ᠡᠳᠡᠭᠡᠷ ᠳᠦᠷᠢᠮ ᠨᠢ ᠪᠢᠳᠠᠨ ᠤ ᠠᠮᠢᠳᠤᠷᠠᠯ ᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2023/10/8
     ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠦᠬᠡᠳ ᠨᠢᠯᠬᠠᠰ ᠤᠨ ᠬᠠᠭᠤᠷᠠᠢ ᠰᠦ ᠶᠢᠨ ᠪᠦᠲᠦᠭᠡᠭᠳᠡᠬᠦᠨ ᠤ ᠨᠠᠶᠢᠷᠠᠯᠭ᠎ᠠ ᠶᠢ ᠳᠠᠩᠰᠠᠯᠠᠨ ᠬᠠᠮᠢᠶᠠᠷᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠡᠦᠬᠡᠳ ᠨᠢᠯᠬᠠᠰ ᠤᠨ ᠬᠠᠭᠤᠷᠠᠢ  ᠰᠦ ᠶᠢᠨ ᠱᠣᠰᠢᠭ᠎ᠠ ᠲᠡᠮᠳᠡᠭ᠂ ᠲᠠᠶᠢᠯᠪᠤᠷᠢ ᠳᠤ ︽ᠭᠠᠳᠠᠭᠠᠳᠤ ᠠᠴᠠ ᠣᠷᠣᠭᠤᠯᠤᠭᠰᠠᠨ ᠰᠦ ᠪᠠᠷ ᠨᠠᠶᠢᠷᠠᠭᠤᠯᠤᠭᠰᠠᠨ︾ ᠵᠡᠷᠭᠡ ᠪᠠᠯᠠᠷᠬᠠᠢ ᠠᠭᠤᠯᠭ᠎ᠠ ᠶᠢ ᠪᠢᠴᠢᠵᠦ ᠣᠷᠣᠭᠤᠯᠬᠤ ᠶᠢ ᠴᠠᠭᠠᠵᠠᠯᠠᠵᠠᠢ᠃ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠲᠦᠷ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠰᠢᠨᠵᠢᠯᠡᠬᠦ ᠤᠬᠠᠭᠠᠨ ᠤ ᠲᠥᠷᠥᠯ ᠤᠨ ᠪᠣᠯᠪᠠᠰᠤᠷᠠᠯ ᠢ ᠰᠤᠷᠭᠠᠭᠤᠯᠢ ᠶᠢᠨ ᠭᠠᠳᠠᠨ᠎ᠠ ᠨᠢᠭᠤᠴᠠ ᠪᠠᠷ ᠬᠡᠯᠪᠡᠷᠢ ᠶᠢ ᠨᠢ ᠬᠤᠪᠢᠷᠠᠭᠤᠯᠵᠤ ᠥᠷᠨᠢᠭᠦᠯᠬᠦ ᠵᠡᠷᠭᠡ ᠠᠵᠢᠯᠯᠠᠭ᠎ᠠ ᠳᠤ ᠴᠣᠬᠢᠯᠲᠠ ᠥᠭᠬᠦ ᠪᠠᠷ ᠪᠣᠯᠵᠠᠢ᠃ ︽ᠠᠮᠤ ᠬᠦᠨᠡᠰᠦᠨ ᠤ ᠴᠢᠨᠠᠷ ᠤᠨ ᠠᠶᠣᠯᠭᠦᠢ ᠪᠠᠶᠢᠬᠤ ᠶᠢ ᠬᠢᠨᠠᠵᠤ ᠬᠠᠮᠢᠶᠠᠷᠬᠤ ᠳᠦᠷᠢᠮ︾ ᠢ 10 ᠳ᠋ᠤᠭᠠᠷ ᠰᠠᠷ᠎ᠠ  ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠠᠮᠤ ᠪᠤᠳᠠᠭ᠎ᠠ ᠡᠵᠡᠩᠨᠡᠭᠴᠢᠳ ᠨᠢ ᠠᠮᠤ ᠬᠦᠨᠡᠰᠦᠨ ᠤ ᠴᠢᠨᠠᠷ ᠤᠨ ᠠᠶᠣᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠠᠭᠠᠭᠠᠨ᠎ᠠ ᠭᠡᠵᠤ ᠲᠣᠳᠣᠷᠬᠠᠶᠢᠯᠠᠵᠠᠢ᠃ ︽ᠠᠵᠤ ᠠᠬᠤᠶᠢᠯᠠᠯ ᠤᠨ ᠨᠡᠷᠡᠶᠢᠳᠦᠯᠭᠡ ᠶᠢ ᠳᠠᠩᠰᠠᠯᠠᠨ ᠬᠠᠮᠢᠶᠠᠷᠬᠤ ᠲᠣᠭᠲᠠᠭᠠᠯ ᠢ ᠬᠡᠷᠡᠭᠵᠢᠭᠦᠯᠬᠦ  ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ  ᠳᠤ ᠠᠵᠤ ᠠᠬᠤᠶᠢᠯᠠᠯ ᠤᠨ ᠨᠡᠷᠡᠶᠢᠳᠦᠯᠭᠡ ᠶᠢ ᠳᠠᠩᠰᠠᠯᠠᠬᠤ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ  ᠶᠢᠨ ᠲᠥᠷᠥ ᠶᠢᠨ  ᠪᠣᠳᠣᠯᠭ᠎ᠠ ᠲᠠᠢ ᠬᠤᠯᠪᠣᠭᠳᠠᠬᠤ ᠦᠭᠡ ᠦᠰᠦᠭ ᠢ ᠬᠡᠷᠡᠭᠯᠡᠬᠦ ᠶᠢ ᠴᠠᠭᠠᠵᠠᠯᠠᠭᠰᠠᠨ ᠪᠠᠶᠢᠨ᠎ᠠ᠃ ︽ᠬᠠᠷᠠᠭ᠎ᠠ ᠰᠣᠨᠣᠷ ᠤᠨ ᠬᠤᠮᠰᠠᠳᠠᠯ ᠲᠠᠢ ᠵᠡᠮᠳᠡᠭᠴᠦᠳ ᠤᠨ ᠨᠡᠶᠢᠲᠡ ᠶᠢᠨ ᠬᠡᠷᠡᠭᠯᠡᠭᠡᠨ ᠤ ᠬᠡᠯᠡ ᠪᠢᠴᠢᠭ ᠤᠨ ᠬᠢᠷᠢ ᠲᠦᠪᠰᠢᠨ ᠤ ᠰᠢᠯᠭᠠᠯᠲᠠ ᠶᠢᠨ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠠᠷᠠᠭ᠎ᠠ ᠰᠣᠨᠣᠷ ᠤᠨ ᠬᠤᠮᠰᠠᠳᠠᠯ ᠲᠠᠢ ᠬᠥᠮᠥᠰ ᠨᠡᠶᠢᠲᠡ ᠶᠢᠨ ᠬᠡᠷᠡᠭᠯᠡᠭᠡᠨ ᠤ ᠬᠡᠯᠡ ᠪᠢᠴᠢᠭ ᠤᠨ ᠬᠢᠷᠢ ᠲᠦᠪᠰᠢᠨ ᠤ ᠰᠢᠯᠭᠠᠯᠲᠠ ᠳᠤ ᠣᠷᠣᠯᠴᠠᠵᠤ ᠪᠣᠯᠣᠨ᠎ᠠ ᠭᠡᠵᠤ ᠲᠣᠭᠲᠠᠭᠠᠵᠠᠢ᠃ ︽ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠣᠷᠣᠩᠨᠠᠬᠤ ᠭᠠᠵᠠᠷ ᠤᠨ ᠳᠦᠷᠢᠮ ᠢ  ᠪᠠᠶᠢᠭᠤᠯᠤᠭᠰᠠᠨ ᠪᠠᠶᠢᠨ᠎ᠠ᠃ ︽ᠬᠤᠪᠧᠢ ᠮᠤᠵᠢ ᠶᠢᠨ ᠰᠤᠷᠭᠠᠭᠤᠯᠢ  ᠶᠢᠨ ᠣᠶᠢᠷ᠎ᠠ ᠬᠠᠪᠢ ᠶᠢᠨ ᠠᠶᠣᠯᠭᠦᠢ ᠶᠢᠨ ᠣᠷᠣᠨ ᠤ ᠬᠠᠮᠢᠶᠠᠷᠤᠯᠲᠠ ᠶᠢᠨ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠤᠪᠧᠢ ᠮᠤᠵᠢ ᠶᠢᠨ ᠬᠢᠨ ᠰᠤᠷᠭᠠᠭᠤᠯᠢ ᠶᠢᠨ ᠣᠶᠢᠷ᠎ᠠ ᠬᠠᠪᠢ ᠶᠢᠨ 200 ᠮᠧᠲᠷ ᠤᠨ ᠵᠠᠢ ᠳᠤ ᠠᠶᠣᠯᠭᠦᠢ ᠶᠢᠨ ᠣᠷᠣᠨ ᠭᠠᠷᠭᠠᠨ᠎ᠠ ᠭᠡᠵᠤ ᠲᠣᠭᠲᠠᠵᠠᠢ᠃ ︽ᠬᠠᠶᠢᠰᠢ ᠶᠢᠨ ᠮᠣᠩᠭᠤᠯ ᠦᠨᠳᠦᠰᠦᠲᠡᠨ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠮᠦᠷᠢ ᠶᠢᠨ ᠠᠭᠤᠯᠠ ᠠᠭᠤᠷᠬᠠᠢ ᠶᠢᠨ ᠣᠷᠣᠨ ᠤ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠨᠡ ᠪᠣᠯ ᠬᠥᠬᠡᠨᠠᠭᠤᠷ ᠮᠤᠵᠢ ᠶᠢᠨ ᠠᠭᠤᠯᠠ ᠠᠭᠤᠷᠬᠠᠢ ᠶᠢᠨ ᠣᠷᠣᠨ ᠤ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠠᠩᠬᠠᠳᠠᠭᠴᠢ ᠳᠦᠷᠢᠮ ᠲᠣᠭᠲᠠᠭᠠᠯ ᠪᠣᠯᠣᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号