ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠭᠤᠣᠯᠯᠠᠭᠴᠢ ᠪᠠᠭᠰᠢ ᠨᠠᠷ ᠤᠨ ᠪᠤᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/10/18
     ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠭᠤᠣᠯᠯᠠᠭᠴᠢ ᠪᠠᠭᠰᠢ ᠵᠢᠴᠢ ᠵᠢᠭᠠᠨ ᠰᠤᠳᠤᠯᠤᠭᠴᠢ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠲᠦᠷᠦᠬᠦᠬᠡᠨ ᠬᠥᠬᠡᠬᠤᠲᠠ ᠳᠤ ᠶᠠᠪᠤᠭᠳᠠᠪᠠ᠃ ᠪᠤᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠵᠢᠭᠠᠨ ᠰᠤᠷᠭᠠᠯᠲᠠ ᠬᠢᠭᠡᠳ ᠵᠢᠯᠤᠭᠤᠳᠬᠤ ᠵᠦᠪᠯᠡᠯ ᠠᠴᠠ ᠳᠠᠭᠠᠭᠠᠨ ᠡᠷᠬᠢᠯᠡᠪᠡ᠃ ᠪᠤᠯᠪᠠᠰᠤᠷᠠᠯ ᠳᠤ ᠣᠷᠣᠨ ᠤ ᠳᠤᠳᠤᠨ᠎ᠠ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠣᠯᠠᠨ ᠲᠤᠰᠬᠠᠢ ᠮᠡᠷᠭᠡᠵᠢᠯᠲᠡᠨ ᠢ ᠤᠷᠢᠵᠤ᠂ ︽ᠬᠥᠳᠡᠯᠮᠦᠷᠢ ᠶᠢ ᠬᠡᠷᠬᠢᠨ ᠨᠢᠭᠡ ᠵᠦᠢᠯ ᠤᠨ ᠰᠤᠷᠭᠠᠨ ᠬᠥᠮᠦᠵᠢᠯ ᠪᠣᠯᠭᠠᠬᠤ︾᠂ ︽ᠬᠥᠳᠡᠯᠮᠦᠷᠢ ᠶᠢᠨ ᠬᠥᠮᠦᠵᠢᠯ ᠤᠨ ᠣᠨᠣᠯ ᠪᠠ ᠦᠢᠯᠡᠳᠦᠯᠭᠡ︾᠂ ︽ᠬᠥᠳᠡᠯᠮᠦᠷᠢ ᠶᠢᠨ ᠬᠢᠴᠢᠶᠡᠯ ᠤᠨ ᠵᠢᠭᠠᠨ ᠰᠤᠷᠭᠠᠬᠤ ᠠᠷᠭ᠎ᠠ︾᠂ ︽ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠨᠠᠷᠢᠨ ᠲᠠᠩᠰᠠ ᠶᠢ ᠲᠥᠯᠥᠪᠯᠡᠬᠦ ᠠᠷᠭ᠎ᠠ ᠵᠠᠮ︾᠂ ︽ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠲᠤᠷᠰᠢᠯᠭ᠎ᠠ ᠪᠠᠨ ᠬᠤᠪᠢᠶᠠᠯᠴᠠᠬᠤ︾ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠭᠤᠯᠬᠤ ᠶᠢᠨ ᠬᠠᠮᠲᠤ᠂ ᠬᠥᠳᠡᠯᠮᠦᠷᠢ ᠶᠢᠨ ᠬᠥᠮᠦᠵᠢᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠪᠤᠯᠪᠠᠰᠤᠷᠠᠯ ᠤᠨ ᠬᠤᠭᠤᠴᠠᠭᠠᠨ ᠳᠤ ᠪᠠᠰᠠ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠢ ᠵᠣᠬᠢᠶᠠᠨ ᠪᠠᠶᠢᠭᠤᠯᠤᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠵᠢᠴᠢ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠣᠴᠢᠭᠤᠯᠵᠤ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠥᠷᠨᠢᠭᠦᠯᠪᠡ᠃      ᠪᠣᠯᠪᠠᠰᠤᠷᠠᠯ ᠨᠢ ᠣᠨᠣᠯ ᠵᠠᠳᠠᠯᠬᠤ᠂ ᠠᠷᠭ᠎ᠠ ᠵᠢᠭᠠᠬᠤ᠂ ᠲᠤᠷᠰᠢᠯᠭ᠎ᠠ ᠤᠯᠠᠮᠵᠢᠯᠠᠬᠤ᠂ ᠬᠡᠷᠡᠭ ᠤᠨ ᠵᠢᠱᠢᠶ᠎ᠡ ᠶᠠᠷᠢᠬᠤ᠂ ᠲᠤᠬᠠᠢ ᠶᠢᠨ ᠲᠠᠯᠠᠪᠤᠷ ᠲᠤ ᠠᠵᠢᠭᠯᠠᠯᠳᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠥᠳᠡᠯᠮᠦᠷᠢ ᠶᠢᠨ ᠬᠥᠮᠦᠵᠢᠯ ᠢᠶᠠᠷ ᠬᠡᠪ ᠴᠢᠨᠠᠷ ᠤᠨ ᠰᠤᠷᠭᠠᠨ ᠬᠥᠮᠦᠵᠢᠯ ᠢ ᠠᠬᠢᠭᠤᠯᠬᠤ ᠣᠯᠠᠨ ᠡᠰᠢᠵᠢᠭᠰᠡᠨ ᠪᠦᠳᠦᠮᠵᠢᠳᠡᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠪᠡ᠃ ᠪᠦᠬᠦ ᠣᠷᠣᠨ ᠤ ᠡᠯ᠎ᠡ ᠠᠶᠢᠮᠠᠭ ᠬᠤᠳᠠ ᠶᠢᠨ 200 ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠭᠤᠣᠯᠯᠠᠭᠴᠢ ᠪᠠᠭᠰᠢ ᠵᠢᠴᠢ ᠵᠢᠭᠠᠨ ᠰᠤᠳᠤᠯᠤᠭᠴᠢ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号