ᠡᠳᠡᠭᠡᠷ ᠭᠠᠵᠠᠷ ᠣᠷᠣᠨ ᠳᠤ ᠣᠴᠢᠵᠤ ᠵᠢᠭᠤᠯᠴᠢᠯᠠᠭᠠᠷᠠᠢ
ᠨᠡᠶᠢᠲᠡᠯᠡᠭᠰᠡᠨ ᠴᠠᠭ᠄
2023/10/18
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ 2023 ᠣᠨ ᠤ ︽ᠬᠡᠷᠡᠭᠯᠡᠭᠡ ᠪᠠᠷ ᠬᠠᠪᠰᠤᠷᠤᠨ ᠲᠡᠳᠬᠦᠬᠦ ᠠᠯᠲᠠᠨ ᠨᠠᠮᠤᠷ ᠤᠨ ᠠᠵᠢᠯᠯᠠᠭ᠎ᠠ︾᠎ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠰᠢᠰᠲ᠋ᠧᠮ ᠤᠨ ᠬᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠲᠠᠢ ᠤᠶᠠᠯᠳᠤᠭᠤᠯᠤᠨ᠂ ︽ᠭᠤᠷᠪᠠᠨ ᠣᠷᠣᠨ ᠭᠤᠷᠪᠠᠨ ᠵᠧᠦ︾᠎ ᠶᠢᠨ ᠣᠨᠴᠠᠯᠢᠭᠲᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠤᠷᠢᠶᠠᠯᠠᠪᠠ᠃      ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠣᠴᠢᠵᠤ ᠵᠢᠭᠤᠯᠴᠢᠯᠠᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠢᠰᠲ᠋ᠧᠮ᠂ ᠡᠯ᠎ᠡ ᠠᠵᠢᠯ ᠲᠥᠷᠥᠯ ᠤᠨ ᠬᠢᠨ ᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠠᠵᠢᠯᠴᠢᠨ ᠤ ᠡᠪᠯᠡᠯ ᠤᠨ ᠠᠵᠢᠯᠯᠠᠭ᠎ᠠ ᠥᠷᠨᠢᠭᠦᠯᠬᠦ ᠶᠢ ᠤᠷᠢᠳ ᠢᠶᠠᠷ ᠲᠣᠬᠢᠷᠠᠭᠤᠯᠵᠤ᠂ ᠺᠠᠳ᠋ᠷ ᠠᠵᠢᠯᠲᠠᠨ ᠪᠠ ᠥᠷᠭᠡᠨ ᠣᠯᠠᠨ ᠬᠤᠲᠠ ᠶᠢᠨ ᠠᠷᠠᠳ ᠤᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠬᠥᠭᠵᠢᠭᠡᠳᠦᠢ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠨᠡᠷ᠎ᠡ ᠠᠯᠳᠠᠷᠰᠢᠯ ᠲᠠᠢ ᠪᠤᠯᠬᠤ ᠶᠢ ᠠᠬᠢᠭᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号