24 ᠤ ᠡᠳᠦᠷ ᠪᠣᠯ ᠬᠠᠩᠵᠧᠦ ᠶᠢᠨ 19 ᠳ᠋ᠦ᠋ᠭᠡᠷ ᠬᠤᠭᠤᠴᠠᠭᠠᠨ ᠤ ᠠᠽᠢᠶ᠎ᠠ ᠶᠢᠨ ᠪᠡᠶ᠎ᠡ ᠶᠢᠨ ᠲᠠᠮᠢᠷ ᠤᠨ | ᠴᠤᠭᠯᠠᠭᠠᠨ ᠡᠬᠢᠯᠡᠭᠰᠡᠨ ᠤ ᠳᠠᠷᠠᠭᠠᠬᠢ ᠠᠩᠬᠠᠨ ᠤ ᠤᠷᠤᠯᠳᠤᠭᠠᠨ ᠤ ᠡᠳᠦᠷ ᠪᠣᠯᠣᠨ᠎ᠠ᠂ ᠳᠤᠮᠳᠠᠳᠤ ᠤᠯᠤᠰ ᠤᠨ | ᠲᠥᠯᠥᠭᠡᠯᠡᠭᠴᠢᠳ ᠤᠨ ᠪᠦᠯᠬᠦᠮ ᠠᠩᠬᠠᠨ ᠤ ᠠᠯᠲᠠᠨ ᠮᠧᠳᠠᠯ ᠤᠨ ᠡᠵᠡᠨ ᠪᠣᠯᠣᠭᠰᠠᠨ ᠤ ᠬᠠᠮᠲᠤ ᠫᠤᠤᠳᠠᠯᠭ᠎ᠠ᠂ | ᠤᠮᠪᠠᠯᠲᠠ ᠵᠡᠷᠭᠡ ᠲᠥᠷᠥᠯ ᠤᠨ ᠤᠷᠤᠯᠳᠤᠭᠠᠨ ᠳᠤ ᠠᠮᠵᠢᠯᠲᠠ ᠲᠠᠢ ᠤᠷᠤᠯᠳᠤᠵᠤ᠂ 20 ᠠᠯᠲᠠ᠂ 7 ᠮᠥᠩᠭᠦ᠂ 3 | ᠬᠦᠷᠡᠯ ᠮᠧᠳᠠᠯ ᠤᠨ ᠬᠢᠷᠢ ᠪᠦᠲᠦᠮᠵᠢ ᠪᠠᠷ ᠮᠧᠳᠠᠯ ᠤᠨ ᠲᠤᠭ᠎ᠠ ᠪᠠᠷ ᠢᠶᠠᠨ ᠲᠡᠷᠢᠭᠦᠨ ᠪᠠᠶᠢᠷᠢᠨ ᠳᠤ ᠵᠢᠭᠰᠠᠭᠠᠭᠳᠠᠭᠰᠠᠨ | ᠪᠠᠶᠢᠨ᠎ᠠ᠃ ᠬᠠᠩᠵᠧᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠠᠩᠬᠠᠨ ᠤ ᠡᠳᠦᠷ | ᠪᠣᠯᠬᠤ 24 ᠤ ᠡᠳᠦᠷ ᠨᠡᠶᠢᠲᠡ 25 ᠲᠣᠮᠣ ᠲᠥᠷᠥᠯ ᠤᠨ ᠤᠷᠤᠯᠳᠤᠭᠠᠨ ᠶᠠᠪᠤᠭᠤᠯᠵᠤ᠂ 31 ᠠᠯᠲᠠᠨ ᠮᠧᠳᠠᠯ ᠢ | ᠰᠢᠯᠭᠠᠷᠠᠭᠤᠯᠤᠭᠰᠠᠨ ᠤ ᠳᠣᠲᠣᠷ᠎ᠠ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ 20 ᠠᠯᠲᠠ᠂ 7 | ᠮᠥᠩᠭᠦ᠂ 3 ᠬᠦᠷᠡᠯ ᠮᠧᠳᠠᠯ ᠭᠠᠷᠳᠠᠵᠤ᠂ ᠨᠡᠶᠢᠲᠡ 30 ᠮᠧᠳᠠᠯ ᠤᠨ ᠲᠤᠭ᠎ᠠ ᠪᠠᠷ ᠢᠶᠠᠨ ᠲᠡᠷᠢᠭᠦᠨ ᠪᠠᠶᠢᠷᠢᠨ ᠳᠤ | ᠣᠷᠣᠵᠠᠢ᠃ |