ᠳᠤᠯᠤᠨ ᠨᠤᠤᠷ ᠰᠢᠶᠠᠨ ᠤ ᠨᠡᠶᠢᠬᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠦᠷ᠎ᠠ ᠪᠦᠳᠤᠮᠵᠢ ᠢᠯᠡᠷᠬᠡᠢ ᠪᠤᠯᠪᠠ
ᠨᠡᠶᠢᠲᠡᠯᠡᠭᠰᠡᠨ ᠴᠠᠭ᠄
2023/10/9
     ᠤᠶᠢᠷ᠎ᠠ ᠶᠢᠨ ᠵᠢᠯ ᠠᠴᠠ ᠳᠤᠯᠤᠨ ᠨᠤᠤᠷ ᠰᠢᠶᠠᠨ ᠮᠠᠯ ᠡᠮᠨᠡᠯᠭᠡ ᠪᠠ ᠬᠤᠬ ᠨᠤᠪᠰᠢ ᠶᠢ ᠲᠦᠪᠯᠡᠷᠡᠬᠦᠯᠵᠤ ᠵᠦᠬᠡᠬᠡᠪᠦᠷᠢᠯᠡᠬᠦ ᠨᠡᠶᠢᠬᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠵᠠᠬᠪᠦᠷ ᠢ ᠬᠡᠷᠡᠭᠵᠢᠬᠦᠯᠵᠤ᠂ ᠮᠠᠯ ᠰᠦᠷᠦᠭ ᠤᠨ ᠨᠡᠶᠢᠳᠡᠮ ᠤᠨ ᠭᠡᠮ ᠬᠢᠵᠢᠭ ᠢ ᠡᠰᠡᠷᠬᠦᠴᠡᠬᠦ ᠴᠢᠳᠠᠪᠤᠷᠢ ᠶᠢ 90%᠎ ᠠᠴᠠ ᠳᠡᠭᠡᠭᠰᠢ ᠪᠠᠶᠢᠯᠭᠠᠬᠤ ᠶᠢ ᠪᠠᠳᠤᠯᠠᠵᠤ᠂ 22 ᠬᠤᠬ ᠨᠤᠪᠰᠢ ᠶᠢ ᠲᠦᠪᠯᠡᠷᠡᠬᠦᠯᠵᠤ ᠰᠶᠢᠳᠪᠦᠷᠢᠯᠡᠬᠦ ᠦᠷᠳᠡᠭᠡ ᠪᠠᠶᠢᠭᠤᠯᠵᠤ᠂ ᠪᠦᠬᠦᠨ ᠢ ᠪᠦᠷᠬᠦᠬᠦᠯᠦᠭᠰᠡᠨ ᠠᠴᠠ ᠠᠵᠢᠯ ᠤᠨ ᠦᠷ᠎ᠠ ᠪᠦᠳᠤᠮᠵᠢ ᠢᠯᠡᠷᠬᠡᠢ ᠪᠠᠶᠢᠨ᠎ᠠ᠃  ᠤᠶᠢᠯᠠᠭᠠᠬᠰᠠᠨ ᠢᠶᠠᠷ᠂ ᠳᠤᠯᠤᠨ ᠨᠤᠤᠷ ᠰᠢᠶᠠᠨ ᠨᠢ ᠮᠠᠯ ᠡᠮᠨᠡᠯᠭᠡ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠳᠠᠯ᠎ᠠ ᠪᠠᠷ᠂ ᠭᠠᠴᠠᠭ᠎ᠠ ᠳᠤᠰᠬᠤᠨ ᠤ ᠬᠢᠵᠢᠭ ᠰᠡᠷᠬᠡᠶᠢᠯᠡᠭᠴᠢ᠂ ᠢᠴᠡᠬᠡᠯ ᠦᠷ᠎ᠠ ᠶᠢᠨ ᠬᠡᠬᠡᠯᠳᠦᠬᠦᠯᠬᠡ ᠶᠢᠨ ᠠᠵᠢᠯᠳᠠᠨ᠂ ᠭᠠᠴᠠᠭ᠎ᠠ ᠳᠤᠰᠬᠤᠨ ᠤ ᠮᠠᠯ ᠤᠨ ᠡᠮᠴᠢ ᠪᠠᠷ ᠠᠵᠢᠯ ᠤᠨ ᠭᠤᠤᠯ ᠴᠤᠬᠴᠠ ᠪᠤᠯᠭᠠᠨ᠂ ᠰᠢᠶᠠᠩ ᠪᠠᠯᠭᠠᠰᠤᠨ ᠤ ᠵᠠᠰᠠᠬ ᠤᠨ ᠤᠷᠳᠤᠨ ᠨᠢ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢᠨ ᠭᠤᠤᠯ ᠴᠤᠬᠴᠠ ᠪᠤᠯᠵᠤ᠂ ᠳᠤᠬᠠᠶᠢᠯᠠᠬᠰᠠᠨ ᠠᠵᠢᠯ ᠤᠨ ᠰᠠᠯᠠᠭ᠎ᠠ ᠮᠦᠴᠢᠷ ᠨᠢ ᠮᠡᠷᠭᠡᠵᠢᠯ ᠤᠨ ᠵᠢᠯᠦᠭᠤᠳᠤᠯᠭ᠎ᠠ᠂ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠬᠤ ᠠᠵᠢᠯ ᠤᠨ ᠳᠤᠬᠳᠠᠴᠠ ᠶᠢ ᠡᠭᠦᠳᠴᠦ᠂ ᠮᠠᠯ ᠡᠮᠨᠡᠯᠭᠡ ᠶᠢᠨ ᠦᠢᠯᠡᠴᠢᠯᠡᠬᠡᠨ ᠤ ᠠᠵᠢᠯᠳᠠᠨ ᠢ ᠵᠤᠬᠢᠶᠠᠨ ᠪᠠᠶᠢᠭᠤᠯᠵᠤ ᠬᠠᠮᠢᠶᠠᠷᠬᠤ ᠶᠢ ᠴᠢᠩᠭᠠᠳᠬᠠᠵᠦ᠂ ᠮᠠᠯ ᠤᠨ ᠬᠢᠵᠢᠭ ᠰᠡᠷᠭᠡᠶᠢᠯᠡᠯᠳᠡ᠂ ᠮᠠᠯ ᠡᠮᠨᠡᠯᠭᠡ᠂ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠠᠵᠢᠯ ᠤᠨ ᠨᠡᠶᠢᠬᠡᠮᠴᠢᠯᠡᠭᠰᠡᠨ ᠤᠶᠢᠯᠡᠴᠢᠯᠡᠭᠡ ᠶᠢ ᠪᠦᠬᠦ ᠳᠠᠯ᠎ᠠ ᠪᠠᠷ ᠦᠷᠨᠢᠬᠦᠯᠵᠠᠢ᠃ ᠦᠢᠯᠡᠴᠢᠯᠡᠬᠡᠨ ᠤ ᠵᠠᠬᠪᠦᠷ ᠤᠨ ᠳᠠᠯ᠎ᠠ ᠪᠠᠷ ᠠᠮᠢᠳᠠᠨ ᠤ ᠭᠡᠮ ᠬᠢᠵᠢᠭ ᠢ ᠰᠡᠷᠭᠡᠶᠢᠯᠡᠬᠦ  ᠠᠵᠢᠯ ᠳᠤ ᠵᠠᠰᠠᠭ ᠤᠨ ᠤᠷᠳᠤᠨ ᠠᠴᠠ ᠡᠳ᠋ ᠪᠤᠳᠠᠰ ᠤᠨ ᠪᠠᠳᠤᠯᠠᠭ᠎ᠠ ᠪᠠ ᠠᠵᠢᠯᠳᠠᠨ ᠤ ᠴᠠᠯᠢᠩ ᠬᠦᠯᠦᠰᠤ ᠶᠢ ᠬᠠᠷᠢᠭᠤᠴᠠᠵᠤ᠂ ᠭᠠᠴᠠᠭ᠎ᠠ ᠳᠤᠰᠬᠤᠨ ᠤ ᠬᠢᠵᠢᠭ ᠰᠡᠷᠭᠡᠶᠢᠯᠡᠭᠴᠢᠳ ᠳᠡᠵᠢᠬᠡᠨ ᠦᠷᠡᠵᠢᠬᠦᠯᠬᠦ ᠡᠷᠤᠬᠡ ᠳᠤ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠳᠤᠬᠳᠠᠴᠠ ᠶᠢ ᠪᠠᠶᠢᠭᠤᠯᠵᠤ᠂ ᠮᠠᠯ ᠡᠮᠨᠡᠯᠭᠡ ᠪᠠ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠠᠵᠢᠯ ᠳᠤ ᠳᠤᠬᠠᠶᠢᠯᠠᠬᠰᠠᠨ ᠠᠵᠢᠯ ᠤᠨ ᠰᠠᠯᠠᠭ᠎ᠠ ᠮᠦᠴᠢᠷ ᠠᠴᠠ ᠬᠢᠨᠠᠨ ᠬᠠᠮᠢᠶᠠᠷᠬᠤ ᠡᠷᠭ᠎ᠠ ᠶᠢ ᠠᠪᠴᠤ᠂ ᠠᠵᠢᠯ ᠤᠨ ᠬᠡᠷᠡᠴᠢ ᠦᠨᠡᠮᠯᠡᠯ ᠲᠠᠢ ᠦᠢᠯᠡᠴᠢᠯᠡᠬᠡᠨ ᠤ ᠬᠦᠮᠦᠰ ᠠᠴᠠ ᠳᠡᠵᠢᠬᠡᠨ ᠦᠷᠡᠵᠢᠬᠦᠯᠬᠦ ᠡᠷᠤᠬᠡ ᠳᠤ ᠬᠦᠷᠴᠤ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠵᠠᠬᠪᠦᠷ ᠢ ᠭᠡᠷᠡᠭᠵᠢᠭᠦᠯᠵᠠᠢ᠃  ᠨᠡᠶᠢᠭᠡᠮᠴᠢᠯᠡᠭᠰᠡᠨ ᠦᠢᠯᠡᠴᠢᠯᠡᠬᠡᠨ ᠤ ᠵᠠᠬᠪᠦᠷ ᠢ ᠪᠤᠳᠠᠳᠡᠢ ᠬᠡᠷᠡᠭᠵᠢᠬᠦᠯᠦᠭᠰᠡᠨ ᠠᠴᠠ ᠨᠠᠭᠠᠰᠢ ᠳᠤᠰ ᠰᠢᠶᠠᠨ ᠤ ᠳᠡᠵᠢᠬᠡᠨ ᠦᠷᠡᠵᠢᠬᠦᠯᠬᠦ ᠡᠷᠤᠬᠡ ᠶᠢᠨ ᠮᠠᠯ ᠤᠨᠤᠭ᠎ᠠ ᠬᠢᠵᠢᠭ ᠬᠡᠮ ᠬᠦᠷᠪᠡᠯ ᠴᠠᠬ ᠳᠤᠬᠠᠢ ᠳᠤᠨᠢ ᠬᠦᠷᠴᠤ ᠡᠮᠨᠡᠬᠦ ᠶᠢ ᠪᠠᠳᠤᠯᠠᠵᠤ᠂ ᠳᠡᠵᠢᠬᠡᠨ ᠦᠷᠡᠵᠢᠬᠦᠯᠬᠦ ᠡᠷᠤᠬᠡ ᠶᠢᠨ ᠠᠵᠤ ᠠᠬᠤᠢ ᠶᠢᠨ ᠬᠤᠬᠢᠷᠠᠯ ᠢ ᠪᠠᠭᠠᠰᠬᠠᠵᠠᠢ᠃ ᠤᠳᠤ᠂ ᠳᠤᠰ ᠰᠢᠶᠠᠨ ᠤ ᠦᠬᠡᠷ ᠤᠨ ᠡᠬᠦᠯᠳᠡᠷ ᠰᠢᠯᠢᠳᠡᠭᠵᠢᠬᠦᠯᠦᠭᠰᠡᠨ ᠨᠤᠷᠮ᠎ᠠ 98%᠎ ᠳᠤ ᠬᠦᠷᠴᠤ᠂ 67 ᠰᠢᠯᠢᠳᠡᠭ ᠡᠬᠦᠯᠳᠡᠷ ᠤᠨ ᠦᠬᠡᠷ ᠤᠨ ᠭᠤᠤᠯᠳᠠᠯᠭᠠᠳᠤ ᠰᠦᠷᠦᠭ ᠲᠠᠢ ᠪᠤᠯᠵᠤ᠂ ᠳᠡᠵᠢᠬᠡᠨ ᠦᠷᠡᠵᠢᠬᠦᠯᠬᠦ ᠡᠷᠤᠬᠡ ᠶᠢᠨ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠦᠭᠰᠡᠨ ᠪᠠ ᠮᠠᠯ ᠰᠦᠷᠦᠭ ᠤᠨ ᠭᠡᠮ ᠬᠢᠵᠢᠭ ᠢ ᠡᠰᠡᠷᠭᠦᠴᠡᠬᠦ ᠴᠢᠳᠠᠪᠤᠷᠢ ᠦᠷᠬᠦᠯᠵᠢ ᠶᠢᠨ ᠴᠢᠨᠠᠷᠳᠠᠢ 90%᠎ ᠠᠴᠠ ᠳᠡᠭᠡᠭᠰᠢ ᠶᠢ ᠪᠠᠳᠤᠯᠠᠵᠤ ᠴᠢᠳᠠᠵᠠᠢ      ᠳᠤᠯᠤᠨ ᠨᠤᠤᠷ ᠰᠢᠶᠠᠨ ᠨᠢ ᠪᠦᠬᠦ ᠠᠶᠢᠮᠠᠭ ᠲᠤ ᠬᠠᠮᠤᠭ ᠤᠨ ᠳᠡᠷᠢᠬᠦᠨ ᠳᠤ ᠬᠦᠳᠡᠭᠡ ᠳᠤᠰᠬᠤᠨ ᠤ ᠠᠮᠢᠳᠤᠷᠠᠯ ᠤᠨ ᠬᠤᠬ ᠨᠤᠪᠰᠢ ᠶᠢ ᠬᠤᠷᠢᠶᠠᠵᠤ ᠵᠦᠬᠡᠬᠡᠪᠦᠷᠢᠯᠡᠬᠦ  ᠰᠢᠰᠲ᠋ᠧᠮ ᠢ ᠪᠠᠶᠢᠭᠤᠯᠵᠠᠢ᠃ ᠪᠤᠳᠠᠳᠡᠢ ᠠᠪᠤᠬᠰᠠᠨ ᠠᠷᠭ᠎ᠠ ᠬᠡᠮᠵᠢᠶᠠᠨ ᠳᠤ ᠬᠤᠳᠠ ᠬᠦᠳᠡᠭᠡ ᠶᠢ ᠨᠢᠬᠡ   ᠰᠢᠰᠲ᠋ᠧᠮᠴᠢᠯᠡᠨ ᠠᠬᠢᠭᠤᠯᠵᠦ᠂ ᠵᠠᠰᠠᠭ ᠤᠨ ᠤᠷᠳᠤᠨ ᠠᠴᠠ ᠨᠢᠬᠡᠳᠤᠯᠳᠡᠢ ᠪᠠᠷ ᠦᠢᠯᠡᠴᠢᠯᠡᠭᠡ ᠶᠢ ᠬᠤᠳᠠᠯᠳᠤᠨ ᠠᠪᠴᠤ ᠬᠤᠳᠠ ᠪᠠᠯᠭᠠᠰᠤᠨ ᠤ ᠤᠶᠢᠷ᠎ᠠ ᠬᠠᠪᠢ᠂ ᠰᠢᠶᠠᠩ ᠪᠠᠯᠭᠠᠰᠤᠨ ᠤ ᠪᠠᠶᠢᠭ᠎ᠠ ᠭᠠᠵᠠᠷ ᠤᠨ ᠳᠤᠰᠬᠤᠨ ᠳᠤᠭᠤᠶᠢᠯᠠᠩ ᠳᠤ ᠦᠢᠯᠡᠴᠢᠯᠡᠭᠡ ᠬᠠᠨᠭ᠍ᠭᠠᠬᠤ᠂ ᠭᠠᠴᠠᠭ᠎ᠠ ᠳᠤᠰᠬᠤᠨ ᠠᠴᠠ ᠦᠢᠯᠡᠴᠢᠯᠡᠭᠡ ᠬᠤᠳᠠᠯᠳᠤᠨ ᠠᠪᠴᠤ ᠮᠠᠯᠴᠢᠨ ᠳᠠᠷᠢᠶᠠᠴᠢᠨ ᠤ ᠬᠠᠮᠳᠤᠷᠠᠨ ᠪᠠᠶᠢᠭᠤᠯᠤᠬᠰᠠᠨ ᠺᠤᠮᠫᠠᠨᠢ ᠂ ᠬᠤᠷᠰᠢᠶᠠᠵᠢᠯ ᠳᠤ ᠦᠢᠯᠡᠴᠢᠯᠡᠭᠡ ᠬᠠᠨᠭ᠍ᠭᠠᠬᠤ᠂ ᠰᠢᠶᠠᠩ ᠪᠠᠯᠭᠠᠰᠤ ᠨᠢ ᠦᠢᠯᠡᠴᠢᠯᠡᠬᠡᠨ ᠤ ᠺᠤᠮᠫᠠᠨᠢ ᠠᠴᠠ ᠨᠢᠬᠡᠳᠤᠯᠳᠡᠢ ᠪᠠᠷ ᠦᠢᠯᠡᠴᠢᠯᠡᠭᠡ ᠬᠤᠳᠠᠯᠳᠤᠨ ᠠᠪᠬᠤ ᠵᠡᠷᠭᠡ ᠭᠤᠷᠪᠠᠨ ᠵᠠᠬᠪᠦᠷ ᠢ ᠬᠡᠷᠡᠭᠵᠢᠬᠦᠯᠦᠭᠰᠡᠨ ᠪᠠ ᠦᠢᠯᠡᠴᠢᠯᠡᠭᠡ ᠬᠠᠨᠭ᠍ᠭᠠᠬᠤ ᠵᠤᠬᠢᠶᠠᠨ ᠪᠠᠶᠢᠭᠤᠯᠤᠯᠳᠠ ᠠᠴᠠ ᠬᠦᠳᠡᠭᠡ ᠳᠤᠰᠬᠤᠨ ᠤ ᠬᠤᠭ ᠨᠤᠪᠰᠢ ᠶᠢ ᠳᠡᠭᠡᠭᠡᠵᠤ ᠵᠦᠭᠡᠭᠡᠪᠦᠷᠢᠯᠡᠬᠦ᠂ ᠡᠷᠤᠬᠡ ᠶᠢᠨ ᠵᠤᠷᠯᠦᠩ ᠢ ᠴᠡᠪᠡᠷᠯᠡᠬᠦ᠂ ᠵᠠᠰᠠᠬᠤ ᠵᠡᠷᠭᠡ ᠦᠢᠯᠡᠴᠢᠯᠡᠭᠡ ᠶᠢ ᠬᠠᠷᠢᠭᠤᠴᠠᠵᠠᠢ᠃ ᠤᠳᠤᠬᠠᠨ ᠪᠤᠯᠳᠠᠯ᠎ᠠ 22 ᠬᠤᠬ ᠨᠤᠪᠰᠢ ᠲᠦᠪᠯᠡᠷᠡᠬᠦᠯᠦᠨ ᠬᠤᠷᠢᠶᠠᠵᠤ ᠳᠡᠭᠡᠭᠡᠵᠤ ᠵᠦᠬᠡᠬᠡᠪᠦᠷᠢᠯᠡᠬᠦ ᠦᠷᠳᠡᠭᠡ ᠶᠢ ᠪᠠᠶᠢᠭᠤᠯᠵᠤ᠂ ᠪᠦᠬᠦ ᠰᠢᠶᠠᠨ ᠢ ᠪᠦᠷᠬᠦᠬᠦᠯᠦᠭᠰᠡᠨ ᠮᠦᠷᠳᠡᠭᠡᠨ ᠡᠷᠤᠬᠡ ᠪᠠᠷ ᠬᠤᠷᠢᠶᠠᠵᠤ ᠲᠦᠪᠯᠡᠷᠡᠬᠦᠯᠬᠦ᠂ ᠭᠠᠴᠠᠭ᠎ᠠ ᠳᠤᠰᠬᠤᠨ ᠢᠶᠠᠷ ᠵᠦᠭᠡᠭᠡᠪᠦᠷᠢᠯᠡᠵᠤ ᠳᠡᠭᠡᠭᠡᠪᠦᠷᠢᠯᠡᠬᠦ᠂ ᠰᠢᠶᠠᠩ ᠪᠠᠯᠭᠠᠰᠤ ᠲᠦᠪᠯᠡᠷᠡᠬᠦᠯᠵᠤ ᠰᠶᠢᠳᠪᠦᠷᠢᠯᠡᠬᠦ ᠬᠦᠳᠡᠭᠡ ᠳᠤᠰᠬᠤᠨ ᠤ ᠠᠮᠢᠳᠤᠷᠠᠯ ᠤᠨ ᠬᠤᠬ ᠨᠤᠪᠰᠢ ᠶᠢ ᠰᠶᠢᠳᠪᠦᠷᠢᠯᠡᠬᠦ ᠰᠢᠰᠲ᠋ᠧᠮ ᠢ ᠪᠤᠢ ᠪᠤᠯᠭᠠᠵᠦ᠂ ᠬᠦᠳᠡᠭᠡ ᠳᠤᠰᠬᠤᠨ ᠤ ᠠᠮᠢᠳᠤᠷᠠᠯ ᠤᠨ ᠬᠤᠬ ᠨᠤᠪᠰᠢ ᠶᠢ ᠴᠡᠪᠡᠷᠯᠡᠬᠦ᠂ ᠡᠷᠤᠬᠡ ᠶᠢᠨ ᠵᠤᠷᠯᠦᠩ ᠢ ᠴᠡᠪᠡᠷᠯᠡᠬᠦ ᠵᠡᠷᠭᠡ ᠠᠵᠢᠯ ᠢ ᠴᠠᠭ ᠳᠤᠬᠠᠢ ᠳᠤᠨᠢ ᠰᠶᠢᠳᠪᠦᠷᠢᠯᠡᠵᠤ ᠳᠡᠶᠢᠯᠬᠦ ᠦᠬᠡᠢ ᠪᠠᠶᠢᠬᠰᠠᠨ ᠠᠰᠠᠭᠤᠳᠠᠯ ᠢ ᠪᠦᠬᠦᠨ ᠢ ᠰᠶᠢᠳᠪᠦᠷᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号