ᠬᠠᠩᠵᠧᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠠᠩᠬᠠᠨ ᠤ ᠡᠳᠦᠷ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ 20 ᠠᠯᠲᠠᠨ ᠮᠧᠳᠠᠯ ᠭᠠᠷᠳᠠᠯ᠎ᠠ
ᠨᠡᠶᠢᠲᠡᠯᠡᠭᠰᠡᠨ ᠴᠠᠭ᠄
2023/10/8
     24᠎ ᠤ ᠡᠳᠦᠷ ᠪᠣᠯ ᠬᠠᠩᠵᠧᠦ ᠶᠢᠨ 19 ᠳ᠋ᠦ᠋ᠭᠡᠷ ᠬᠤᠭᠤᠴᠠᠭᠠᠨ ᠤ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠤ ᠳᠠᠷᠠᠭᠠᠬᠢ ᠠᠩᠬᠠᠨ ᠤ ᠤᠷᠤᠯᠳᠤᠭᠠᠨ ᠤ ᠡᠳᠦᠷ ᠪᠣᠯᠣᠨ᠎ᠠ᠂ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ ᠠᠩᠬᠠᠨ ᠤ ᠠᠯᠲᠠᠨ ᠮᠧᠳᠠᠯ ᠤᠨ ᠡᠵᠡᠨ ᠪᠣᠯᠣᠭᠰᠠᠨ ᠤ ᠬᠠᠮᠲᠤ ᠫᠤᠤᠳᠠᠯᠭ᠎ᠠ᠂ ᠤᠮᠪᠠᠯᠲᠠ ᠵᠡᠷᠭᠡ ᠲᠥᠷᠥᠯ ᠤᠨ ᠤᠷᠤᠯᠳᠤᠭᠠᠨ ᠳᠤ ᠠᠮᠵᠢᠯᠲᠠ ᠲᠠᠢ ᠤᠷᠤᠯᠳᠤᠵᠤ᠂ 20 ᠠᠯᠲᠠ᠂ 7 ᠮᠥᠩᠭᠦ᠂ 3 ᠬᠦᠷᠡᠯ ᠮᠧᠳᠠᠯ ᠤᠨ ᠬᠢᠷᠢ ᠪᠦᠲᠦᠮᠵᠢ ᠪᠠᠷ ᠮᠧᠳᠠᠯ ᠤᠨ ᠲᠤᠭ᠎ᠠ ᠪᠠᠷ ᠢᠶᠠᠨ ᠲᠡᠷᠢᠭᠦᠨ ᠪᠠᠶᠢᠷᠢᠨ ᠳᠤ ᠵᠢᠭᠰᠠᠭᠠᠭᠳᠠᠭᠰᠠᠨ ᠪᠠᠶᠢᠨ᠎ᠠ᠃ ᠬᠠᠩᠵᠧᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠠᠩᠬᠠᠨ ᠤ ᠡᠳᠦᠷ ᠪᠣᠯᠬᠤ 24᠎ ᠤ ᠡᠳᠦᠷ ᠨᠡᠶᠢᠲᠡ 25 ᠲᠣᠮᠣ ᠲᠥᠷᠥᠯ ᠤᠨ ᠤᠷᠤᠯᠳᠤᠭᠠᠨ ᠶᠠᠪᠤᠭᠤᠯᠵᠤ᠂ 31 ᠠᠯᠲᠠᠨ ᠮᠧᠳᠠᠯ ᠢ ᠰᠢᠯᠭᠠᠷᠠᠭᠤᠯᠤᠭᠰᠠᠨ ᠤ ᠳᠣᠲᠣᠷ᠎ᠠ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ 20 ᠠᠯᠲᠠ᠂ 7 ᠮᠥᠩᠭᠦ᠂ 3 ᠬᠦᠷᠡᠯ ᠮᠧᠳᠠᠯ ᠭᠠᠷᠳᠠᠵᠤ᠂ ᠨᠡᠶᠢᠲᠡ 30 ᠮᠧᠳᠠᠯ ᠤᠨ ᠲᠤᠭ᠎ᠠ ᠪᠠᠷ ᠢᠶᠠᠨ ᠲᠡᠷᠢᠭᠦᠨ ᠪᠠᠶᠢᠷᠢᠨ ᠳᠤ ᠣᠷᠣᠵᠠᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号