ᠡᠨᠡ ᠵᠢᠯ ᠪᠠᠷᠠᠭᠤᠨ ᠦᠵᠦᠮᠦᠴᠢᠨ ᠬᠤᠰᠢᠭᠤ 120 ᠭᠠᠷᠤᠢ ᠲᠦᠮᠡᠨ ᠮᠠᠯ ᠤᠨ ᠭᠠᠷᠭᠠᠯᠳᠠ ᠶᠢ ᠪᠡᠶᠡᠯᠡᠬᠦᠯᠬᠦ ᠪᠠᠷ ᠲᠥᠯᠥᠪᠯᠡᠵᠦ ᠪᠤᠢ
ᠨᠡᠶᠢᠲᠡᠯᠡᠭᠰᠡᠨ ᠴᠠᠭ᠄
2023/10/9
     ᠨᠠᠮᠤᠷ ᠤᠨ ᠤᠯᠠᠷᠢᠯ ᠪᠤᠯ ᠮᠠᠯ ᠤᠨ ᠭᠠᠷᠭᠠᠯᠳᠠ ᠶᠢᠨ ᠶᠠᠭᠠᠷᠠᠯᠳᠠᠢ ᠴᠠᠭ ᠪᠤᠯᠤᠨ᠎ᠠ᠃ ᠪᠠᠷᠠᠭᠤᠨ ᠦᠵᠦᠮᠦᠴᠢᠨ ᠬᠤᠰᠢᠭᠤ ᠨᠢ ᠮᠠᠯ ᠤᠨ ᠭᠠᠷᠭᠠᠯᠳᠠ ᠶᠢᠨ ᠠᠵᠢᠯ ᠢ ᠲᠡᠭᠡᠲᠤ ᠭᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠯᠴᠢᠳ ᠤᠨ ᠵᠦᠢ ᠵᠤᠬᠢᠰᠲᠠᠢ ᠮᠠᠯ ᠤᠨ ᠭᠠᠷᠭᠠᠯᠳᠠ ᠬᠢᠬᠦ ᠶᠢ ᠤᠬᠠᠭᠤᠯᠤᠨ ᠲᠠᠶᠢᠴᠢᠯᠠᠵᠦ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠵᠢᠤᠢ ᠪᠤᠤ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠺᠤᠮᠫᠠᠨᠢ ᠳᠤ᠂ ᠬᠡᠰᠡᠭ ᠮᠠᠯᠴᠢᠳ ᠬᠤᠷᠠᠭ᠎ᠠ ᠪᠠᠨ ᠬᠦᠢᠳᠡᠨ ᠬᠦᠮᠦᠷᠭᠡ ᠳᠤ ᠬᠦᠷᠬᠡᠬᠦ ᠶᠢᠨ ᠬᠠᠮᠲᠤ ᠬᠢᠵᠢᠭ ᠤᠨ ᠪᠠᠶᠢᠴᠠᠭᠠᠯᠳᠠ ᠬᠢᠯᠬᠡᠨ ᠬᠤᠷᠠᠭ᠎ᠠ ᠪᠠᠨ ᠪᠠᠭᠤᠯᠭᠠᠵᠦ ᠶᠠᠭᠠᠷᠠᠯᠳᠠᠢ ᠪᠠᠶᠢᠬᠤ ᠳᠤ ᠦᠢᠯᠡᠳᠪᠦᠷᠢᠯᠡᠯ ᠤᠨ ᠲᠠᠰᠤᠭ ᠲᠤ ᠮᠠᠯ ᠤᠨ ᠠᠰᠢᠭ ᠰᠢᠮ᠎ᠡ ᠶᠢ ᠭᠡᠰᠡᠭᠯᠡᠬᠦ᠂ ᠪᠤᠭᠤᠳᠠᠯᠯᠠᠬᠤ ᠵᠡᠷᠭᠡ ᠠᠵᠢᠯ ᠡᠮᠬᠢ ᠴᠡᠭᠴᠡ ᠲᠠᠢ ᠶᠠᠪᠤᠭᠳᠠᠵᠦ ᠪᠠᠶᠢᠯ᠎ᠠ᠃      ᠪᠠᠷᠠᠭᠤᠨ ᠦᠵᠦᠮᠦᠴᠢᠨ ᠬᠤᠰᠢᠭᠤ ᠨᠢ ᠮᠠᠯᠴᠢᠳ ᠤᠨ ᠮᠠᠯ ᠤᠨ ᠭᠠᠷᠭᠠᠯᠲᠠ ᠶᠢᠨ ᠠᠵᠢᠯ ᠢ ᠢᠳᠡᠪᠬᠢᠲᠠᠢ  ᠬᠥᠳᠦᠯᠦᠨ ᠵᠢᠯᠤᠭᠤᠳᠴᠦ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠲᠤᠯᠠᠬᠤ᠂ ᠮᠠᠯ ᠠᠵᠦ ᠠᠬᠤᠢ ᠶᠢᠨ ᠪᠦᠲᠦᠴᠡ ᠳᠤ ᠲᠤᠬᠢᠷᠠᠭᠤᠯᠤᠯᠲᠠ ᠬᠢᠬᠦ ᠵᠡᠷᠭᠡ ᠠᠵᠢᠯ ᠲᠠᠢ ᠤᠶᠠᠯᠳᠤᠭᠤᠯᠤᠨ ᠤᠬᠠᠭᠤᠯᠭ᠎ᠠ ᠰᠤᠷᠳᠠᠯᠴᠢᠯᠠᠭ᠎ᠠ ᠶᠢ ᠰᠠᠶᠢᠲᠤᠷ ᠬᠢᠵᠦ᠂ ᠠᠵᠦ ᠠᠬᠤᠶᠢᠯᠠᠯ ᠤᠨ  ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠶᠢ ᠲᠡᠭᠡᠭᠰᠢᠯᠡᠬᠦᠯᠬᠦ᠂ ᠬᠢᠵᠢᠭ ᠬᠡᠮ ᠢ ᠰᠢᠯᠭᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ ᠤᠯᠠᠨ ᠲᠠᠯ᠎ᠠ ᠶᠢᠨ ᠢᠳᠡᠪᠬᠢᠲᠠᠢ ᠠᠷᠭ᠎ᠠ ᠬᠡᠮᠵᠢᠶ᠎ᠡ ᠠᠪᠤᠭᠰᠠᠨ ᠢᠶᠠᠷ ᠮᠠᠯ ᠤᠨ ᠭᠠᠷᠭᠠᠯᠳᠠ ᠶᠢᠨ ᠠᠵᠢᠯ ᠤᠷᠤᠭᠰᠢᠲᠠᠢ ᠶᠠᠪᠤᠭᠳᠠᠵᠦ᠂ ᠤᠳᠤᠬᠠᠨ ᠪᠤᠯᠳᠠᠯ᠎ᠠ ᠨᠡᠶᠢᠳᠡ 23 ᠲᠦᠮᠡᠨ ᠪᠤᠳᠠ ᠪᠤᠭ ᠮᠠᠯ ᠤᠨ ᠭᠠᠷᠭᠠᠯᠳᠠ ᠶᠢ ᠪᠡᠶᠡᠯᠡᠬᠦᠯᠵᠦ᠂ ᠡᠬᠦᠨ ᠳᠤ ᠪᠤᠳᠠ ᠮᠠᠯ 5 ᠲᠦᠮᠡ᠂ ᠪᠤᠭ ᠮᠠᠯ 18 ᠲᠦᠮᠡ ᠪᠤᠢ᠃  8 ᠰᠠᠷ᠎ᠠ ᠶᠢᠨ ᠰᠡᠬᠦᠯᠴᠢ ᠪᠤᠯᠳᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ 5 ᠨᠢᠳᠤᠯᠵᠦ ᠪᠤᠯᠪᠠᠰᠤᠷᠠᠭᠤᠯᠬᠤ ᠠᠵᠦ ᠠᠬᠤᠶᠢᠯᠠᠯ ᠨᠢ 20-32 ᠵᠢᠩ ᠤᠨ ᠬᠤᠷᠠᠭᠠᠨ ᠤ ᠬᠡᠩᠬᠦᠳᠡᠭ ᠢ ᠵᠢᠩ ᠪᠦᠷᠢ ᠳᠡᠭᠡᠨ 29.5 ᠲᠦᠭᠦᠷᠢᠭ᠂ 32-35 ᠵᠢᠩ ᠤᠨ ᠬᠤᠷᠠᠭᠠᠨ ᠤ ᠬᠡᠩᠬᠦᠳᠡᠭ ᠢ ᠵᠢᠩ ᠪᠦᠷᠢ ᠳᠡᠭᠡᠨ 28.5 ᠲᠦᠭᠦᠷᠢᠭ ᠤᠨ ᠦᠨ᠎ᠡ ᠪᠠᠷ ᠬᠤᠳᠠᠯᠳᠤᠨ ᠠᠪᠴᠦ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号