎ᠡ ᠲᠤᠬᠠᠢ  ᠎ ᠶᠢᠨ ᠵᠢᠯ ᠤᠨ ᠰᠢᠯᠭᠠᠭᠤᠯᠤᠭᠰᠠᠳ ᠤᠨ ᠪᠦᠬᠦᠶᠢᠯᠡ ᠢᠯᠡᠷᠡᠯ ᠤᠨ ᠪᠠᠶᠢᠳᠠᠯ ᠢ ᠦᠨᠳᠦᠰᠦᠯᠡᠨ ᠬᠤᠪᠢ ᠦᠭᠬᠦ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠵᠤ᠂ ᠰᠢᠯᠭᠠᠯᠲᠠ᠂ ᠬᠤᠪᠢ ᠦᠭᠬᠦ᠂ ᠳᠠᠬᠢᠨ ᠦᠨᠡᠯᠡᠬᠦ᠂ ᠬᠤᠪᠢ ᠢᠢᠨ ᠮᠤᠷᠤᠢ ᠱᠤᠭᠤᠮ ᠢ ᠴᠠᠭ ᠲᠤᠬᠠᠢ ᠳᠤᠨᠢ ᠣᠯᠠᠨ ᠲᠠᠯ᠎ᠠ ᠠᠴᠠ ᠪᠦᠷᠢᠳᠬᠡᠨ ᠵᠠᠳᠠᠯᠵᠤ᠂ ᠬᠤᠪᠢ ᠦᠭᠬᠦ ᠠᠬᠢᠴᠠ ᠪᠠ ᠶᠠᠰᠤ ᠴᠢᠨᠠᠷ ᠢ ᠨᠡᠩ ᠪᠦᠲᠦᠮᠵᠢᠲᠡᠶ ᠪᠠᠷ ᠡᠵᠡᠮᠳᠡᠵᠦ ᠪᠣᠯᠣᠨ᠎ᠠ᠃ ᠰᠢᠯᠭᠠᠯᠲᠠ ᠪᠠ ᠬᠤᠪᠢ ᠦᠭᠬᠦ ᠴᠠᠭ ᠢ ᠨᠠᠩ ᠠᠮᠢᠳᠤᠯᠢᠭ ᠲᠣᠬᠢᠷᠠᠭᠤᠯᠵᠤ ᠂ ᠰᠢᠯᠭᠠᠭᠤᠯᠤᠭᠰᠠᠳ ᠤᠨ ᠬᠢᠴᠢᠶᠡᠯ ᠰᠤᠷᠤᠯᠭ᠎ᠠ ᠳᠤ ᠨᠦᠯᠦᠬᠡ ᠦᠵᠡᠬᠦᠯᠬᠦ ᠶᠢ ᠪᠠᠭᠠᠰᠬᠠᠵᠤ᠂ ᠣᠷᠣᠨ ᠤ ᠭᠠᠳᠠᠨᠠᠬᠢ ᠰᠢᠯᠭᠠᠷᠠᠭᠤᠯᠬᠤ ᠺᠣᠮᠢᠰ ᠤᠨ ᠭᠡᠰᠢᠭᠦᠨ ᠢ ᠤᠷᠢᠬᠤ ᠳᠤ ᠪᠤᠰᠤᠳ ᠮᠤᠵᠢ ᠣᠷᠣᠨ ᠤ ᠬᠢ ᠠᠴᠠ ᠴᠠᠭ ᠵᠥᠷᠢᠭᠦᠯᠵᠦ ᠪᠤᠯᠬᠤ ᠲᠤᠯᠠ ᠰᠢᠯᠢᠨ ᠤᠷᠢᠬᠤ ᠳᠠᠷᠤᠯᠲᠠ ᠴᠤ ᠪᠠᠭ᠎ᠠ ᠪᠤᠯᠤᠨ᠎ᠠ︔ ᠰᠢᠯᠭᠠᠭᠤᠯᠤᠭᠴᠢ ᠪᠠ ᠰᠢᠯᠭᠠᠷᠠᠭᠤᠯᠬᠤ ᠺᠤᠮᠢᠰ ᠤᠨ ᠬᠡᠰᠢᠬᠦᠨ ᠪᠦᠬᠦ ᠶᠠᠪᠤᠴᠠ ᠳᠤ ᠬᠠᠷᠢᠯᠴᠠᠬᠤ ᠦᠬᠡᠢ ᠪᠣᠯᠬᠤᠷ ᠲᠣᠭᠲᠠᠴᠠ ᠶᠢᠨ ᠲᠠᠯ᠎ᠠ ᠪᠠᠷ ᠬᠦᠮᠦᠰ ᠤᠨ ᠵᠣᠷᠢᠭᠤᠳᠠ ᠭᠠᠷ ᠲᠦᠷᠦᠭᠦ ᠶᠢ ᠶᠡᠭᠡ ᠬᠡᠮᠵᠢᠶ᠎ᠡ ᠪᠠᠷ ᠰᠡᠷᠭᠡᠶᠢᠯᠡᠵᠦ᠂ ᠰᠢᠯᠭᠠᠯᠲᠠ ᠶᠢᠨ ᠡᠷᠬᠡ ᠲᠡᠭᠰᠢ ᠲᠥᠪ ᠭᠤᠥᠯᠴᠢ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ ᠴᠢᠳᠠᠨ᠎ᠠ᠃ ᠣᠳᠣᠬᠠᠨ ᠳᠤ᠂ ᠾᠧᠨᠠᠨ᠂ ᠭᠤᠸᠠᠩᠰᠢ᠂ ᠵᠢᠶᠠᠩᠰᠤ᠂ ᠶᠦᠨᠨᠠᠨ ᠵᠡᠷᠭᠡ ᠮᠤᠵᠢ ᠣᠷᠣᠨ ᠨᠢᠭᠡᠨᠲᠡ ᠬᠡᠰᠡᠭ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠨᠢᠭᠤᠷᠲᠠᠨ ᠰᠢᠯᠭᠠᠯᠲᠠ ᠳᠤ ᠡᠨᠡᠬᠦ ᠵᠠᠭᠪᠤᠷ ᠢ ᠬᠡᠷᠡᠭᠯᠡᠵᠦ ᠪᠠᠶᠢᠭ᠎ᠠ ᠶᠤᠮ᠃ ︽ᠰᠢᠯᠭᠠᠯᠳᠠ ᠦᠨᠡᠯᠡᠯᠳᠡ ᠶᠢ ᠰᠠᠯᠭᠠᠬᠤ︾ ᠵᠠᠭᠪᠤᠷ ᠢ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠡᠨᠡ ᠵᠢᠯ ᠤᠨ 3 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ 2024 ᠣᠨ ᠠᠴᠠ ᠡᠬᠢᠯᠡᠨ ︽ᠥᠪᠡᠷᠲᠡᠭᠡᠨ ᠵᠠᠰᠠᠬᠤ ᠣᠷᠣᠨ ᠳᠠᠭᠤᠤ ᠬᠥᠭᠵᠢᠮ᠂ ᠪᠥᠵᠢᠭ᠂ ᠲᠣᠭᠯᠠᠯᠲᠠ ︵ᠤᠳᠤᠷᠢᠳᠤᠭᠠᠴᠢ︶᠂ ᠨᠡᠪᠲᠡᠷᠡᠭᠦᠯᠦᠭᠴᠢ ᠪᠠ ᠬᠥᠲᠥᠯᠥᠭᠴᠢ᠂ ᠤᠷᠠᠨ ᠵᠢᠷᠤᠭ ᠪᠠ ᠵᠢᠷᠤᠭ ᠲᠥᠯᠥᠪᠯᠡᠭᠡ᠂ ᠤᠷᠠᠨ ᠪᠢᠴᠢᠯᠭᠡ ᠵᠡᠷᠭᠡ 6 ᠲᠥᠷᠥᠯ ᠳᠤ ᠨᠢᠬᠡᠳᠦᠯᠳᠡᠢ ᠰᠢᠯᠭᠠᠯᠳᠠ ᠲᠣᠬᠢᠷᠠᠭᠤᠯᠤᠨ᠎ᠠ︾ ᠭᠡᠵᠦ ᠲᠣᠭᠲᠠᠭᠠᠪᠠ︔ ︽ᠰᠢᠯᠭᠠᠯᠲᠠ ᠶᠢᠨ ᠬᠤᠪᠢ ᠦᠭᠬᠦ ᠪᠣᠭᠤᠮᠲᠠ ᠶᠢ ᠴᠢᠩᠭ᠎ᠠ ᠠᠳᠬᠤᠵᠤ᠂ ᠲᠤᠰᠬᠠᠢ ᠮᠡᠷᠭᠡᠵᠢᠯ ᠤᠨ ᠰᠢᠯᠭᠠᠯᠲᠠ ᠶᠢᠨ ᠬᠤᠪᠢ ᠦᠭᠬᠦ ᠪᠠᠷᠢᠮᠵᠢᠶ᠎ᠠ ᠶᠢ ᠲᠡᠭᠦᠯᠳᠡᠷᠵᠢᠭᠦᠯᠦᠨ᠂ ︿ᠰᠢᠯᠭᠠᠯᠳᠠ ᠦᠨᠡᠯᠡᠯᠳᠡ ᠶᠢ ᠰᠠᠯᠭᠠᠬᠤ﹀᠂ ᠰᠢᠯᠭᠠᠷᠠᠭᠤᠯᠬᠤ ᠺᠣᠮᠢᠰ ᠠᠴᠠ ᠲᠤᠬᠠᠢ ᠶᠢᠨ ᠲᠠᠯᠠᠪᠤᠷ ᠲᠤ ᠪᠡᠶ᠎ᠡ ᠪᠠᠨ ᠳᠠᠭᠠᠭᠠᠵᠤ ᠬᠤᠪᠢ ᠥᠭᠬᠦ ᠵᠡᠷᠭᠡ ᠠᠷᠭ᠎ᠠ ᠮᠠᠶ᠋ᠢᠭ ᠪᠠ ᠪᠥᠬᠦ ᠶᠠᠪᠤᠴᠠ ᠳᠤ ᠲᠠᠭᠤ ᠳᠦᠷᠰᠦ ᠶᠢᠨ ᠰᠢᠩᠬᠡᠬᠡᠯᠳᠡ ᠬᠢᠬᠦ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠬᠤᠪᠢ ᠦᠭᠬᠦ ᠡᠷᠬᠡ ᠲᠡᠭᠰᠢ ᠲᠥᠪ ᠭᠤᠥᠯᠴᠢ ᠶᠢ ᠦᠨᠡᠨ ᠬᠦ ᠪᠠᠲᠤᠯᠠᠬᠤ︾ ᠳᠡᠰᠢ ᠰᠠᠶᠢᠵᠢᠷᠠᠭᠤᠯᠬᠤ ᠶᠢ ᠲᠣᠳᠣᠷᠬᠠᠶᠢᠯᠠᠪᠠ᠃ ᠪᠠᠰᠠ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠡᠨᠡ ᠵᠢᠯ ᠤᠨ 5 ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠷᠠᠯᠢᠭ ᠤᠨ ᠲᠥᠷᠥᠯ ᠤᠨ ᠨᠢᠭᠡᠳᠦᠯᠲᠡᠢ ᠰᠢᠯᠭᠠᠯᠲᠠ ᠶᠢᠨ ︿ᠡᠭᠦᠯᠡᠨ ᠤᠷᠠᠯᠢᠭ ᠤᠨ ᠰᠢᠯᠭᠠᠯᠲᠠ﹀᠎ ᠶᠢᠨ ᠲᠤᠷᠰᠢᠯᠲᠠ ᠶᠢᠨ ᠠᠵᠢᠯ ᠤᠨ ᠲᠥᠰᠥᠯ︾᠎ ᠢ ᠲᠣᠭᠲᠠᠭᠠᠵᠦ᠂ ᠰᠤᠷᠭᠠᠨ ᠬᠥᠮᠦᠵᠢᠯ ᠤᠨ ᠶᠠᠮᠤᠨ ᠳᠤ ᠮᠡᠳᠡᠭᠦᠯᠦᠨ᠂ 2024 ᠣᠨ ᠳᠤ ᠤᠷᠠᠯᠢᠭ ᠤᠨ ᠲᠥᠷᠥᠯ ᠤᠨ ᠨᠢᠭᠡᠳᠦᠯᠲᠡᠢ ᠰᠢᠯᠭᠠᠯᠲᠠ ᠶᠢᠨ ᠳᠠᠭᠤᠤ ᠬᠥᠭᠵᠢᠮ᠂ ᠪᠥᠵᠢᠭ᠂ ᠨᠡᠪᠲᠡᠷᠡᠭᠦᠯᠦᠭᠴᠢ ᠪᠠ ᠬᠥᠲᠥᠯᠥᠭᠴᠢ ᠶᠢᠨ ᠤᠷᠠᠯᠢᠭ᠂ ᠳᠤᠭᠯᠠᠯᠳᠠ ︵ᠤᠳᠤᠷᠢᠳᠤᠭᠠᠴᠢ︶ ᠵᠡᠷᠭᠡ 4 ᠲᠥᠷᠥᠯ ᠤᠨ ᠨᠢᠭᠤᠷᠲᠠᠨ ᠰᠢᠯᠭᠠᠯᠲᠠ ᠳᠤ ︽ᠰᠢᠯᠭᠠᠯᠳᠠ ᠦᠨᠡᠯᠡᠯᠳᠡ ᠶᠢ ᠰᠠᠯᠭᠠᠬᠤ ︾ ᠵᠠᠭᠪᠤᠷ ᠢ ᠬᠡᠷᠡᠭᠯᠡᠬᠦ ᠪᠠᠷ ᠲᠣᠭᠲᠠᠪᠠ᠃      ᠰᠢᠨ᠎ᠡ ᠵᠠᠭᠪᠤᠷ ᠢ ᠤᠷᠤᠭᠰᠢᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ ᠣᠷᠣᠨ ᠲᠡᠷᠢᠭᠦᠨ ᠤ ᠮᠤᠵᠢ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠪᠠᠷᠢᠮᠵᠢᠶᠠᠵᠢᠭᠰᠠᠨ ᠨᠢᠭᠤᠷᠲᠠᠨ ᠰᠢᠯᠭᠠᠬᠤ ᠰᠢᠯᠭᠠᠯᠲᠠ ᠶᠢᠨ ᠲᠠᠯᠠᠪᠠᠶ ᠶᠢᠨ ᠪᠠᠶᠢᠭᠤᠯᠤᠯᠲᠠ ᠪᠠ ᠰᠢᠯᠭᠠᠯᠲᠠ ᠶᠢᠨ ᠬᠠᠮᠢᠶᠠᠷᠤᠯᠲᠠ ᠬᠢᠭᠡᠳ ᠪᠣᠯᠪᠠᠰᠤᠷᠠᠯ ᠢ ᠭᠤᠣᠯᠳᠠᠯᠭ᠎ᠠ ᠲᠠᠢ ᠠᠬᠢᠭᠤᠯᠪᠠ᠃ ᠪᠠᠷᠢᠮᠵᠢᠶᠠᠵᠢᠭᠰᠠᠨ ᠨᠢᠭᠤᠷᠲᠠᠨ ᠰᠢᠯᠭᠠᠬᠤ ᠰᠢᠯᠭᠠᠯᠲᠠ ᠶᠢᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠯ᠎ᠡ ᠭᠠᠵᠠᠷ ᠤᠨ ᠰᠢᠯᠭᠠᠭᠤᠯᠤᠭᠰᠠᠳ ᠤᠨ ᠬᠡᠪᠴᠢᠶ᠎ᠡ ᠶᠢ ᠦᠨᠳᠦᠰᠦᠯᠡᠨ᠂ ᠪᠥᠬᠦ ᠣᠷᠣᠨ ᠤ 12 ᠠᠶᠢᠮᠠᠭ ᠬᠤᠲᠠ ᠳᠤ ᠨᠡᠶᠢᠲᠡ 36 ᠪᠠᠶᠢᠭᠤᠯᠤᠨ᠎ᠠ᠃ ᠤᠳᠤ ᠲᠤᠰ ᠠᠵᠢᠯ ᠶᠠᠭ ᠯᠠᠪᠳᠠᠭᠤᠨ ᠢᠶᠠᠷ ᠶᠠᠪᠤᠬᠳᠠᠵᠤ ᠪᠠᠶᠢᠨ᠎ᠠ᠃ ᠪᠠᠶᠢᠭᠤᠯᠬᠤ ᠶᠠᠪᠤᠴᠠ ᠳᠤ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ᠂ ᠨᠢᠭᠡᠳᠦᠯᠲᠡᠢ ᠪᠦᠲᠦᠭᠡᠨ ᠪᠠᠶᠢᠭᠤᠯᠬᠤ ᠶᠢ ᠴᠢᠩᠭ᠎ᠠ ᠬᠡᠷᠡᠭᠵᠢᠭᠦᠯᠦᠨ᠎ᠡ᠃ ᠮᠡᠷᠭᠡᠵᠢᠯ ᠤᠨ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠲᠥᠰᠥᠯ ᠳᠤᠭᠳᠠᠭᠠᠵᠤ᠂ ᠲᠤᠰᠬᠠᠢ ᠪᠦᠯᠬᠦᠮ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ᠂ ᠲᠠᠭᠤ ᠳᠦᠷᠰᠦ ᠰᠢᠩᠭᠡᠭᠡᠯᠲᠡ ᠬᠢᠬᠦ ᠪᠠ ᠲᠤᠭ᠎ᠠ ᠪᠠᠷᠢᠮᠲᠠ ᠶᠢᠨ ᠬᠠᠳᠠᠭᠠᠯᠠᠯᠲᠠ ᠶᠢᠨ ᠠᠮᠤᠷ ᠲᠦᠪᠰᠢᠨ᠂ ᠬᠤᠪᠢ ᠦᠭᠬᠦ ᠬᠠᠮᠢᠶᠠᠷᠤᠯᠲᠠ ᠪᠠ ᠦᠷ᠎ᠡ ᠳ᠋ᠦᠩ ᠤᠨ ᠬᠡᠷᠡᠭᠯᠡᠯᠲᠡ ᠵᠡᠷᠭᠡ ᠳᠥᠷᠪᠡᠨ ᠲᠠᠯ᠎ᠠ ᠪᠠᠷ ᠰᠢᠰᠲ᠋ᠧᠮ ᠤᠨ ᠪᠣᠷᠣ ᠲᠥᠯᠥᠪ ᠤᠨ ᠵᠢᠷᠤᠭ ᠲᠥᠯᠥᠪᠯᠡᠭᠡ᠂ ᠴᠢᠳᠠᠮᠵᠢ ᠶᠢᠨ ᠨᠡᠭᠡᠭᠡᠯᠲᠡ ᠪᠠ ᠶᠠᠪᠤᠴᠠ ᠶᠢ ᠲᠣᠭᠲᠠᠭᠠᠬᠤ ᠶᠢ ᠪᠡᠶᠡᠯᠡᠭᠦᠯᠦᠨ᠎ᠡ︔ ᠲᠤᠰᠠᠭᠠᠷ ᠲᠤᠰᠬᠠᠢ ᠱᠤᠭᠤᠮ ᠤᠨ ᠰᠦᠯᠵᠢᠶ᠎ᠡ ᠶᠢ ᠪᠠᠶᠢᠭᠤᠯᠬᠤ᠂ ᠬᠤᠣᠰ ᠵᠠᠮᠲᠤ ᠳᠦᠷᠰᠦ ᠰᠢᠩᠭᠡᠭᠡᠯᠲᠡ ᠶᠢ ᠬᠠᠳᠠᠭᠠᠯᠠᠬᠤ᠂ ᠲᠤᠭ᠎ᠠ ᠪᠠᠷᠢᠮᠲᠠ ᠶᠢ ᠭᠤᠷᠪᠠᠨ ᠳᠠᠪᠬᠤᠷ ᠨᠥᠭᠡᠴᠡᠯᠡᠬᠦ᠂ ᠲᠠᠭᠤ ᠳᠦᠷᠰᠦ ᠰᠢᠩᠭᠡᠭᠡᠯᠲᠡ ᠶᠢ ᠠᠦ᠋ᠲ᠋ᠣ᠋ ᠨᠠᠶᠢᠷᠠᠭᠤᠯᠬᠤ᠂ ᠲᠤᠭ᠎ᠠ ᠪᠠᠷᠢᠮᠲᠠ ᠳᠤ ᠨᠢᠭᠤᠴᠠ ᠨᠤᠮᠧᠷ ᠦᠭᠴᠦ ᠥᠭᠡᠷᠡᠲᠦᠬᠦᠯᠦᠨ ᠵᠠᠰᠠᠬᠤ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠰᠢᠰᠲ᠋ᠧᠮ ᠢ ᠬᠡᠷᠡᠭᠯᠡᠬᠦ ᠠᠬᠤᠢ ᠪᠠᠶᠢᠳᠠᠯ ᠢ ᠭᠦᠢᠴᠡᠳ ᠪᠣᠳᠣᠯᠬᠢᠯᠠᠨ᠂ ᠡᠯ᠎ᠡ ᠵᠦᠢᠯ ᠤᠨ ᠰᠤᠷᠪᠤᠯᠵᠢᠯᠠᠨ ᠰᠢᠩᠭᠡᠭᠡᠬᠦ ᠲᠥᠬᠦᠭᠡᠷᠦᠮᠵᠢ ᠪᠠ ᠬᠡᠷᠡᠭᠯᠡᠬᠦ ᠣᠷᠴᠢᠨ ᠲᠣᠭᠤᠷᠢᠨ ᠢ ᠳᠡᠮᠵᠢᠵᠦ᠂ ᠡᠯ᠎ᠡ ᠲᠥᠷᠥᠯ ᠤᠨ ᠬᠠᠲᠠᠭᠤ ᠲᠤᠨᠤᠭ ᠤᠨ ᠭᠦᠢᠴᠡᠳᠬᠡᠯ ᠲᠤᠭ᠎ᠠ ᠶᠢᠨ ᠪᠣᠯᠵᠣᠯᠲᠤ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠪᠠᠭᠲᠠᠭᠠᠮᠵᠢᠲᠤ ᠴᠢᠨᠠᠷ᠂ ᠠᠮᠤᠷ ᠲᠦᠪᠰᠢᠨ ᠴᠢᠨᠠᠷ ᠵᠢᠴᠢ ᠠᠵᠢᠯᠯᠠᠭᠤᠯᠬᠤ ᠳᠤ ᠲᠥᠬᠦᠮ ᠪᠠᠶᠢᠬᠤ ᠶᠢ ᠦᠨᠡᠨᠬᠦ ᠪᠠᠳᠤᠯᠠᠨ᠎ᠠ᠃ ᠰᠢᠯᠭᠠᠯᠲᠠ ᠶᠢᠨ ᠬᠠᠮᠢᠶᠠᠷᠤᠯᠲᠠ ᠬᠢᠭᠡᠳ ᠪᠣᠯᠪᠠᠰᠤᠷᠠᠯ ᠤᠨ ᠲᠠᠯ᠎ᠠ ᠪᠠᠷ᠂ ᠡᠯ᠎ᠡ ᠲᠥᠷᠥᠯ ᠤᠨ ᠳᠤᠭᠤᠶᠢᠯᠠᠩ ᠤᠨ ᠰᠢᠯᠭᠠᠯᠲᠠ ᠶᠢᠨ ᠲᠥᠰᠥᠯ ᠢ ᠦᠷᠭᠦᠯᠵᠢᠯᠡᠨ ᠲᠡᠭᠦᠯᠳᠡᠷᠵᠢᠭᠦᠯᠵᠦ᠂ ︽ᠰᠢᠯᠭᠠᠯᠳᠠ ᠦᠨᠡᠯᠡᠯᠳᠡ ᠶᠢ ᠰᠠᠯᠭᠠᠬᠤ︾ ᠵᠠᠭᠪᠤᠷ ᠤᠨ ᠣᠨᠴᠠᠯᠢᠭ ᠲᠠᠢ ᠤᠶᠠᠯᠳᠤᠭᠤᠯᠤᠨ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠡᠰ ᠳᠠᠷᠠᠭᠠᠯᠠᠯ ᠳᠤ ᠲᠣᠬᠢᠷᠠᠭᠤᠯᠤᠯᠲᠠ ᠬᠢᠵᠦ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠳᠤ ᠰᠢᠨ᠎ᠡ ᠪᠠᠷ ᠵᠠᠰᠠᠪᠤᠷᠢ ᠣᠷᠣᠭᠤᠯᠤᠨ᠎ᠠ︔ ᠰᠢᠯᠭᠠᠭᠤᠯᠤᠭᠰᠠᠳ ᠤᠨ ᠰᠢᠯᠭᠠᠯᠳᠠ ᠳᠤ ᠤᠷᠤᠯᠴᠠᠬᠤ ᠯᠠᠪᠯᠠᠯᠲᠠ ᠶᠢᠨ ᠴᠤᠪᠤᠷᠠᠯ ᠪᠠ ᠠᠩᠬᠠᠷᠬᠤ ᠵᠦᠢᠯ ᠤᠨ ᠪᠣᠯᠪᠠᠰᠤᠷᠠᠯ ᠤᠨ ᠬᠢᠴᠢᠶᠡᠯ ᠢ ᠵᠣᠬᠢᠶᠠᠨ ᠦᠢᠯᠡᠳᠴᠦ᠂ ᠰᠢᠯᠭᠠᠭᠤᠯᠤᠭᠴᠢ ᠶᠢᠨ ᠰᠢᠯᠭᠠᠯᠲᠠ ᠶᠢᠨ ᠱᠠᠭᠠᠷᠳᠠᠯᠭ᠎ᠠ ᠶᠢ ᠣᠶᠢᠯᠠᠭᠠᠬᠤ ᠶᠢ ᠦᠨᠡᠨ ᠬᠦ ᠪᠠᠲᠤᠯᠠᠨ᠎ᠠ︔ ᠣᠯᠠᠨ ᠡᠭᠡᠯᠵᠢ ᠶᠢᠨ ᠰᠢᠯᠭᠠᠯᠲᠠ ᠶᠢᠨ ᠶᠠᠪᠤᠳᠠᠯ ᠵᠢᠴᠢ ᠬᠤᠪᠢ ᠲᠣᠭᠲᠠᠭᠠᠨ ᠠᠵᠢᠯᠯᠠᠭᠤᠯᠬᠤ ᠪᠣᠯᠪᠠᠰᠤᠷᠠᠯ ᠪᠠ ᠪᠥᠬᠦ ᠪᠣᠳᠠᠲᠤ ᠶᠠᠪᠤᠴᠠ ᠶᠢᠨ ᠳᠠᠭᠤᠷᠢᠶᠠᠮᠠᠯ ᠰᠣᠷᠢᠯᠲᠠ ᠶᠢ ᠥᠷᠨᠢᠭᠦᠯᠵᠦ᠂ ᠰᠢᠰᠲ᠋ᠧᠮ ᠤᠨ ᠲᠣᠭᠲᠠᠭᠤᠨ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠯᠲᠠ ᠶᠢᠨ ᠠᠵᠢᠯᠲᠠᠨ ᠪᠠ ᠰᠢᠯᠭᠠᠨ ᠦᠨᠡᠯᠡᠯᠳᠡ ᠶᠢᠨ ᠠᠵᠢᠯᠲᠠᠨ ᠤ ᠰᠢᠰᠲ᠋ᠧᠮ ᠢ ᠪᠣᠯᠪᠠᠰᠤᠷᠠᠩᠭᠤᠢ ᠬᠡᠷᠡᠭᠯᠡᠬᠦ ᠶᠢ ᠦᠨᠡᠨᠬᠦ ᠪᠠᠳᠤᠯᠠᠨ᠎ᠠ᠃ ᠡᠯ᠎ᠡ ᠵᠦᠢᠯ ᠤᠨ ᠠᠵᠢᠯ ᠢ ᠡᠨᠡ ᠵᠢᠯ ᠤᠨ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ᠂ ᠲᠤᠬᠠᠢ ᠶᠢᠨ ᠦᠶ᠎ᠡ ᠳᠤ ᠪᠥᠬᠦ ᠣᠷᠣᠨ ᠤ ᠡᠯ᠎ᠡ ᠭᠠᠵᠠᠷ ᠤᠨ ᠨᠢᠭᠡᠳᠦᠯᠲᠡᠢ ᠰᠢᠯᠭᠠᠯᠲᠠ ᠶᠢᠨ ᠳᠦᠷᠢᠮ᠂ ᠨᠢᠭᠡᠳᠦᠯᠲᠡᠢ ᠰᠢᠯᠭᠠᠯᠲᠠ ᠶᠢᠨ ᠨᠥᠬᠦᠴᠡᠯ᠂ ᠨᠢᠭᠡᠳᠦᠯᠲᠡᠢ ᠰᠢᠩᠭᠡᠬᠡᠨ ᠦᠢᠯᠡᠳᠬᠦ ᠣᠷᠴᠢᠨ᠂ ᠨᠢᠭᠡᠳᠦᠯᠲᠡᠢ ᠰᠢᠩᠭᠡᠬᠡᠨ ᠦᠢᠯᠡᠳᠬᠦ ᠲᠠᠰ ᠳᠠᠷᠠᠭᠠᠯᠠᠯ᠂ ᠨᠢᠭᠡᠳᠦᠯᠲᠡᠢ ᠸᠢᠳᠢᠣ᠋ ᠶᠢᠨ ᠪᠠᠷᠢᠮᠵᠢᠶ᠎ᠠ᠂ ᠨᠢᠭᠡᠳᠦᠯᠲᠡᠢ ᠬᠥᠲᠥᠯᠥᠨ ᠵᠢᠯᠤᠭᠤᠳᠬᠤ ᠬᠡᠯᠡᠯᠭᠡ᠂ ᠲᠦᠪᠯᠡᠷᠡᠬᠦᠯᠦᠨ ᠨᠢᠭᠡᠳᠦᠯᠲᠡᠢ ᠬᠤᠪᠢ ᠦᠭᠬᠦ ᠵᠡᠷᠭᠡ ᠶᠢ ᠪᠡᠶᠡᠯᠡᠭᠦᠯᠵᠦ᠂ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ︵2023 ᠣᠨ ᠤ 12 ᠳ᠋ᠤᠭᠠᠷ ᠰᠠᠷ᠎ᠠ︶᠎ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号