ᠠᠪᠠᠭ᠎ᠠ ᠬᠤᠰᠢᠭᠤᠨ ᠤ ᠨᠠᠷᠠᠨᠪᠤᠯᠠᠭ ᠰᠤᠮᠤ ᠶᠢᠨ ᠰᠢᠨᠡᠭᠤᠪᠢ ᠭᠠᠴᠠᠭ᠎ᠠ ᠶᠢᠨ ᠬᠤᠴᠠ ᠪᠤᠶᠢᠵᠢᠭᠤᠯᠬᠤ | ᠲᠤᠰᠬᠠᠢ ᠬᠤᠷᠰᠢᠶᠠᠵᠢᠯ ᠳᠤ ᠭᠦᠷᠭᠦ ᠳᠤ ᠲᠠᠷᠭᠤ ᠰᠠᠶᠢᠳᠠᠢ 1000 ᠭᠠᠷᠤᠢ ᠤᠷᠢᠶᠠᠩᠬᠠᠢ ᠡᠬᠦᠯᠳᠡᠷ ᠤᠨ ᠬᠤᠴᠡ | ᠳᠠᠪᠠᠳᠠᠢ ᠢᠳᠡᠰᠢᠯᠡᠨ᠎ᠠ᠃ ᠬᠤᠷᠰᠢᠶᠠᠵᠢᠯ ᠤᠨ ᠬᠠᠷᠢᠭᠤᠴᠠᠯᠭᠠᠳᠠᠨ ᠪᠠᠲᠤᠪᠠᠶᠠᠷ ᠪᠢᠳᠡᠨ ᠳᠤ ᠨᠢᠭᠡᠨ ᠳᠠᠩᠰᠠ ᠪᠤᠳᠤᠵᠤ | ᠦᠭᠭᠦᠯ᠎ᠠ᠄ ᠨᠢᠳᠤᠨᠤᠨ ᠬᠤᠷᠰᠢᠶᠠᠵᠢᠯ ᠨᠢ ᠡᠷᠬᠢᠨ ᠲᠣᠭᠤᠷᠢᠨ ᠤ ᠭᠠᠴᠠᠭᠠᠨ ᠤ ᠮᠠᠯᠴᠢᠳ ᠲᠤ 800 ᠬᠤᠴᠠ | ᠲᠦᠷᠢᠶᠡᠰᠦᠯᠡᠨ ᠥᠭᠴᠦ᠂ ᠵᠢᠯ ᠳᠤ 2.4 ᠲᠦᠮᠨ ᠰᠢᠬᠠᠮ ᠬᠤᠷᠠᠭ᠎ᠠ ᠳᠤᠰᠴᠦ ᠴᠢᠳᠠᠨ᠎ᠠ᠃ ᠨᠢᠭᠡ ᠰᠠᠶᠢᠨ ᠬᠤᠴᠠ | ᠪᠣᠯᠣᠨ ᠡᠩ ᠤᠨ ᠬᠤᠴᠠ ᠶᠢᠨ ᠬᠤᠷᠠᠭ᠎ᠠ 6 ᠵᠢᠩ ᠤᠨ ᠵᠥᠷᠢᠶ᠎ᠡ ᠲᠠᠢ᠂ ᠣᠳᠣᠬᠠᠨ ᠤ ᠵᠠᠬ᠎ᠠ ᠳᠡᠯᠭᠡᠭᠦᠷ ᠤᠨ | ᠦᠨ᠎ᠡ ᠪᠠᠷ ᠪᠤᠳᠤᠪᠠᠯ᠂ ᠬᠤᠷᠠᠭ᠎ᠠ ᠨᠢᠭᠡᠪᠦᠷᠢ ᠶᠢᠨ ᠦᠨ᠎ᠡ ᠨᠢ 72 ᠲᠥᠭᠦᠷᠢᠭ ᠤᠨ ᠵᠥᠷᠢᠶ᠎ᠡ ᠲᠠᠢ ᠪᠤᠯᠤᠨ᠎ᠠ᠃ ᠳᠤᠰ | ᠬᠤᠷᠰᠢᠶᠠᠵᠢᠯ 14 ᠵᠢᠯ ᠲᠠᠷᠠᠭᠠᠯᠠᠨ ᠬᠤᠴᠠ ᠲᠦᠷᠢᠶᠡᠰᠦᠯᠡᠭᠦᠯᠵᠦ᠂ ᠮᠠᠯᠴᠢᠳ ᠲᠤ ᠪᠤᠳᠠᠳᠠᠢ ᠠᠰᠢᠭ ᠭᠦᠷᠳᠡᠭᠡᠭᠰᠡᠨ | ᠪᠠᠶᠢᠨ᠎ᠠ᠃ 2009 ᠣᠨ ᠤ 6 ᠰᠠᠷ᠎ᠠ ᠳᠤ᠂ ᠪᠠᠲᠤᠪᠠᠶᠠᠷ ︽ᠨᠠᠷᠠᠨᠪᠤᠯᠠᠭ︾ ᠬᠤᠴᠠ ᠪᠤᠶᠢᠵᠢᠭᠤᠯᠬᠤ ᠲᠤᠰᠬᠠᠢ | ᠬᠤᠷᠰᠢᠶᠠᠵᠢᠯ ᠢ ᠡᠭᠦᠰᠬᠡᠨ ᠪᠠᠶᠢᠭᠤᠯᠵᠤ᠂ ᠬᠤᠴᠠ ᠶᠢ ᠲᠥᠪᠯᠡᠷᠡᠭᠦᠯᠦᠨ ᠪᠤᠶᠢᠵᠢᠭᠤᠯᠬᠤ ᠪᠠᠷ ᠳᠠᠮᠵᠢᠭᠤᠯᠦᠨ᠂ | ᠬᠤᠷᠰᠢᠶᠠᠵᠢᠯ ᠤᠨ ᠭᠡᠰᠢᠭᠦᠳ ᠤᠨ ᠭᠠᠳᠠᠷ ᠣᠷᠣᠨ ᠠᠴᠠ ᠬᠤᠴᠠ ᠬᠤᠳᠠᠯᠳᠤᠨ ᠠᠪᠬᠤ ᠥᠪᠡᠷ ᠤᠨ ᠦᠷᠳᠡᠭ ᠢ | ᠪᠦᠲᠦᠮᠵᠢᠲᠡᠢ ᠪᠠᠭᠤᠷᠠᠭᠤᠯᠵᠦ᠂ 14 ᠵᠢᠯ ᠤᠨ ᠲᠤᠷᠰᠢ᠂ ᠭᠠᠴᠠᠭᠠᠨ ᠤ ᠮᠠᠯᠴᠢᠳ ᠲᠤ ᠮᠢᠩᠭᠠᠨ ᠲᠦᠮᠡᠨ | ᠲᠥᠭᠦᠷᠢᠭ ᠤᠨ ᠣᠷᠣᠯᠭ᠎ᠠ ᠡᠭᠦᠳᠴᠦ ᠦᠭᠪᠡ᠃ ᠣᠳᠣᠬᠠᠨ ᠳᠤ᠂ ᠬᠤᠷᠰᠢᠶᠠᠵᠢᠯ ᠤᠨ ᠰᠠᠭᠤᠷᠢ ᠲᠥᠬᠦᠭᠡᠷᠦᠮᠵᠢ ᠶᠢᠨ | ᠲᠠᠯᠠᠪᠠᠢ ᠨᠡᠶᠢᠳᠡ 3000 ᠬᠠᠪᠳᠠᠭᠠᠢ ᠳᠥᠷᠪᠡᠯᠵᠢᠨ ᠮᠧᠲᠷ ᠪᠠᠶᠢᠵᠤ᠂ ᠡᠭᠦᠨ ᠳᠤ 2000 ᠬᠠᠪᠳᠠᠭᠠᠢ | ᠳᠥᠷᠪᠡᠯᠵᠢᠨ ᠮᠧᠲᠷ ᠤᠨ ᠲᠡᠵᠢᠭᠡᠪᠦᠷᠢ ᠶᠢᠨ ᠫᠧᠩ᠂ 500 ᠬᠠᠪᠳᠠᠭᠠᠢ ᠳᠥᠷᠪᠡᠯᠵᠢᠨ ᠮᠧᠲᠷ ᠤᠨ ᠳᠤᠯᠠᠭᠠᠨ ᠫᠧᠩ | ᠂ 500 ᠬᠠᠪᠳᠠᠭᠠᠢ ᠳᠥᠷᠪᠡᠯᠵᠢᠨ ᠮᠧᠲᠷ ᠤᠨ ᠲᠡᠵᠢᠭᠡᠯ ᠪᠣᠷᠳᠤᠭ᠎ᠠ ᠡᠳ᠋ᠰᠢᠭᠦᠯᠬᠦ ᠫᠧᠩ ᠪᠠᠶᠢᠭᠤᠯᠵᠦ᠂ ᠤᠳᠬᠤᠭᠤᠷ | ᠲᠡᠷᠭᠡ᠂ ᠵᠢᠭᠤᠷᠠᠬᠤ ᠮᠠᠰᠢᠨ᠂ ᠴᠠᠬᠢᠯᠭᠠᠨ ᠡᠭᠦᠰᠭᠡᠭᠦᠷ᠂ ᠪᠣᠷᠳᠣᠭᠠᠨ ᠤ ᠮᠠᠰᠢᠨ ᠵᠡᠷᠭᠡ ᠣᠳᠣᠬᠢᠴᠢᠯᠠᠭᠰᠠᠨ ᠮᠠᠯ ᠠᠵᠤ | ᠠᠬᠤᠢ ᠶᠢᠨ ᠮᠠᠰᠢᠨ ᠲᠥᠬᠦᠭᠡᠷᠦᠮᠵᠢ ᠶᠢ ᠢᠵᠢ ᠪᠦᠷᠢᠳᠦᠭᠦᠯᠵᠡᠢ᠃ ︽ᠮᠠᠰᠢᠨᠴᠢᠯᠠᠯᠳᠠ ᠶᠢ ᠭᠦᠢᠴᠡᠳ ᠠᠰᠢᠭᠯᠠᠬᠤ | ᠬᠡᠷᠡᠭᠲᠡᠢ᠂ ᠤᠨᠴᠠᠭᠠᠶᠢᠯᠠᠨ ᠵᠠᠷᠢᠮ ᠭᠡᠷ ᠪᠦᠯᠢ ᠳᠤ ᠬᠥᠳᠡᠯᠮᠦᠷᠢ ᠬᠦᠴᠦ ᠳᠤᠲᠠᠭᠳᠠᠵᠤ᠂ ᠡᠪᠡᠰᠦ ᠪᠤᠷᠳᠤᠭᠠᠨ ᠤ | ᠨᠥᠭᠡᠴᠡ ᠬᠦᠷᠦᠯᠴᠡᠬᠦ ᠦᠭᠡᠢ᠂ ᠡᠪᠦᠯ ᠤᠨ ᠤᠯᠠᠷᠢᠯ ᠳᠤ ᠮᠠᠯ ᠢᠶᠠᠨ ᠲᠡᠵᠢᠭᠡᠵᠦ ᠪᠤᠷᠳᠤᠬᠤ ᠳᠤ ᠮᠠᠰᠢ ᠭᠦᠴᠢᠷᠳᠡᠵᠦ | ᠪᠠᠶᠢᠭ᠎ᠠ ᠶᠢ ᠬᠠᠷᠠᠭᠠᠳ ᠨᠠᠳᠠ ᠳᠤ ᠪᠠᠰᠠ ᠭᠦᠢᠳᠡᠨ ᠤᠯᠠᠷᠢᠯ ᠳᠤ ᠦᠬᠡᠷ ᠢ ᠨᠠᠶᠢᠳᠠᠯᠭ᠎ᠠ ᠪᠠᠷ ᠬᠠᠮᠢᠶᠠᠷᠴᠥ ᠣᠷᠣᠯᠠᠨ | ᠮᠠᠯᠵᠢᠬᠤ ᠪᠣᠳᠣᠯ ᠤᠷᠤᠯ᠎ᠠ︾ ᠭᠡᠵᠦ ᠪᠠᠲᠤᠪᠠᠶᠠᠷ ᠶᠠᠷᠢᠨ᠎ᠠ᠃ ᠢᠡᠭᠭᠢᠭᠡᠳ 2021 ᠣᠨ ᠤ 11 ᠰᠠᠷ᠎ᠠ ᠳᠤ᠂ | ᠪᠠᠲᠤᠪᠠᠶᠠᠷ ᠬᠦᠢᠲᠡᠨ ᠤᠯᠠᠷᠢᠯ ᠳᠤ ᠦᠭᠡᠷ ᠢ ᠨᠠᠶᠢᠳᠠᠯᠭ᠎ᠠ ᠪᠠᠷ ᠬᠠᠮᠢᠶᠠᠷᠴᠥ ᠣᠷᠣᠯᠠᠨ ᠮᠠᠯᠵᠢᠬᠤ ᠰᠠᠭᠤᠷᠢᠨ | ᠭᠠᠵᠠᠷ ᠢᠶᠠᠨ ᠪᠠᠶᠢᠭᠤᠯᠵᠦ᠂ ᠨᠢᠳᠤᠨᠤᠨ ᠡᠪᠦᠯ ᠨᠡᠶᠢᠲᠡ 300 ᠭᠠᠷᠤᠢ ᠦᠬᠡᠷ ᠢ 120 ᠡᠳᠦᠷ ᠤᠷᠤᠯᠠᠨ ᠮᠠᠯᠵᠢᠪᠠ᠂ | ᠨᠢᠭᠡ ᠦᠬᠡᠷ ᠢ 23 ᠲᠥᠭᠦᠷᠢᠭ ᠤᠷᠴᠢᠮ ᠢᠶᠠᠷ ᠤᠷᠤᠯᠠᠨ ᠮᠠᠯᠵᠢᠵᠦ᠂ ᠲᠤᠰᠬᠠᠶᠢᠯᠠᠨ 2 ᠮᠠᠯᠴᠢᠨ ᠢ ᠤᠷᠢᠵᠤ | ᠲᠡᠵᠢᠭᠡᠯ ᠪᠤᠷᠳᠤᠭ᠎ᠠ ᠦᠭᠭᠦ᠂ ᠲᠡᠵᠢᠭᠡᠨ ᠦᠷᠡᠵᠢᠭᠦᠯᠬᠦ ᠲᠣᠭᠤᠷᠢᠭ ᠢ ᠴᠡᠪᠡᠷᠯᠡᠭᠦ ᠵᠡᠷᠭᠡ ᠠᠵᠢᠯ ᠢ ᠬᠠᠷᠢᠭᠤᠴᠠᠭᠤᠯᠵᠠᠢ᠃ | | ᠲᠣᠰ ᠰᠠᠭᠤᠷᠢᠨ ᠭᠠᠵᠠᠷ ᠨᠢ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠨᠠᠶᠢᠳᠠᠯᠭ᠎ᠠ ᠪᠠᠷ ᠬᠠᠮᠢᠶᠠᠷᠴᠥ | ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠰᠡᠷᠭᠡᠶᠢᠯᠡᠬᠦ᠂ ᠪᠠᠶᠢᠴᠠᠭᠠᠬᠤ᠂ ᠪᠤᠷᠳᠤᠭ᠎ᠠ ᠭᠢᠭᠦ᠂ ᠠᠷᠠᠴᠢᠯᠠᠨ | ᠮᠠᠯᠵᠢᠬᠤ ᠳᠤ ᠴᠥᠮ ᠮᠠᠰᠢᠨᠴᠢᠯᠠᠵᠠᠢ᠃ ᠡᠨᠡ ᠨᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ | ᠮᠠᠯᠴᠢᠳ ᠤᠨ ᠠᠰᠢᠭ ᠣᠷᠣᠯᠭ᠎ᠠ ᠶᠢ ᠪᠠᠲᠤᠯᠠᠭᠰᠠᠨ ᠢᠶᠠᠷ ᠪᠠᠷᠠᠬᠤ ᠦᠭᠡᠢ ᠪᠠᠲᠤᠪᠠᠶᠠᠷ ᠤᠨ ᠬᠢᠨ ᠤ ᠤᠷᠤᠯᠭ᠎ᠠ ᠴᠦ | ᠨᠡᠯᠢᠶᠡᠳ ᠨᠡᠮᠡᠭᠳᠡᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ | ᠡᠨᠡ ᠵᠢᠯ ᠭᠠᠩ ᠤᠨ ᠪᠠᠶᠢᠳᠠᠯ ᠳᠤ ᠴᠢᠭᠯᠡᠭᠦᠯᠦᠨ᠂ ᠪᠠᠲᠤᠪᠠᠶᠠᠷ ᠵᠠᠬ᠎ᠠ ᠳᠡᠯᠭᠡᠭᠦᠷ ᠤᠨ ᠦᠨ᠎ᠡ ᠠᠴᠠ 7 ᠲᠦᠮᠡᠨ | ᠲᠥᠭᠦᠷᠢᠭ ᠬᠢᠮᠳᠠ ᠪᠠᠷ 200 ᠲᠣᠨ ᠡᠪᠡᠰᠦ ᠬᠤᠳᠠᠯᠳᠤᠵᠤ᠂ ᠡᠷᠬᠢᠨ ᠲᠣᠭᠤᠷᠢᠨ ᠤ ᠭᠠᠴᠠᠭᠠᠨ ᠤ ᠮᠠᠯᠴᠢᠳ ᠤᠨ | ᠪᠠᠴᠢᠮ ᠪᠠᠶᠢᠳᠠᠯ ᠢ ᠵᠣᠬᠢᠬᠤ ᠬᠡᠮᠵᠢᠶ᠎ᠡ ᠪᠠᠷ ᠰᠶᠢᠳᠪᠦᠷᠢᠯᠡᠵᠡᠢ᠃ ᠲᠠᠷᠠᠭ᠎ᠠ ᠠᠯᠬᠤᠮ ᠤᠨ ᠲᠥᠯᠥᠪᠯᠡᠭᠡ ᠶᠢᠨ ᠢᠶᠠᠨ | ᠲᠤᠬᠠᠢ ᠪᠠᠲᠤᠪᠠᠶᠠᠷ᠄ ︽ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠣᠳᠣᠬᠠᠨ ᠳᠤ | ᠬᠤᠷᠰᠢᠶᠠᠵᠢᠯ ᠤᠨ ᠲᠤᠬᠠᠶᠢᠯᠠᠭᠰᠠᠨ ᠠᠵᠢᠯ ᠢ ᠵᠥᠪᠬᠡᠨ 2 ᠭᠠᠴᠠᠭ᠎ᠠ ᠳᠤ ᠲᠤᠷᠰᠢᠨ ᠬᠢᠵᠦ ᠪᠠᠶᠢᠨ᠎ᠠ᠂ ᠬᠤᠶᠢᠰᠢᠳᠠ | 6 ᠭᠠᠴᠠᠭ᠎ᠠ ᠳᠤ ᠬᠦᠷᠲᠡᠯ᠎ᠡ ᠥᠷᠭᠡᠳᠬᠡᠵᠦ᠂ ᠮᠠᠯᠵᠢᠬᠤ ᠡᠷᠦᠬᠡ ᠶᠢᠨ ᠠᠰᠢᠭ ᠣᠷᠣᠯᠭ᠎ᠠ ᠶᠢ ᠲᠠᠰᠤᠷᠠᠯᠲᠠ ᠦᠭᠡᠢ | ᠨᠡᠮᠡᠭᠳᠡᠭᠦᠯᠦᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠮᠠᠯᠴᠢᠨ ᠢ | ᠳᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠨ᠎ᠠ︾ ᠭᠡᠮᠡᠨ ᠢᠳᠡᠭᠡᠯ ᠲᠡᠭᠦᠯᠳᠡᠷ ᠶᠠᠷᠢᠨ᠎ᠠ᠃ |