ᠵᠠᠩ ᠪᠠᠢ ᠴᠧᠩ ᠰᠢᠯᠢ ᠶᠢᠨ ᠬᠤᠳᠠ ᠳᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/8
     9 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠳᠠ ᠳᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃      ᠵᠠᠩ ᠪᠠᠢ ᠴᠧᠩ ᠤᠷᠢᠳ ᠬᠤᠵᠢᠳ ᠮᠠ   ᠰᠤ᠋ ᠰᠠᠭᠠᠯᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠪᠥᠸᠧ ᠴᠢ ᠶᠤᠸᠠᠨ ᠵᠠᠯᠠᠭᠤᠴᠤᠳ ᠪᠠᠭᠠᠴᠤᠳ ᠤᠨ ᠮᠣᠷᠢᠨ ᠮᠡᠷᠭᠡᠵᠢᠯ ᠤᠨ ᠺᠯᠦ᠋ᠪ᠂ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠮᠣᠷᠢᠨ ᠺᠯᠦ᠋ᠪ᠂ ᠰᠢ ᠵᠢᠶᠦ᠋ᠨ ᠠᠳᠤᠭᠤᠨ ᠤ ᠦᠢᠯᠡᠰ ᠤᠨ ᠮᠠᠯᠴᠢᠳ ᠤᠨ ᠲᠤᠰᠬᠠᠢ ᠬᠤᠷᠰᠢᠶᠠᠵᠢᠯ᠂ ᠲᠠᠯ᠎ᠠ ᠨᠤᠲᠤᠭ ᠤᠨ ᠠᠳᠤᠭᠤᠨ ᠲᠠᠯᠠᠪᠠᠢ ᠪᠣᠯᠣᠨ ᠠᠳᠤᠭᠤ ᠮᠠᠯᠵᠢᠬᠤ ᠡᠷᠦᠭᠡ ᠰᠠᠶᠢᠬᠠᠨᠴᠢᠮᠡᠭ ᠤᠨ ᠬᠢᠨ ᠳᠤ ᠭᠦᠷᠴᠦ᠂ ᠠᠳᠤᠭᠤᠨ ᠤ ᠦᠢᠯᠡᠰ ᠤᠨ ᠠᠵᠤ ᠠᠬᠤᠶᠢᠯᠠᠯ ᠤᠨ ᠠᠵᠢᠯᠯᠠᠭ᠎ᠠ᠂ ᠮᠤᠷᠢᠨ ᠮᠡᠷᠭᠡᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ ᠴᠡᠭᠡ ᠦᠢᠯᠡᠳᠪᠦᠷᠢᠯᠡᠵᠦ ᠡᠳ᠋ᠰᠢᠭᠦᠯᠬᠦ᠂ ᠮᠣᠩᠭᠤᠯ ᠠᠳᠤᠭᠤᠨ ᠤ ᠡᠭᠦᠯᠳᠡᠷ ᠢ ᠪᠤᠶᠢᠵᠢᠭᠤᠯᠬᠤ ᠪᠠ ᠠᠳᠤᠭᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠦᠵᠡᠵᠦ ᠣᠶᠢᠯᠠᠭᠠᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠰᠢᠯᠢ ᠶᠢᠨ ᠭᠤᠣᠯ ᠤᠨ ᠠᠳᠤᠭᠤᠨ ᠰᠣᠶᠣᠯ ᠤᠨ ᠰᠠᠭᠤᠷᠢ ᠭᠦᠨ ᠵᠤᠵᠠᠭᠠᠨ᠂ ᠠᠳᠤᠭᠤᠨ ᠤ ᠠᠵᠤ ᠦᠢᠯᠡᠰ ᠤᠨ ᠬᠥᠭᠵᠢᠯᠲᠡ   ᠶᠢᠨ ᠳᠠᠯᠳᠠ ᠬᠦᠴᠦᠨ ᠯᠤᠲᠤ ᠶᠡᠭᠡ᠂ ᠡᠷᠭᠡᠪᠰᠢ ᠰᠢᠰᠲ᠋ᠧᠮᠳᠦ ᠰᠡᠳᠭᠢᠭᠦᠢ ᠶᠢ ᠪᠠᠷᠢᠮᠲᠠᠯᠠᠨ᠂ ᠶᠡᠷᠦᠩᠬᠡᠶᠢᠯᠡᠨ ᠪᠣᠳᠣᠯᠬᠢᠯᠠᠵᠤ᠂ ᠠᠳᠤᠭᠤᠨ ᠤ ᠠᠵᠤ ᠦᠢᠯᠡᠰ᠂ ᠠᠳᠤᠭᠤᠨ ᠰᠣᠶᠣᠯ᠂ ᠠᠳᠤᠭᠤᠨ ᠤ ᠵᠢᠭᠤᠯᠴᠢᠯᠠᠯ᠂ ᠠᠳᠤᠭᠤᠨ ᠪᠡᠶ᠎ᠡ   ᠶᠢᠨ ᠲᠠᠮᠢᠷ ᠢ ᠵᠣᠬᠢᠴᠠᠭᠤᠯᠤᠨ ᠬᠥᠭᠵᠢᠭᠦᠯᠬᠦ  ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ  ᠶᠢ ᠲᠠᠰᠤᠷᠠᠯᠲᠠ ᠦᠭᠡᠢ ᠤᠷᠲᠤᠳᠬᠠᠨ᠂ ᠣᠲᠣ ᠦᠶ᠎ᠡ ᠶᠢᠨ ᠠᠳᠤᠭᠤᠨ ᠤ ᠠᠵᠤ ᠦᠢᠯᠡᠰ ᠢ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠢ᠃ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠪᠠ ᠦᠷᠡᠵᠢᠭᠦᠯᠦᠨ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠮᠣᠷᠢᠨ ᠮᠡᠷᠭᠡᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠂ ᠠᠳᠤᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠬᠡᠷᠡᠭᠲᠡᠢ᠃ ᠣᠲᠣ ᠪᠠᠶᠢᠭ᠎ᠠ ᠲᠠᠯᠠᠪᠠᠶ ᠣᠷᠳᠣᠨ ᠢ ᠠᠰᠢᠭᠯᠠᠨ᠂ ᠮᠣᠷᠢᠨ ᠮᠡᠷᠭᠡᠵᠢᠯ ᠤᠨ ᠤᠷᠤᠯᠳᠤᠭᠠᠨ ᠢ ᠪᠠᠶᠢᠩᠭᠤᠵᠢᠭᠤᠯᠤᠨ ᠡᠷᠭᠢᠯᠡᠵᠦ᠂ ᠰᠣᠳᠣᠨ ᠪᠦᠳᠦᠭᠡᠭᠳᠡᠬᠦᠨ ᠤ ᠠᠵᠢᠯᠯᠠᠭ᠎ᠠ ᠶᠢ ᠡᠭᠦᠳᠦᠨ᠂ ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠮᠣᠷᠢᠨ ᠮᠡᠷᠭᠡᠵᠢᠯ ᠤᠨ ᠤᠷᠤᠯᠳᠤᠭᠠᠨ ᠤ ᠠᠵᠤ ᠦᠢᠯᠡᠰ ᠢ ᠤᠯᠠᠮ ᠪᠤᠵᠠᠭᠠᠶᠢᠷᠠᠭᠤᠯᠬᠤ ᠬᠡᠷᠡᠭᠲᠡᠢ᠃ ᠬᠡᠪᠴᠢᠶᠡᠵᠢᠭᠰᠡᠨ ᠠᠳᠤᠭᠤᠨ ᠲᠠᠯᠠᠪᠠᠢ ᠶᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠠᠵᠤ ᠠᠬᠤᠶᠢᠯᠠᠯ᠂ ᠮᠠᠯᠴᠢᠳ ᠢ ᠪᠦᠬᠦ ᠬᠦᠴᠦᠨ ᠢᠶᠠᠷ ᠬᠠᠪᠰᠤᠷᠴᠤ ᠪᠠᠶᠢᠭᠠᠳ ᠴᠡᠭᠡ ᠭᠢᠭᠦ᠂ ᠬᠠᠳᠠᠭᠠᠯᠠᠬᠤ᠂ ᠵᠥᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠠᠶᠢᠲᠤᠷ ᠰᠶᠢᠳᠪᠦᠷᠢᠯᠡᠨ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠮᠠᠯᠴᠢᠳ ᠤᠨ ᠣᠷᠣᠯᠭ᠎ᠠ ᠶᠢ ᠲᠣᠭᠲᠠᠭᠤᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠢ ᠭᠡᠪᠡ᠃      ᠵᠠᠩ ᠪᠠᠢ ᠴᠧᠩ ᠪᠠᠰᠠ ᠪᠤᠯᠠᠭᠠᠨ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠲᠠᠯᠠᠪᠠᠢ ᠳᠤ ᠭᠦᠨᠵᠡᠭᠡᠶᠢᠷᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠭᠦᠨᠵᠡᠭᠡᠶᠢᠷᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃      ᠠᠶᠢᠮᠠᠭ ᠤᠨ ᠤᠳᠤᠷᠢᠳᠤᠯᠭ᠎ᠠ ᠵᠢᠶᠠ ᠸᠧᠨ ᠽᠥᠩ᠂ ᠶᠠᠩ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号