ᠨᠠᠩ ᠣᠯᠠᠨ ᠮᠠᠯᠴᠢᠨ ᠢ ᠲᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2023/10/9
     ᠠᠪᠠᠭ᠎ᠠ ᠬᠤᠰᠢᠭᠤᠨ ᠤ ᠨᠠᠷᠠᠨᠪᠤᠯᠠᠭ ᠰᠤᠮᠤ ᠶᠢᠨ ᠰᠢᠨᠡᠭᠤᠪᠢ ᠭᠠᠴᠠᠭ᠎ᠠ ᠶᠢᠨ ᠬᠤᠴᠠ ᠪᠤᠶᠢᠵᠢᠭᠤᠯᠬᠤ ᠲᠤᠰᠬᠠᠢ ᠬᠤᠷᠰᠢᠶᠠᠵᠢᠯ ᠳᠤ ᠭᠦᠷᠭᠦ ᠳᠤ ᠲᠠᠷᠭᠤ ᠰᠠᠶᠢᠳᠠᠢ 1000 ᠭᠠᠷᠤᠢ ᠤᠷᠢᠶᠠᠩᠬᠠᠢ ᠡᠬᠦᠯᠳᠡᠷ ᠤᠨ ᠬᠤᠴᠡ ᠳᠠᠪᠠᠳᠠᠢ ᠢᠳᠡᠰᠢᠯᠡᠨ᠎ᠠ᠃ ᠬᠤᠷᠰᠢᠶᠠᠵᠢᠯ ᠤᠨ ᠬᠠᠷᠢᠭᠤᠴᠠᠯᠭᠠᠳᠠᠨ ᠪᠠᠲᠤᠪᠠᠶᠠᠷ ᠪᠢᠳᠡᠨ ᠳᠤ ᠨᠢᠭᠡᠨ ᠳᠠᠩᠰᠠ ᠪᠤᠳᠤᠵᠤ ᠦᠭᠭᠦᠯ᠎ᠠ᠄ ᠨᠢᠳᠤᠨᠤᠨ ᠬᠤᠷᠰᠢᠶᠠᠵᠢᠯ ᠨᠢ ᠡᠷᠬᠢᠨ ᠲᠣᠭᠤᠷᠢᠨ ᠤ ᠭᠠᠴᠠᠭᠠᠨ ᠤ ᠮᠠᠯᠴᠢᠳ ᠲᠤ 800 ᠬᠤᠴᠠ ᠲᠦᠷᠢᠶᠡᠰᠦᠯᠡᠨ ᠥᠭᠴᠦ᠂ ᠵᠢᠯ ᠳᠤ 2.4 ᠲᠦᠮᠨ ᠰᠢᠬᠠᠮ ᠬᠤᠷᠠᠭ᠎ᠠ ᠳᠤᠰᠴᠦ ᠴᠢᠳᠠᠨ᠎ᠠ᠃ ᠨᠢᠭᠡ ᠰᠠᠶᠢᠨ ᠬᠤᠴᠠ ᠪᠣᠯᠣᠨ ᠡᠩ ᠤᠨ ᠬᠤᠴᠠ ᠶᠢᠨ ᠬᠤᠷᠠᠭ᠎ᠠ 6 ᠵᠢᠩ ᠤᠨ ᠵᠥᠷᠢᠶ᠎ᠡ ᠲᠠᠢ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠪᠠᠯ᠂ ᠬᠤᠷᠠᠭ᠎ᠠ ᠨᠢᠭᠡᠪᠦᠷᠢ ᠶᠢᠨ ᠦᠨ᠎ᠡ ᠨᠢ 72 ᠲᠥᠭᠦᠷᠢᠭ ᠤᠨ ᠵᠥᠷᠢᠶ᠎ᠡ ᠲᠠᠢ ᠪᠤᠯᠤᠨ᠎ᠠ᠃ ᠳᠤᠰ ᠬᠤᠷᠰᠢᠶᠠᠵᠢᠯ 14 ᠵᠢᠯ ᠲᠠᠷᠠᠭᠠᠯᠠᠨ ᠬᠤᠴᠠ ᠲᠦᠷᠢᠶᠡᠰᠦᠯᠡᠭᠦᠯᠵᠦ᠂ ᠮᠠᠯᠴᠢᠳ ᠲᠤ ᠪᠤᠳᠠᠳᠠᠢ ᠠᠰᠢᠭ ᠭᠦᠷᠳᠡᠭᠡᠭᠰᠡᠨ ᠪᠠᠶᠢᠨ᠎ᠠ᠃ 2009 ᠣᠨ ᠤ 6 ᠰᠠᠷ᠎ᠠ ᠳᠤ᠂ ᠪᠠᠲᠤᠪᠠᠶᠠᠷ ︽ᠨᠠᠷᠠᠨᠪᠤᠯᠠᠭ︾ ᠬᠤᠴᠠ ᠪᠤᠶᠢᠵᠢᠭᠤᠯᠬᠤ ᠲᠤᠰᠬᠠᠢ ᠬᠤᠷᠰᠢᠶᠠᠵᠢᠯ ᠢ ᠡᠭᠦᠰᠬᠡᠨ ᠪᠠᠶᠢᠭᠤᠯᠵᠤ᠂ ᠬᠤᠴᠠ ᠶᠢ ᠲᠥᠪᠯᠡᠷᠡᠭᠦᠯᠦᠨ ᠪᠤᠶᠢᠵᠢᠭᠤᠯᠬᠤ ᠪᠠᠷ ᠳᠠᠮᠵᠢᠭᠤᠯᠦᠨ᠂ ᠬᠤᠷᠰᠢᠶᠠᠵᠢᠯ ᠤᠨ ᠭᠡᠰᠢᠭᠦᠳ ᠤᠨ ᠭᠠᠳᠠᠷ ᠣᠷᠣᠨ ᠠᠴᠠ ᠬᠤᠴᠠ ᠬᠤᠳᠠᠯᠳᠤᠨ ᠠᠪᠬᠤ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠦ᠂ 14 ᠵᠢᠯ ᠤᠨ ᠲᠤᠷᠰᠢ᠂ ᠭᠠᠴᠠᠭᠠᠨ ᠤ ᠮᠠᠯᠴᠢᠳ ᠲᠤ ᠮᠢᠩᠭᠠᠨ ᠲᠦᠮᠡᠨ ᠲᠥᠭᠦᠷᠢᠭ ᠤᠨ ᠣᠷᠣᠯᠭ᠎ᠠ ᠡᠭᠦᠳᠴᠦ ᠦᠭᠪᠡ᠃ ᠣᠳᠣᠬᠠᠨ ᠳᠤ᠂ ᠬᠤᠷᠰᠢᠶᠠᠵᠢᠯ ᠤᠨ ᠰᠠᠭᠤᠷᠢ ᠲᠥᠬᠦᠭᠡᠷᠦᠮᠵᠢ ᠶᠢᠨ ᠲᠠᠯᠠᠪᠠᠢ ᠨᠡᠶᠢᠳᠡ 3000 ᠬᠠᠪᠳᠠᠭᠠᠢ ᠳᠥᠷᠪᠡᠯᠵᠢᠨ  ᠮᠧᠲᠷ ᠪᠠᠶᠢᠵᠤ᠂ ᠡᠭᠦᠨ ᠳᠤ 2000 ᠬᠠᠪᠳᠠᠭᠠᠢ ᠳᠥᠷᠪᠡᠯᠵᠢᠨ ᠮᠧᠲᠷ ᠤᠨ ᠲᠡᠵᠢᠭᠡᠪᠦᠷᠢ ᠶᠢᠨ ᠫᠧᠩ᠂ 500 ᠬᠠᠪᠳᠠᠭᠠᠢ ᠳᠥᠷᠪᠡᠯᠵᠢᠨ  ᠮᠧᠲᠷ ᠤᠨ ᠳᠤᠯᠠᠭᠠᠨ ᠫᠧᠩ ᠂ 500 ᠬᠠᠪᠳᠠᠭᠠᠢ ᠳᠥᠷᠪᠡᠯᠵᠢᠨ  ᠮᠧᠲᠷ ᠤᠨ ᠲᠡᠵᠢᠭᠡᠯ ᠪᠣᠷᠳᠤᠭ᠎ᠠ ᠡᠳ᠋ᠰᠢᠭᠦᠯᠬᠦ ᠫᠧᠩ ᠪᠠᠶᠢᠭᠤᠯᠵᠦ᠂ ᠤᠳᠬᠤᠭᠤᠷ ᠲᠡᠷᠭᠡ᠂ ᠵᠢᠭᠤᠷᠠᠬᠤ ᠮᠠᠰᠢᠨ᠂ ᠴᠠᠬᠢᠯᠭᠠᠨ ᠡᠭᠦᠰᠭᠡᠭᠦᠷ᠂ ᠪᠣᠷᠳᠣᠭᠠᠨ ᠤ ᠮᠠᠰᠢᠨ ᠵᠡᠷᠭᠡ ᠣᠳᠣᠬᠢᠴᠢᠯᠠᠭᠰᠠᠨ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ ᠶᠢ ᠢᠵᠢ ᠪᠦᠷᠢᠳᠦᠭᠦᠯᠵᠡᠢ᠃ ︽ᠮᠠᠰᠢᠨᠴᠢᠯᠠᠯᠳᠠ ᠶᠢ ᠭᠦᠢᠴᠡᠳ ᠠᠰᠢᠭᠯᠠᠬᠤ ᠬᠡᠷᠡᠭᠲᠡᠢ᠂ ᠤᠨᠴᠠᠭᠠᠶᠢᠯᠠᠨ ᠵᠠᠷᠢᠮ ᠭᠡᠷ ᠪᠦᠯᠢ ᠳᠤ ᠬᠥᠳᠡᠯᠮᠦᠷᠢ ᠬᠦᠴᠦ ᠳᠤᠲᠠᠭᠳᠠᠵᠤ᠂ ᠡᠪᠡᠰᠦ ᠪᠤᠷᠳᠤᠭᠠᠨ ᠤ ᠨᠥᠭᠡᠴᠡ ᠬᠦᠷᠦᠯᠴᠡᠬᠦ ᠦᠭᠡᠢ᠂ ᠡᠪᠦᠯ ᠤᠨ ᠤᠯᠠᠷᠢᠯ ᠳᠤ ᠮᠠᠯ ᠢᠶᠠᠨ ᠲᠡᠵᠢᠭᠡᠵᠦ ᠪᠤᠷᠳᠤᠬᠤ ᠳᠤ ᠮᠠᠰᠢ ᠭᠦᠴᠢᠷᠳᠡᠵᠦ ᠪᠠᠶᠢᠭ᠎ᠠ ᠶᠢ ᠬᠠᠷᠠᠭᠠᠳ ᠨᠠᠳᠠ ᠳᠤ ᠪᠠᠰᠠ ᠭᠦᠢᠳᠡᠨ ᠤᠯᠠᠷᠢᠯ ᠳᠤ ᠦᠬᠡᠷ ᠢ ᠨᠠᠶᠢᠳᠠᠯᠭ᠎ᠠ ᠪᠠᠷ ᠬᠠᠮᠢᠶᠠᠷᠴᠥ ᠣᠷᠣᠯᠠᠨ ᠮᠠᠯᠵᠢᠬᠤ ᠪᠣᠳᠣᠯ ᠤᠷᠤᠯ᠎ᠠ︾ ᠭᠡᠵᠦ ᠪᠠᠲᠤᠪᠠᠶᠠᠷ ᠶᠠᠷᠢᠨ᠎ᠠ᠃ ᠢᠡᠭᠭᠢᠭᠡᠳ 2021 ᠣᠨ ᠤ 11 ᠰᠠᠷ᠎ᠠ ᠳᠤ᠂ ᠪᠠᠲᠤᠪᠠᠶᠠᠷ ᠬᠦᠢᠲᠡᠨ ᠤᠯᠠᠷᠢᠯ ᠳᠤ ᠦᠭᠡᠷ ᠢ ᠨᠠᠶᠢᠳᠠᠯᠭ᠎ᠠ ᠪᠠᠷ ᠬᠠᠮᠢᠶᠠᠷᠴᠥ ᠣᠷᠣᠯᠠᠨ ᠮᠠᠯᠵᠢᠬᠤ ᠰᠠᠭᠤᠷᠢᠨ ᠭᠠᠵᠠᠷ ᠢᠶᠠᠨ ᠪᠠᠶᠢᠭᠤᠯᠵᠦ᠂ ᠨᠢᠳᠤᠨᠤᠨ ᠡᠪᠦᠯ ᠨᠡᠶᠢᠲᠡ 300 ᠭᠠᠷᠤᠢ ᠦᠬᠡᠷ ᠢ 120 ᠡᠳᠦᠷ ᠤᠷᠤᠯᠠᠨ ᠮᠠᠯᠵᠢᠪᠠ᠂ ᠨᠢᠭᠡ ᠦᠬᠡᠷ ᠢ 23 ᠲᠥᠭᠦᠷᠢᠭ ᠤᠷᠴᠢᠮ ᠢᠶᠠᠷ ᠤᠷᠤᠯᠠᠨ ᠮᠠᠯᠵᠢᠵᠦ᠂ ᠲᠤᠰᠬᠠᠶᠢᠯᠠᠨ 2 ᠮᠠᠯᠴᠢᠨ ᠢ ᠤᠷᠢᠵᠤ ᠲᠡᠵᠢᠭᠡᠯ ᠪᠤᠷᠳᠤᠭ᠎ᠠ ᠦᠭᠭᠦ᠂ ᠲᠡᠵᠢᠭᠡᠨ ᠦᠷᠡᠵᠢᠭᠦᠯᠬᠦ ᠲᠣᠭᠤᠷᠢᠭ ᠢ ᠴᠡᠪᠡᠷᠯᠡᠭᠦ ᠵᠡᠷᠭᠡ ᠠᠵᠢᠯ ᠢ ᠬᠠᠷᠢᠭᠤᠴᠠᠭᠤᠯᠵᠠᠢ᠃      ᠲᠣᠰ ᠰᠠᠭᠤᠷᠢᠨ ᠭᠠᠵᠠᠷ ᠨᠢ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠨᠠᠶᠢᠳᠠᠯᠭ᠎ᠠ ᠪᠠᠷ ᠬᠠᠮᠢᠶᠠᠷᠴᠥ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠰᠡᠷᠭᠡᠶᠢᠯᠡᠬᠦ᠂ ᠪᠠᠶᠢᠴᠠᠭᠠᠬᠤ᠂ ᠪᠤᠷᠳᠤᠭ᠎ᠠ ᠭᠢᠭᠦ᠂ ᠠᠷᠠᠴᠢᠯᠠᠨ ᠮᠠᠯᠵᠢᠬᠤ ᠳᠤ ᠴᠥᠮ ᠮᠠᠰᠢᠨᠴᠢᠯᠠᠵᠠᠢ᠃ ᠡᠨᠡ ᠨᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠮᠠᠯᠴᠢᠳ ᠤᠨ ᠠᠰᠢᠭ ᠣᠷᠣᠯᠭ᠎ᠠ ᠶᠢ ᠪᠠᠲᠤᠯᠠᠭᠰᠠᠨ ᠢᠶᠠᠷ ᠪᠠᠷᠠᠬᠤ ᠦᠭᠡᠢ ᠪᠠᠲᠤᠪᠠᠶᠠᠷ ᠤᠨ ᠬᠢᠨ ᠤ ᠤᠷᠤᠯᠭ᠎ᠠ ᠴᠦ ᠨᠡᠯᠢᠶᠡᠳ ᠨᠡᠮᠡᠭᠳᠡᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠡᠨᠡ ᠵᠢᠯ ᠭᠠᠩ ᠤᠨ ᠪᠠᠶᠢᠳᠠᠯ ᠳᠤ ᠴᠢᠭᠯᠡᠭᠦᠯᠦᠨ᠂ ᠪᠠᠲᠤᠪᠠᠶᠠᠷ ᠵᠠᠬ᠎ᠠ ᠳᠡᠯᠭᠡᠭᠦᠷ ᠤᠨ ᠦᠨ᠎ᠡ ᠠᠴᠠ 7 ᠲᠦᠮᠡᠨ ᠲᠥᠭᠦᠷᠢᠭ ᠬᠢᠮᠳᠠ ᠪᠠᠷ 200 ᠲᠣᠨ ᠡᠪᠡᠰᠦ ᠬᠤᠳᠠᠯᠳᠤᠵᠤ᠂ ᠡᠷᠬᠢᠨ ᠲᠣᠭᠤᠷᠢᠨ ᠤ ᠭᠠᠴᠠᠭᠠᠨ ᠤ ᠮᠠᠯᠴᠢᠳ ᠤᠨ ᠪᠠᠴᠢᠮ ᠪᠠᠶᠢᠳᠠᠯ ᠢ ᠵᠣᠬᠢᠬᠤ ᠬᠡᠮᠵᠢᠶ᠎ᠡ ᠪᠠᠷ ᠰᠶᠢᠳᠪᠦᠷᠢᠯᠡᠵᠡᠢ᠃ ᠲᠠᠷᠠᠭ᠎ᠠ ᠠᠯᠬᠤᠮ ᠤᠨ ᠲᠥᠯᠥᠪᠯᠡᠭᠡ ᠶᠢᠨ ᠢᠶᠠᠨ ᠲᠤᠬᠠᠢ ᠪᠠᠲᠤᠪᠠᠶᠠᠷ᠄ ︽ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠣᠳᠣᠬᠠᠨ ᠳᠤ ᠬᠤᠷᠰᠢᠶᠠᠵᠢᠯ ᠤᠨ ᠲᠤᠬᠠᠶᠢᠯᠠᠭᠰᠠᠨ ᠠᠵᠢᠯ ᠢ ᠵᠥᠪᠬᠡᠨ 2 ᠭᠠᠴᠠᠭ᠎ᠠ ᠳᠤ ᠲᠤᠷᠰᠢᠨ ᠬᠢᠵᠦ ᠪᠠᠶᠢᠨ᠎ᠠ᠂ ᠬᠤᠶᠢᠰᠢᠳᠠ 6 ᠭᠠᠴᠠᠭ᠎ᠠ ᠳᠤ ᠬᠦᠷᠲᠡᠯ᠎ᠡ ᠥᠷᠭᠡᠳᠬᠡᠵᠦ᠂ ᠮᠠᠯᠵᠢᠬᠤ ᠡᠷᠦᠬᠡ ᠶᠢᠨ ᠠᠰᠢᠭ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠮᠠᠯᠴᠢᠨ ᠢ ᠳᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠨ᠎ᠠ︾ ᠭᠡᠮᠡᠨ ᠢᠳᠡᠭᠡᠯ ᠲᠡᠭᠦᠯᠳᠡᠷ ᠶᠠᠷᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号