ᠠᠶᠢᠮᠠᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠳᠦ ᠭᠦᠮᠦᠵᠢᠯ ᠤᠨ ᠠᠩᠬᠠᠳᠤᠭᠠᠷ ᠬᠤᠭᠤᠴᠠᠭᠠᠨ ᠤ ᠨᠤᠮ ᠤᠡᠭᠰᠢᠬᠤ ᠠᠩᠭᠢ ᠵᠢᠴᠢ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2023/10/8
     ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠤᠮ ᠤᠡᠭᠰᠢᠬᠤ ᠠᠩᠭᠢ ᠵᠢᠴᠢ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠬᠤᠪᠢ ᠬᠥᠮᠥᠨ ᠥᠪᠡᠰᠦᠪᠡᠨ ᠰᠤᠷᠤᠯᠴᠠᠬᠤ + ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ + ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ︾ ᠠᠷᠭ᠎ᠠ ᠭᠡᠯᠪᠡᠷᠢ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠥᠬᠦᠳ ᠣᠷᠣᠯᠴᠠᠵᠠᠢ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠳᠡᠳ᠋ ᠡᠷᠬᠢᠯᠡᠭᠴᠢ ᠯᠢ ᠬᠤᠩ ︽ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠦᠶ᠎ᠠ︾ ᠭᠡᠬᠦ ᠭᠤᠣᠯ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠪᠣᠳᠠᠲᠠᠢ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠡᠷᠦᠩᠬᠡᠢ ᠱᠦᠵᠢ ᠰᠢ ᠶᠢᠨ ᠫᠢᠡᠭ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠬᠤᠯᠠ ᠶᠤᠰᠤ ᠤᠴᠢᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠰᠢᠰᠲ᠋ᠧᠮ ᠲᠠᠢ᠂ ᠭᠦᠨᠵᠡᠭᠡᠢ ᠣᠶᠢᠯᠠᠭᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ᠂ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠣᠯᠪᠠᠰᠤᠷᠠᠩᠭᠤᠢ ᠡᠵᠡᠮᠰᠢᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠳᠠᠲᠠᠢ ᠠᠷᠭ᠎ᠠ ᠬᠡᠮᠵᠢᠶ᠎ᠡ᠂ ᠵᠥᠷᠢᠴᠡᠯ ᠠᠰᠠᠭᠤᠳᠠᠯ ᠢ ᠰᠶᠢᠳᠪᠦᠷᠢᠯᠡᠬᠦ ᠰᠡᠳᠬᠢᠮᠵᠢ ᠠᠷᠭ᠎ᠠ ᠭᠡᠮᠵᠢᠶ᠎ᠠ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠪᠣᠯᠭᠠᠨ ᠬᠤᠪᠢᠷᠠᠭᠤᠯᠵᠤ᠂ ᠮᠠᠨ ᠤ ᠠᠶᠢᠮᠠᠭ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠭᠡᠷᠡᠭᠳᠡᠢ ᠭᠡᠪᠡ᠃      ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号