ᠰᠢᠯᠤᠭᠤᠨ ᠬᠦᠭᠡ ᠬᠤᠰᠢᠭᠤᠨ ᠤ ᠦᠭᠡᠷ ᠤᠨ ᠡᠬᠦᠯᠲᠡᠷ ᠰᠠᠶᠢᠵᠢᠷᠠᠭᠤᠯᠤᠯᠳᠠ ᠶᠢᠨ ᠨᠤᠷᠮ᠎ᠠ 96% ᠬᠦᠷᠪᠡ
ᠨᠡᠶᠢᠲᠡᠯᠡᠭᠰᠡᠨ ᠴᠠᠭ᠄
2023/10/9
     ᠰᠢᠯᠤᠭᠤᠨ ᠬᠦᠭᠡ ᠬᠤᠰᠢᠭᠤᠨ ᠤ ᠱᠠᠩᠲᠤ ᠶᠢᠨ ᠭᠤᠤᠯ ᠪᠠᠯᠭᠠᠰᠤᠨ ᠤ ᠬᠤᠸᠠᠩᠴᠢ ᠭᠠᠴᠠᠭᠠᠨ ᠤ ᠮᠠᠯᠴᠢᠨ ᠴᠤᠭᠲᠤ᠄ ︽ᠤᠶᠢᠷᠠᠬᠠᠨ ᠮᠠᠨ ᠤ ᠬᠢ ᠲᠡᠭᠡᠷ᠎ᠡ ᠵᠢᠯ ᠤᠨ ᠬᠤᠸᠡᠰᠢ ᠡᠭᠦᠯᠳᠡᠷ ᠤᠨ ᠲᠤᠭᠤᠯ ᠢᠶᠠᠨ ᠡᠷ᠎ᠡ ᠶᠢ ᠨᠢ ᠦᠷ᠎ᠡ ᠶᠢᠨ ᠮᠠᠯ ᠢᠶᠠᠷ ᠵᠠᠷᠤᠵᠤ᠂ ᠦᠬᠢᠨ ᠲᠤᠭᠤᠯ ᠢᠶᠠᠨ ᠲᠡᠭᠰᠢᠳᠬᠡᠭᠡᠳ 15000 ᠲᠦᠬᠦᠷᠢᠭ ᠢᠶᠠᠷ ᠭᠠᠲᠠᠨ᠎ᠠ ᠶᠢᠨ ᠮᠠᠶᠢᠮᠠᠶᠢᠴᠢᠨ ᠳᠤ ᠬᠤᠳᠠᠯᠳᠤᠵᠦ᠂ ᠰᠠᠶᠢᠨ ᠦᠨ᠎ᠠ ᠬᠦᠷᠤᠯ᠎ᠠ ᠬᠡᠵᠤ ᠪᠤᠲᠤᠵᠤ ᠪᠠᠶᠢᠨ᠎ᠠ︾ ᠬᠡᠵᠤ ᠰᠡᠳᠬᠢᠯ ᠬᠠᠨᠤᠮᠵᠢᠳᠠᠢ ᠶᠠᠷᠢᠨ᠎ᠠ᠃ ᠰᠢᠯᠤᠭᠤᠨ ᠬᠦᠭᠡ ᠬᠤᠰᠢᠭᠤ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠂ ᠮᠠᠯᠴᠢᠳ ᠤᠨ ᠤᠷᠤᠯᠭ᠎ᠠ ᠶᠢ ᠨᠡᠮᠡᠭᠲᠡᠬᠦᠯᠬᠦ ᠶᠢᠨ ᠳᠦᠯᠦᠭᠡ᠂ ᠦᠭᠡᠷ ᠤᠨ ᠠᠵᠤ ᠦᠢᠯᠡᠰ ᠢ ᠡᠷᠴᠢᠮᠲᠠᠢ ᠬᠦᠭᠵᠢᠬᠦᠯᠵᠤ᠂ ᠮᠠᠯ ᠤᠨ ᠡᠬᠦᠯᠲᠡᠷ ᠰᠠᠶᠢᠵᠢᠷᠠᠭᠤᠯᠤᠯᠳᠠ ᠶᠢ ᠴᠢᠩᠭ᠎ᠠ ᠠᠳᠬᠤᠨ᠂ ︽ᠴᠦᠬᠡᠨ ᠮᠠᠯ ᠠᠴᠠ ᠦᠡᠲᠤᠷ ᠦᠷ᠎ᠡ ᠠᠰᠢᠬ ᠬᠦᠷᠳᠡᠬᠦ︾ ᠵᠠᠮ ᠢᠶᠠᠷ ᠵᠠᠮᠨᠠᠪᠠ᠃ ᠪᠦᠬᠦ ᠠᠶᠢᠮᠠᠭ ᠤᠨ ᠨᠢᠭᠡᠲᠤᠯᠲᠠᠢ ᠲᠤᠬᠢᠷᠠᠭᠤᠯᠭ᠎ᠠ ᠪᠠᠷ ᠳᠤᠰ ᠬᠤᠰᠢᠭᠤ 2005 ᠤᠨ ᠠᠴᠠ ᠦᠭᠡᠷ ᠤᠨ ᠢᠴᠡᠭᠡᠯ ᠦᠷ᠎ᠡ ᠶᠢᠨ ᠬᠡᠬᠡᠯᠲᠤᠬᠦᠯᠭᠡ ᠶᠢᠨ ᠠᠵᠢᠯ ᠢ ᠠᠳᠬᠤᠨ᠂ ᠤᠷᠢᠳ ᠬᠤᠵᠢᠳ 137 ᠲᠦᠮᠡ ᠭᠠᠷᠤᠢ ᠦᠨᠢᠶᠡᠨ ᠳᠤ ᠢᠴᠡᠬᠡᠯ ᠦᠷ᠎ᠠ ᠶᠢᠨ ᠬᠡᠬᠡᠯᠲᠤᠬᠦᠯᠭᠡ ᠬᠢᠵᠤ᠂ ᠤᠳᠤ ᠦᠭᠡᠷ ᠤᠨ ᠡᠬᠦᠯᠲᠡᠷ ᠰᠠᠶᠢᠵᠢᠷᠠᠭᠰᠠᠨ ᠨᠤᠷᠮ᠎ᠠ 96% ᠬᠦᠷᠴᠤ᠂ 20 ᠭᠠᠷᠤᠢ ᠵᠢᠯ ᠤᠨ ᠲᠤᠷᠰᠢ 22 ᠤᠲᠠᠭ᠎ᠠ ᠶᠢᠨ ᠦᠭᠡᠷ ᠤᠨ ᠢᠴᠡᠬᠡᠯ ᠦᠷ᠎ᠠ ᠶᠢᠨ ᠬᠡᠬᠡᠯᠲᠤᠬᠦᠯᠭᠡ ᠶᠢᠨ ᠮᠡᠷᠭᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠨ᠂ 1870 ᠮᠠᠯᠴᠢᠨ ᠮᠡᠷᠭᠡᠵᠢᠯᠲᠡᠨ ᠢ ᠬᠦᠮᠤᠵᠢᠬᠦᠯᠵᠡᠢ᠃      ᠤᠲᠤᠬᠠᠨ ᠳᠤ ᠰᠢᠯᠤᠭᠤᠨ ᠬᠦᠭᠡ ᠬᠤᠰᠢᠭᠤᠨ ᠤ ᠦᠭᠡᠷ ᠤᠨ ᠲᠤᠭ᠎ᠠ 30 ᠲᠦᠮᠨ ᠶᠢ ᠲᠠᠪᠠᠵᠤ᠂ ᠡᠬᠦᠨ ᠳᠤ ᠡᠭᠡ ᠮᠠᠯ 20 ᠭᠠᠷᠤᠢ ᠲᠦᠮᠡ ᠪᠤᠢ᠃ ᠪᠦᠬᠦ ᠬᠤᠰᠢᠭᠤᠨ ᠤ ᠬᠡᠪᠴᠢᠶᠠᠨ ᠳᠤ ᠪᠡᠶ᠎ᠡ ᠪᠠᠨ ᠲᠠᠭᠠᠭᠠᠵᠤ ᠢᠴᠡᠬᠡᠯ ᠦᠷ᠎ᠡ ᠶᠢᠨ ᠬᠡᠬᠡᠯᠲᠤᠬᠦᠯᠭᠡ ᠬᠢᠵᠤ ᠴᠢᠲᠠᠬᠤ ᠮᠠᠯᠴᠢᠨ ᠮᠡᠷᠭᠡᠵᠢᠯᠲᠡᠨ 500 ᠪᠤᠯᠵᠦ᠂ ᠡᠨᠡ ᠵᠢᠯ 7 ᠲᠦᠮᠡᠨ ᠦᠨᠢᠶᠡᠨ ᠳᠤ ᠢᠴᠡᠭᠡᠯ ᠦᠷ᠎ᠠ ᠶᠢᠨ ᠭᠡᠭᠡᠯᠲᠤᠬᠦᠯᠭᠡ ᠬᠢᠵᠤ᠂ ᠠᠶᠢᠮᠠᠭ ᠠᠴᠠ ᠪᠠᠭᠤᠯᠭᠠᠭᠰᠠᠨ 9 ᠲᠦᠮᠡᠨ ᠦᠨᠢᠶᠡᠨ ᠳᠤ ᠢᠴᠡᠬᠡᠯ ᠦᠷ᠎ᠡ ᠶᠢᠨ ᠬᠡᠬᠡᠯᠲᠤᠬᠦᠯᠭᠡ ᠬᠢᠬᠦ ᠡᠬᠦᠷᠭᠡ ᠶᠢᠨ 86%᠎ ᠶᠢ ᠨᠢᠭᠡᠨᠳᠡ ᠪᠡᠶᠡᠯᠡᠬᠦᠯᠵᠡᠢ᠃ 2016 ᠤᠨ ᠠᠴᠠ ᠨᠠᠭᠠᠰᠢ ᠰᠢᠯᠤᠭᠤᠨ ᠬᠦᠭᠡ ᠬᠤᠰᠢᠭᠤ ᠮᠠᠨ ᠤ ᠠᠶᠢᠮᠠᠭ ᠤᠨ ︽ᠬᠤᠨᠢ ᠶᠢ ᠴᠦᠭᠡᠴᠢᠯᠡᠵᠥ ᠦᠭᠡᠷ ᠢ ᠨᠡᠮᠡᠭᠲᠡᠬᠦᠯᠬᠦ︾ ᠪᠠᠶᠢᠯᠲᠤᠬᠤ ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠰᠢᠯᠢᠲᠡᠭ ᠡᠬᠦᠯᠲᠡᠷ ᠤᠨ ᠦᠭᠡᠷ ᠢ ᠲᠡᠵᠢᠬᠡᠨ ᠦᠷᠡᠵᠢᠬᠦᠯᠬᠦ ᠪᠠᠷ ᠭᠤᠤᠯᠯᠠᠬᠤ ᠠᠵᠤ ᠦᠢᠯᠡᠰ ᠢᠶᠠᠨ ᠪᠤᠯᠭᠠᠨ᠂ ᠤᠲᠤ ᠦᠶ᠎ᠡ ᠶᠢᠨ ᠦᠡᠲᠤᠷ ᠦᠷ᠎ᠠ ᠠᠰᠢᠭᠲᠤ ᠮᠠᠯ ᠠᠵᠤ ᠠᠬᠤᠢ ᠳᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠪᠠᠨ ᠤᠯᠠᠮ ᠳᠦᠷᠭᠡᠳᠭᠡᠪᠡ᠃ ᠤᠳᠤ ᠳᠤᠰ ᠬᠤᠰᠢᠭᠤᠨ ᠳᠤ ᠠᠶᠢᠮᠠᠭ ᠤᠨ ᠲᠡᠰ ᠤᠨ ᠰᠢᠮᠧᠨ᠋ᠲ᠋ᠠᠷ ᠦᠬᠡᠷ ᠤᠨ ᠭᠤᠤᠯᠲᠠᠯᠭᠠᠲᠤ ᠰᠦᠷᠦᠭ 60 ᠭᠠᠷᠤᠢ ᠪᠤᠯᠵᠤ᠂ ᠠᠶᠢᠮᠠᠭ ᠤᠨ ᠲᠡᠰ ᠤᠨ ᠬᠤᠸᠠᠰᠢ ᠦᠭᠡᠷ ᠢ ᠦᠰᠬᠡᠨ ᠦᠷᠡᠵᠢᠭᠦᠯᠬᠦ ᠭᠤᠤᠯᠲᠠᠯᠭᠠᠲᠤ ᠰᠦᠷᠦᠭ 18 ᠪᠤᠯᠵᠤ ᠨᠡᠮᠡᠭᠲᠡᠭᠰᠡᠨ ᠪᠠᠶᠢᠨ᠎ᠠ᠃ ︽8 ᠰᠠᠷ᠎ᠠ ᠳᠤ ᠡᠾᠧᠨᠠᠨ ᠮᠤᠵᠢ ᠶᠢᠨ ᠲᠢᠩ ᠶᠤᠸᠠᠢ ᠦᠷ᠎ᠠ ᠶᠢᠨ ᠮᠠᠯ ᠤᠨ ᠲᠠᠯᠠᠪᠠᠢ ᠮᠠᠨ ᠤ ᠬᠤᠰᠢᠭᠤᠨ ᠠᠴᠠ ᠲᠦᠷᠪᠡ ᠲᠠᠪᠤᠨ ᠰᠠᠷ᠎ᠠ ᠪᠤᠯᠵᠤ ᠪᠠᠶᠢᠭ᠎ᠠ 112 ᠬᠤᠸᠠᠰᠢ ᠦᠬᠢᠨ ᠲᠤᠭᠤᠯ ᠢ ᠬᠦᠪᠤᠷᠠᠯ ᠰᠢᠯᠵᠢᠬᠦᠯᠬᠦ ᠪᠤᠶᠤ ᠡᠭᠡ ᠮᠠᠯ ᠪᠤᠯᠭᠠᠬᠤ ᠪᠠᠷ ᠲᠡᠭᠰᠢᠳᠬᠡᠬᠡᠳ 15000 ᠲᠦᠬᠦᠷᠢᠭ ᠢᠶᠠᠷ ᠬᠤᠲᠠᠯᠲᠤᠨ ᠠᠪᠤᠪᠠ᠂ ᠡᠨᠡ ᠨᠢ ᠮᠠᠨ ᠤ ᠬᠤᠰᠢᠭᠤᠨ ᠤ ᠦᠭᠡᠷ ᠤᠨ ᠡᠬᠦᠯᠲᠡᠷ ᠰᠠᠶᠢᠵᠢᠷᠠᠭᠰᠠᠨ ᠬᠡᠲᠡᠭ ᠢ ᠬᠠᠷᠠᠭᠤᠯᠵᠤ ᠪᠠᠶᠢᠬᠤ ᠮᠦᠷᠲᠡᠭᠡᠨ ᠰᠤᠩᠭᠤᠨ ᠪᠤᠶᠢᠵᠢᠭᠤᠯᠤᠭᠰᠠᠨ ᠰᠢᠯᠢᠲᠡᠭ ᠡᠬᠦᠯᠲᠡᠷ ᠤᠨ ᠮᠠᠯ ᠤᠨ ᠦᠨ᠎ᠠ ᠬᠠᠨᠭ᠍ᠰᠢ ᠮᠦᠨ ᠦᠡᠲᠤᠷ ᠪᠠᠶᠢᠭᠰᠠᠭᠠᠷ ᠭᠡᠲᠡᠭ ᠢ ᠬᠠᠷᠠᠭᠤᠯᠵᠤ ᠪᠠᠶᠢᠬᠤ ᠶᠤᠮ︾ ᠬᠡᠵᠤ ᠰᠢᠯᠤᠭᠤᠨ ᠬᠦᠭᠡ ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠦᠷᠲᠡᠭᠡᠨ ᠤ ᠲᠠᠷᠤᠭ᠎ᠠ ᠤᠯᠠᠭᠠᠨ ᠭᠡᠯᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号