ᠳᠤᠷᠭᠠᠨ ᠰᠢᠳᠬᠡᠬᠦ ᠨᠢ ᠨᠡᠩ ᠰᠠᠶᠢᠨ ᠲᠠᠪᠰᠢᠯᠳᠠ ᠶᠢᠨ ᠲᠦᠯᠦᠭᠡ
ᠨᠡᠶᠢᠲᠡᠯᠡᠭᠰᠡᠨ ᠴᠠᠭ᠄
2023/10/18
     ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠭ ᠵᠠᠬᠢᠷᠭᠠᠨ ᠤ ᠰᠢᠳᠬᠡᠯ ᠤᠨ ᠲᠦᠷ ᠬᠡᠷᠡᠭᠵᠢᠭᠦᠯᠬᠦ ᠠᠷᠭ᠎ᠠ︾᠎ ᠶᠢ ᠨᠡᠶᠢᠳᠡᠯᠡᠵᠦ ᠤᠳᠠᠯ ᠦᠬᠡᠢ ᠬᠡᠷᠡᠭᠵᠢᠬᠦᠯᠬᠦ ᠪᠠᠷ ᠪᠤᠢ᠃ ᠡᠨᠡ ᠨᠢ ᠮᠠᠨ ᠤ ᠤᠯᠤᠰ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠬᠠᠥᠯᠢᠵᠢᠯ ᠤᠨ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠡᠭᠦᠨ ᠤ ᠤᠯᠠᠮ ᠠᠴᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠰᠢᠳᠬᠡᠯ ᠳᠤ ᠦᠨᠳᠦᠰᠦᠯᠡᠯ ᠲᠠᠢ ᠪᠤᠯᠵᠤ᠂ ︽ᠬᠤᠶᠠᠷ ᠢ ᠬᠦᠩᠬᠡᠷᠡᠬᠦᠯᠬᠦ︾ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠳᠤ ᠠᠰᠢᠭᠲᠠᠢ᠃      ︽ᠬᠤᠶᠠᠷ ᠢ ᠬᠦᠩᠬᠡᠷᠡᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠬᠤᠶᠠᠷ ᠵᠢᠯ ᠤᠨ ᠲᠤᠷᠰᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠣᠯᠪᠠᠴᠤ ᠵᠠᠷᠢᠮ ᠠᠰᠠᠭᠤᠳᠠᠯ ᠨᠢ ᠮᠥᠨ ᠬᠦ ᠣᠯᠠᠨ ᠲᠦᠮᠡᠨ ᠤ ︽ᠬᠤᠶᠠᠷ ᠢ ᠬᠦᠩᠬᠡᠷᠡᠬᠦᠯᠬᠦ︾ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠨᠥᠯᠥᠭᠡᠯᠡᠵᠦ ᠪᠠᠶᠢᠳᠠᠭ᠃ ᠵᠢᠱᠢᠶᠡᠯᠡᠪᠡᠯ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠳᠤᠷ᠎ᠠ ᠪᠠᠷ ᠡᠷᠭᠢᠯᠡᠵᠦ ᠪᠠᠶᠢᠬᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠯᠳᠠ ᠤᠨᠳᠤᠤᠰᠢᠯ ᠵᠡᠷᠬᠡ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠣᠨᠴᠠ ᠵᠠᠷᠢᠮ ᠪᠠᠶᠢᠭᠤᠯᠤᠮᠵᠢ ︽ᠵᠣᠭᠤᠰ ᠢ ᠨᠢ ᠬᠤᠷᠢᠶᠠᠵᠤ ᠳᠤᠳᠠᠭᠠᠬᠤ︾ ᠵᠡᠷᠬᠡ ᠠᠰᠠᠭᠤᠳᠠᠯ ᠮᠥᠨ ᠬᠦ ᠬᠠᠶᠠ ᠡᠭᠦᠰᠴᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠮᠥᠨ ᠬᠦ ᠪᠠᠶᠢᠨ ᠳᠠᠬᠢᠨ ᠬᠤᠬᠢᠷᠠᠯ ᠳᠤ ᠤᠴᠠᠷᠠᠵᠤ ᠪᠠᠶᠢᠬᠤ ᠶᠤᠮ᠃ ᠡᠳᠡᠭᠡᠷ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠭᠰᠡᠨ ᠪᠣᠯᠪᠠᠴᠤ ᠲᠣᠳᠣᠷᠬᠠᠢ ᠰᠢᠳᠬᠡᠬᠦ ᠠᠷᠭ᠎ᠠ ᠦᠬᠡᠢ ᠪᠠᠶᠢᠵᠤ᠂ ᠣᠯᠠᠩᠬᠢ ᠶᠢᠨ ᠰᠢᠳᠬᠡᠬᠦ ᠡᠷᠴᠢᠮ ᠨᠢ ᠰᠤᠯᠠ᠂ ᠰᠡᠷᠡᠮᠵᠢᠯᠡᠭᠦᠯᠬᠦ ᠦᠷ᠎ᠡ ᠳ᠋ᠦᠩ ᠨᠢ ᠬᠦᠷᠦᠯᠴᠡᠬᠦ ᠦᠭᠡᠢ ᠪᠠᠶᠢᠳᠠᠭ᠃ ᠡᠶᠢᠮᠦ ᠠᠴᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠰᠢᠳᠬᠡᠨ ᠲᠣᠷᠭᠠᠬᠤ ᠠᠷᠭ᠎ᠠ ᠶᠢ ᠲᠦᠷᠭᠡᠬᠡᠨ ᠪᠠᠶᠢᠭᠤᠯᠤᠨ ᠪᠦᠷᠢᠨᠰᠢᠭᠦᠯᠪᠡᠯ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ᠂ ᠬᠠᠤᠯᠢ ᠬᠡᠷᠡᠭᠵᠢᠭᠦᠯᠬᠦ ᠡᠷᠬᠡ ᠶᠢᠨ ᠬᠢᠵᠠᠭᠠᠷ᠂ ᠬᠠᠤᠯᠢ ᠬᠡᠷᠡᠭᠵᠢᠭᠦᠯᠬᠦ ᠦᠨᠳᠦᠰᠦᠯᠡᠯ ᠲᠠᠢ ᠪᠤᠯᠵᠤ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠡᠷᠬᠢᠯᠡᠭᠰᠡᠳ ᠤᠨ ᠬᠠᠤᠯᠢ ᠠᠴᠠ ᠵᠥᠷᠢᠴᠡᠭᠰᠡᠳ ᠢ ᠦᠨ᠎ᠡ ᠲᠥᠯᠥᠪᠦᠷᠢ ᠭᠠᠷᠭᠠᠯᠭᠠᠵᠤ᠂ ᠳᠦᠷᠢᠮ ᠲᠣᠭᠳᠠᠭᠠᠯ ᠳᠤ ᠨᠡᠶᠢᠴᠡᠭᠰᠡᠳ ᠢ ᠬᠠᠮᠠᠭᠠᠯᠠᠵᠤ ᠪᠤᠯᠤᠨ᠎ᠠ᠃      ︽ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠵᠠᠰᠠᠭ ᠵᠠᠬᠢᠷᠭᠠᠨ ᠤ ᠰᠢᠳᠬᠡᠯ ᠤᠨ ᠲᠦᠷ ᠬᠡᠷᠡᠭᠵᠢᠭᠦᠯᠬᠦ ᠠᠷᠭ᠎ᠠ︾᠎ ᠶᠢᠨ ᠠᠷᠪᠠᠨ ᠳᠣᠯᠣᠳᠤᠭᠠᠷ ᠵᠦᠢᠯ ᠳᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠬᠢᠨᠠᠨ ᠵᠥᠪᠰᠢᠶᠡᠷᠡᠯ ᠦᠭᠡᠢ᠂ ᠳᠤᠷ᠎ᠠ ᠪᠠᠷ ᠢᠶᠠᠨ ᠡᠷᠭᠢᠯᠡᠭᠰᠡᠨ ᠪᠤᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠣᠭᠰᠣᠭᠠᠵᠤ᠂ ᠬᠤᠷᠢᠶᠠᠭᠰᠠᠨ ᠰᠦᠢᠳᠬᠡᠯ ᠢ ᠨᠢ ᠪᠤᠴᠠᠭᠠᠯᠭᠠᠬᠤ ᠶᠢᠨ ᠬᠠᠮᠲᠤ ᠠᠳᠠᠯᠢ ᠪᠤᠰᠤ ᠬᠡᠮᠵᠢᠶᠡᠨ ᠤ ᠵᠣᠭᠤᠰ ᠢᠶᠠᠷ ᠲᠣᠷᠭᠠᠨ᠎ᠠ︔ ᠠᠷᠪᠠᠨ ᠨᠠᠢᠮᠠᠳᠤᠭᠠᠷ ᠵᠦᠢᠯ ᠳᠤ ᠪᠠᠶᠢᠭᠠᠯᠢ ᠬᠥᠮᠥᠨ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠬᠡᠯᠪᠡᠷᠢ ᠶᠢ ᠨᠢ ᠬᠤᠪᠢᠷᠠᠭᠤᠯᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠥᠷᠨᠢᠭᠦᠯᠦᠭᠰᠡᠨ ᠲᠣᠬᠠᠢ ᠬᠠᠮᠢᠶ᠎ᠠ ᠪᠦᠬᠦᠢ ᠰᠢᠳᠬᠡᠯ ᠤᠨ ᠲᠣᠭᠲᠠᠭᠠᠯ ᠢ ᠲᠤᠳᠤᠷᠬᠠᠶᠢᠯᠠᠵᠠᠢ︔ ᠪᠠᠰᠠ ᠬᠠᠤᠯᠢ ᠠᠴᠠ ᠵᠥᠷᠢᠴᠡᠭᠰᠡᠨ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠲᠣᠳᠣᠷᠬᠠᠢ ᠵᠠᠭᠠᠭᠯᠠᠨ ᠲᠣᠭᠲᠠᠭᠠᠪᠠ︔ ᠡᠭᠦᠨ ᠠᠴᠠ ᠭᠠᠳᠠᠨ᠎ᠠ᠂ ᠪᠠᠰᠠ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠰᠦᠯᠵᠢᠶᠡᠨ ᠭᠠᠳᠠᠨ᠎ᠠ ᠪᠣᠯᠪᠠᠰᠤᠷᠠᠯ ᠥᠷᠨᠢᠭᠦᠯᠦᠭᠰᠡᠨ᠂ ᠬᠢᠴᠢᠶᠡᠯ ᠲᠦᠷᠦᠯ ᠤᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠨᠤᠭᠤᠳ ᠬᠢᠴᠢᠶᠡᠯ ᠲᠦᠷᠦᠯ ᠤᠨ ᠪᠤᠯᠪᠠᠰᠤᠷᠠᠯ ᠥᠷᠨᠢᠭᠦᠯᠦᠭᠰᠡᠨ᠂ ᠬᠢᠴᠢᠶᠡᠯ ᠲᠦᠷᠦᠯ ᠤᠨ ᠪᠤᠯᠪᠠᠰᠤᠷᠠᠯ ᠤᠨ ᠪᠠᠶᠢᠭᠤᠯᠤᠮᠵᠢ ᠬᠢᠴᠢᠶᠡᠯ ᠲᠦᠷᠦᠯ ᠤᠨ ᠪᠤᠰᠤ ᠪᠤᠯᠪᠠᠰᠤᠷᠠᠯ ᠡᠷᠬᠢᠯᠡᠭᠰᠡᠨ ᠵᠢᠴᠢ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠬᠡᠪᠴᠢᠶ᠎ᠡ ᠠᠴᠠ ᠳᠠᠪᠠᠵᠤ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ ᠴᠥᠮ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠳᠤ ᠲᠣᠭᠠᠴᠠᠭᠳᠠᠬᠤ ᠶᠢ ᠲᠤᠳᠤᠷᠬᠠᠶᠢᠯᠠᠵᠤ᠂ ᠪᠤᠯᠪᠠᠰᠤᠷᠠᠯ ᠤᠨ ᠠᠭᠤᠯᠭ᠎ᠠ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ᠂ ᠤᠷᠤᠯᠳᠤᠭᠠᠨ ᠤ ᠠᠵᠢᠯᠯᠠᠭ᠎ᠠ ᠵᠡᠷᠭᠡ ᠲᠠᠯ᠎ᠠ ᠪᠠᠷ ᠴᠦᠮ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠤᠷᠭᠠᠨ ᠰᠢᠳᠭᠡᠬᠦ ᠨᠢ ᠨᠡᠩ ᠰᠠᠶᠢᠨ ᠲᠠᠪᠰᠢᠯᠳᠠ ᠶᠢᠨ ᠲᠦᠯᠦᠭᠡ᠃ ︽ᠬᠤᠶᠠᠷ ᠢ ᠬᠦᠩᠬᠡᠷᠡᠬᠦᠯᠬᠦ︾ ᠠᠵᠢᠯ ᠵᠠᠩᠬᠢᠯᠠᠭ᠎ᠠ ᠶᠢᠨ ᠱᠠᠳᠤᠨ ᠳᠤ ᠪᠠᠶᠢᠭ᠎ᠠ ᠦᠨᠦᠳᠦᠷ ᠭᠠᠭᠴᠠ ᠬᠦ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠤᠯᠢ ᠶᠣᠰᠣᠭᠠᠷ ᠪᠤᠯᠪᠠᠰᠤᠷᠠᠯ ᠡᠷᠭᠢᠯᠡᠬᠦ ᠶᠢ ᠴᠢᠷᠮᠠᠶᠢᠨ ᠪᠠᠲᠤᠯᠠᠪᠠᠯ ᠰᠠᠶ᠋ᠢ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ ᠳᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠬᠤ ᠶᠢ ᠨᠠᠩ ᠰᠠᠶᠢᠲᠤᠷ ᠠᠬᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠲᠡᠷᠡ ᠨᠢ ᠦᠨᠡᠨ ᠬᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠰᠢᠭᠲᠠᠢ ᠨᠥᠬᠦᠪᠦᠷᠢ ᠪᠣᠯᠵᠤ᠂ ᠰᠤᠷᠤᠭᠴᠢᠳ ᠤᠨ ᠳᠠᠷᠤᠭᠠᠰᠤ ᠶᠢ ᠦᠨᠡᠨ ᠬᠦ ᠬᠦᠩᠬᠡᠷᠡᠬᠦᠯᠵᠦ ᠴᠢᠳᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号