2306 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠭᠰᠠᠳ ᠢᠶᠠᠷ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/10/18
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ ︽ᠬᠤᠤᠰ ᠪᠠᠶᠠᠷ︾᠎ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 2306.01 ᠲᠦᠮᠡᠨ ᠬᠥᠮᠥᠨ ᠤᠳᠠᠭ᠎ᠠ ᠭᠥᠯᠢᠶᠡᠨ ᠠᠪᠴᠠᠢ᠃ 2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠭᠰᠠᠨ ᠢᠶᠠᠷ᠂ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠬᠠᠯᠠᠮᠰᠢᠯ ᠥᠩᠭᠡᠷᠡᠭᠰᠡᠨ ᠵᠢᠯ ᠤᠳ ᠤᠨ ᠬᠢ ᠠᠴᠠ ᠶᠡᠭᠡ ᠬᠡᠮᠵᠢᠶ᠎ᠡ ᠪᠠᠷ ᠳᠡᠭᠡᠭᠰᠢᠯᠡᠵᠡᠢ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠠᠮᠤᠷ ᠲᠦᠪᠰᠢᠨ ᠡᠮᠬᠢ ᠵᠢᠷᠤᠮ ᠲᠠᠢ ᠪᠠᠶᠢᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠥᠳᠬᠡᠨ ᠵᠤᠵᠠᠭᠠᠨ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃      ᠬᠦᠯᠢᠶᠡᠨ ᠠᠪᠤᠭᠰᠠᠨ ᠵᠢᠭᠤᠯᠴᠢᠯᠠᠭᠰᠠᠳ ᠤᠨ ᠲᠤᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠪᠠᠯ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.06 ᠳᠠᠬᠢᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 1.35 ᠳᠠᠬᠢᠨ ᠪᠣᠯᠵᠠᠢ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 158.48 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.23 ᠳᠠᠬᠢᠨ᠂ 2019 ᠣᠨ ᠤ ᠬᠢ ᠠᠴᠠ 1.18 ᠳᠠᠬᠢᠨ ᠪᠠᠶᠢᠵᠤ᠂ ᠴᠥᠮ ᠲᠡᠦᠬᠡ ᠶᠢᠨ ᠬᠠᠮᠤᠭ ᠤᠨ ᠥᠨᠳᠥᠷ ᠬᠡᠮᠵᠢᠶᠡᠨ ᠳᠤ ᠬᠦᠷᠴᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号