ᠵᠠᠩ ᠪᠠᠢ ᠴᠧᠩ ᠲᠠᠶᠢᠹᠤᠰᠧ ᠬᠤᠰᠢᠭᠤ ᠰᠢᠯᠤᠭᠤᠨ ᠬᠥᠬᠡ ᠬᠤᠰᠢᠭᠤ ᠰᠢᠯᠢ ᠶᠢᠨ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/8
     ᠣᠷᠴᠢᠮ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠲᠠᠶᠢᠹᠤᠰᠧ ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠢ ᠶᠢᠨ ᠬᠤᠲᠠ ᠳᠤ ᠬᠦᠷᠴᠦ ᠠᠳᠤᠭᠤᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠣᠯᠣᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠳᠠ ᠶᠢ ᠤᠯᠬᠤ ᠭᠤᠣᠯᠳᠠᠯᠭ᠎ᠠ ᠲᠠᠢ ᠢᠨᠵᠧᠨᠧᠷᠢᠩ ᠤᠨ 2023 ᠣᠨ ᠤ ᠨᠠᠮᠤᠷ ᠤᠨ ᠤᠯᠠᠷᠢᠯ ᠤᠨ ᠳᠠᠶᠢᠯᠠᠯᠳᠤᠭᠠᠨ ᠤ ᠡᠬᠢᠯᠡᠯᠲᠡ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠠᠢ᠃      ᠵᠠᠩ ᠪᠠᠢ ᠴᠧᠩ ᠡᠩ ᠲᠡᠷᠢᠬᠦᠨ ᠳᠤ ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ ᠰᠤᠶᠤᠯ ᠤᠨ ᠬᠦᠷᠢᠶᠡᠯᠡᠩ ᠳᠤ ᠬᠦ᠋ᠷᠴᠦ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠳᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠦᠭᠡᠢ ᠤᠷᠲᠤᠳᠬᠠᠵᠤ᠂ ᠡᠭᠦᠯᠳᠡᠷ ᠪᠤᠶᠢᠵᠢᠭᠤᠯᠬᠤ᠂ ᠠᠳᠤᠭᠤᠨ ᠤ ᠠᠷᠠᠯᠵᠢᠶ᠎ᠠ ᠬᠢᠬᠦ᠂ ᠠᠳᠤᠭᠤ ᠶᠢ ᠨᠠᠶᠢᠳᠠᠨ ᠲᠡᠵᠢᠭᠡᠯᠭᠡᠬᠦ᠂ ᠵᠤᠭ᠎ᠠ ᠴᠡᠩᠭᠡᠯ᠂ ᠤᠷᠤᠯᠳᠤᠭᠠᠨ ᠲᠡᠮᠡᠴᠡᠭᠡᠨ ᠤ ᠬᠠᠮᠵᠢᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠤᠨ ᠠᠬᠢᠭᠤᠯᠵᠤ᠂ ᠣᠲᠣ ᠦᠶ᠎ᠡ ᠶᠢᠨ ᠠᠳᠤᠭᠤᠨ ᠤ ᠠᠵᠤ ᠦᠢᠯᠡᠰ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠰᠠᠩ ᠤᠨ ᠳᠠᠯᠠᠢ ᠪᠠᠯᠭᠠᠰᠤ ᠶᠢᠨ ᠡᠷᠳᠡᠨᠢᠳᠠᠯᠠᠢ ᠶᠢᠨ ᠡᠯᠡᠰᠦᠷᠬᠡᠭ ᠭᠠᠵᠠᠷ ᠲᠤ᠂ ᠵᠠᠩ ᠪᠠᠢ ᠴᠧᠩ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠳᠠ ᠶᠢ ᠤᠯᠬᠤ ᠭᠤᠣᠯᠳᠠᠯᠭ᠎ᠠ ᠲᠠᠢ ᠢᠨᠵᠧᠨᠧᠷᠢᠩ ᠤᠨ 2023 ᠣᠨ ᠤ ᠨᠠᠮᠤᠷ ᠤᠨ ᠤᠯᠠᠷᠢᠯ ᠤᠨ ᠳᠠᠶᠢᠯᠠᠯᠳᠤᠭᠠᠨ ᠤ ᠡᠬᠢᠯᠡᠯᠲᠡ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠵᠢᠭᠠᠨ ᠵᠢᠯᠤᠭᠤᠳᠬᠤ  ᠰᠢᠰᠲ᠋ᠧᠮ ᠢ ᠪᠦᠷᠢᠨᠰᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠪᠡᠯᠡᠳᠬᠡᠯ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠡᠬᠢᠯᠡᠯᠲᠡ ᠶᠢᠨ ᠬᠤᠷᠠᠯ ᠤᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠯᠢ ᠶᠢᠨ ᠬᠤᠲᠠ ᠶᠢᠨ ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ ᠳᠤ᠂ ᠵᠠᠩ ᠪᠠᠢ  ᠴᠸᠡᠭ ᠰᠤᠶᠤᠯ ᠵᠢᠭᠤᠯᠴᠢᠯᠠᠯ ᠤᠨ ᠲᠦᠷᠦᠯ ᠵᠦᠢᠯ ᠤᠨ ᠲᠥᠯᠦᠪᠵᠢᠭᠦᠯᠭᠡ᠂ ᠭᠠᠵᠠᠷ ᠤᠨ ᠰᠣᠩᠭᠤᠯᠲᠠ᠂ ᠪᠡᠯᠡ ᠣᠷᠣᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠶᠢᠭᠠᠯᠢ ᠶᠢᠨ ᠡᠬᠢ ᠪᠠᠶᠠᠯᠢᠭ ᠲᠤ ᠰᠠᠭᠤᠷᠢᠯᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠠᠢ ᠤᠶᠠᠯᠳᠤᠭᠤᠯᠵᠤ ᠂ ᠲᠥᠯᠦᠪᠵᠢᠭᠦᠯᠭᠡ ᠶᠢᠨ ᠲᠥᠰᠥᠯ ᠢᠶᠠᠨ ᠤᠯᠠᠮ ᠲᠡᠭᠦᠯᠳᠡᠷᠵᠢᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠤᠳᠤᠷᠢᠳᠤᠯᠭ᠎ᠠ ᠵᠢᠶᠠ ᠸᠧᠨ ᠽᠥᠩ᠂ ᠶᠠᠩ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号