ᠰᠢᠯᠢ ᠶᠢᠨ ᠬᠤᠳᠠ ᠤᠷᠤᠨ ᠤ 2023 ᠤᠨ ᠤ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠡᠳᠤᠷ ᠤᠨ ᠨᠡᠶᠢᠳᠡ ᠶᠢᠨ ᠳᠠᠬᠢᠯᠭ᠎ᠠ ᠶᠢᠨ ᠠᠵᠢᠯᠯᠠᠭ᠎ᠠ ᠶᠠᠪᠤᠬᠳᠠᠪᠠ
ᠨᠡᠶᠢᠲᠡᠯᠡᠭᠰᠡᠨ ᠴᠠᠭ᠄
2023/10/8
     9 ᠰᠠᠷ᠎ᠠ ᠶᠢᠨ 30 ᠤ ᠦᠳᠡ ᠶᠢᠨ ᠡᠮᠤᠨ᠎ᠠ᠂ ᠰᠢᠯᠢ ᠶᠢᠨ ᠬᠤᠳᠠ ᠤᠷᠤᠨ ᠤ 2023 ᠤᠨ ᠤ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ ᠡᠳᠤᠷ ᠤᠨ ᠨᠡᠶᠢᠳᠡ ᠶᠢᠨ ᠳᠠᠬᠢᠯᠭ᠎ᠠ ᠶᠢᠨ ᠠᠵᠢᠯᠯᠠᠭ᠎ᠠ ᠶᠠᠪᠤᠬᠳᠠᠵᠦ᠂ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠤᠨ ᠠᠭᠤᠤ ᠭᠠᠪᠢᠶ᠎ᠠ ᠠᠤᠭ᠎ᠠ ᠵᠢᠳᠭᠦᠯ ᠢ ᠳᠤᠷᠠᠰᠤᠨ ᠰᠠᠨᠠᠭᠠᠯᠵᠠᠵᠦ᠂ ᠬᠤᠪᠢᠰᠬᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠪᠠ᠃      ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠠᠶᠢᠮᠠᠭ ᠤᠨ ᠤᠯᠤᠰ ᠳᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠢᠯᠢ ᠶᠢᠨ ᠭᠤᠤᠯ ᠤᠨ ᠴᠡᠷᠢᠭ ᠤᠨ ᠬᠤᠪᠢᠶᠠᠷᠢ ᠳᠤᠭᠤᠷᠢᠭ ᠤᠨ ᠤᠳᠤᠷᠢᠳᠤᠯᠭ᠎ᠠ᠂ ᠰᠢᠯᠢ ᠶᠢᠨ ᠭᠤᠤᠯ ᠳᠤ ᠰᠠᠭᠤᠭ᠎ᠠ ᠴᠡᠷᠢᠭ ᠴᠠᠬᠳᠠᠭ᠎ᠠ ᠶᠢᠨ ᠠᠩᠬᠢ ᠶᠢᠨ ᠳᠠᠷᠤᠭ᠎ᠠ ᠪᠠᠶᠢᠯᠳᠤᠬᠴᠢᠳ ᠤᠨ ᠳᠦᠯᠦᠭᠡᠯᠡᠭᠴᠢ᠂ ᠭᠠᠯ ᠰᠡᠷᠭᠡᠶᠢᠯᠡᠨ ᠤᠨᠳᠠᠷᠠᠭᠠᠬᠤ ᠠᠪᠤᠷᠠᠨ ᠳᠤᠰᠠᠯᠠᠬᠤ ᠠᠩᠬᠢ ᠶᠢᠨ ᠳᠦᠯᠦᠭᠡᠯᠡᠭᠴᠢ᠂ ᠴᠡᠷᠢᠭ ᠠᠴᠠ ᠬᠠᠯᠠᠬᠳᠠᠬᠰᠠᠳ ᠤᠨ ᠳᠦᠯᠦᠭᠡᠯᠡᠭᠴᠢ᠂ ᠠᠶᠢᠮᠠᠭ᠂ ᠬᠤᠳᠠ ᠶᠢᠨ ᠡᠯ᠎ᠠ ᠰᠠᠯᠠᠭ᠎ᠠ ᠮᠦᠴᠢᠷ ᠠᠵᠦ ᠠᠬᠤᠶᠢᠯᠠᠯ ᠤᠨ ᠨᠢᠭᠡᠴᠢ ᠶᠢᠨ ᠳᠦᠯᠦᠭᠡᠯᠡᠭᠴᠢ ᠵᠢᠴᠢ ᠰᠢᠯᠢ ᠶᠢᠨ ᠬᠤᠳᠠ ᠤᠷᠤᠨ ᠤ ᠨᠡᠶᠢᠭᠡᠮ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠢᠨ ᠤ ᠳᠦᠯᠦᠭᠡᠯᠡᠭᠴᠢ ᠨᠡᠶᠢᠳᠡ 600 ᠭᠠᠷᠤᠢ ᠬᠦᠮᠦᠨ ᠨᠡᠶᠢᠳᠡ ᠶᠢᠨ ᠳᠠᠬᠢᠯᠭ᠎ᠠ ᠶᠢᠨ ᠠᠵᠢᠯᠯᠠᠭ᠎ᠠ ᠳᠤ ᠤᠷᠤᠯᠴᠠᠪᠠ᠃      ᠦᠳᠡ ᠶᠢᠨ ᠡᠮᠤᠨ᠎ᠠ ᠶᠢᠨ 9 ᠴᠠᠭ ᠲᠤ᠂ ᠦᠷᠡᠭᠳᠡᠭᠰᠡᠨ ᠪᠠᠭᠠᠳᠤᠷᠴᠤᠳ ᠤᠨ ᠪᠤᠩᠬᠤᠨ ᠤ ᠬᠦᠷᠢᠶᠠᠯᠡᠩ ᠳᠤ ᠬᠤᠪᠢᠰᠠᠬᠯ ᠤᠨ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ ᠬᠦᠰᠢᠶ᠎ᠠ  ᠰᠡᠬᠦᠶᠢᠨ ᠰᠦᠨᠳᠡᠷᠯᠡᠵᠦ᠂ ᠳᠤᠬᠠᠢ ᠶᠢᠨ ᠳᠠᠯᠠᠪᠠᠢ ᠶᠢᠨ ᠠᠭᠤᠷ ᠠᠮᠢᠰᠬᠤᠯ ᠳᠦᠪ ᠬᠢᠴᠢᠶᠡᠩᠭᠦᠢ ᠪᠠᠶᠢᠪᠠ᠃ ᠨᠡᠶᠢᠳᠡ ᠶᠢᠨ ᠳᠠᠬᠢᠯᠭ᠎ᠠ ᠶᠢᠨ ᠠᠵᠢᠯᠯᠠᠭ᠎ᠠ ᠨᠢ ᠰᠦᠷ ᠵᠢᠪᠬᠤᠯᠠᠩᠳᠦ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠳᠤᠮᠳᠠ ᠵᠢᠩᠬᠢᠨᠢ ᠪᠠᠷ ᠡᠬᠢᠯᠡᠵᠦ᠂ ᠪᠦᠬᠦ ᠳᠠᠯᠠᠪᠠᠢ ᠶᠢᠨ ᠬᠦᠮᠦᠰ ᠳᠦᠪ ᠵᠤᠬᠰᠤᠵᠦ᠂ ᠳᠤᠮᠳᠠᠳᠦ ᠤᠯᠤᠰ ᠤᠨ ᠠᠷᠠᠳ ᠳᠦᠮᠡᠨ ᠤ ᠴᠢᠯᠦᠭᠡᠯᠡᠯᠳᠡ ᠶᠢᠨ ᠦᠢᠯᠡᠰ ᠪᠤᠯᠤᠨ ᠪᠦᠬᠦᠳᠡ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠳᠡ ᠶᠢᠨ ᠦᠢᠯᠡᠰ ᠤᠨ ᠳᠦᠯᠦᠭᠡ ᠡᠷᠡᠯᠭᠡᠭ ᠪᠠᠭᠠᠳᠤᠷᠯᠢᠭ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠢ ᠨᠠᠮᠠᠨᠴᠢᠯᠡᠨ ᠭᠠᠰᠢᠭᠤᠳᠠᠵᠦ᠂ ᠬᠤᠪᠢᠰᠠᠬᠯ ᠤᠨ ᠦᠷᠡᠭᠳᠡᠭᠰᠡᠨ ᠪᠠᠭᠠᠳᠤᠷᠴᠤᠳ ᠢ ᠳᠤᠷᠠᠰᠤᠨ ᠰᠠᠨᠠᠭᠠᠯᠵᠠᠪᠠ᠃      ︽ᠴᠡᠴᠡᠭ ᠬᠦᠷᠭᠡᠬᠦ ᠠᠶ᠎ᠠ︾ ᠶᠢᠨ ᠳᠤᠮᠳᠠ ᠶᠤᠰᠤᠯᠠᠯ ᠤᠨ ᠴᠡᠷᠢᠭ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠠᠶᠢᠮᠠᠭ ᠤᠨ ᠤᠯᠤᠰ ᠳᠦᠷᠦ ᠶᠢᠨ ᠵᠦᠪᠯᠡᠯᠭᠡᠨ᠂ ᠰᠢᠯᠢ ᠶᠢᠨ ᠭᠤᠤᠯ ᠤᠨ ᠴᠡᠷᠢᠭ ᠤᠨ ᠬᠤᠪᠢᠶᠠᠷᠢ ᠳᠤᠭᠤᠷᠢᠭ ᠵᠡᠷᠭᠡ ᠨᠢᠭᠡᠴᠢ ᠶᠢᠨ ᠬᠦᠷᠭᠡᠭᠰᠡᠨ ᠰᠠᠬᠰᠤᠳᠦ ᠴᠡᠴᠡᠭ ᠢ ᠡᠷᠭᠦᠨ ᠳᠦᠪ ᠠᠯᠬᠤᠭ᠎ᠠ ᠪᠠᠷ ᠶᠠᠪᠤᠵᠦ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠤᠨ ᠳᠤᠷᠠᠰᠬᠠᠯ ᠤᠨ ᠬᠦᠰᠢᠶᠡᠨ ᠤ ᠡᠮᠤᠨ᠎ᠠ ᠳᠠᠯᠪᠢᠵᠦ᠂ ᠳᠦᠪ ᠵᠤᠬᠰᠤᠨ ᠰᠢᠷᠳᠡᠬᠦ ᠶᠢᠨ ᠬᠠᠮᠳᠦ ᠶᠤᠰᠤᠯᠠᠪᠠ᠃ ᠳᠠᠷᠠᠭ᠎ᠠ ᠨᠢ ᠨᠡᠶᠢᠳᠡ ᠶᠢᠨ ᠳᠠᠬᠢᠯᠭ᠎ᠠ ᠳᠤ ᠤᠷᠤᠯᠴᠠᠬᠰᠠᠨ ᠪᠦᠬᠦ ᠬᠦᠮᠦᠰ ᠠᠯᠭᠤᠷᠬᠠᠨ ᠢᠶᠠᠷ ᠳᠤᠷᠠᠰᠬᠠᠯ ᠤᠨ ᠬᠦᠰᠢᠶ᠎ᠠ ᠶᠢ ᠪᠠᠷᠠᠳᠠᠵᠦ᠂ ᠰᠤᠷᠭᠤᠭ ᠴᠡᠴᠡᠭ ᠬᠦᠷᠭᠡᠵᠦ᠂ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠲᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号