ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠣᠶᠢᠷ᠎ᠠ ᠳᠤ ︽ᠰᠦ ᠲᠠᠢ | ᠴᠠᠢ ᠶᠢᠨ ᠴᠣᠮᠣ︾᠂ ︽ᠺᠤᠯᠠ ᠶᠢᠨ ᠯᠣᠩᠬᠤ︾ ᠭᠡᠬᠦ ᠵᠡᠷᠭᠡ ᠪᠠᠷ ᠨᠡᠷᠡᠯᠡᠭᠰᠡᠨ ᠠᠮᠲᠠ ᠣᠷᠣᠭᠤᠯᠬᠤ ᠡᠯᠧᠺᠲᠷᠣᠨ | ᠲᠠᠮᠠᠬᠢ ᠶᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠡᠯ᠎ᠡ ᠲᠥᠷᠥᠯ ᠤᠨ 593 ᠬᠡᠷᠡᠭ ᠢ ᠪᠠᠶᠢᠴᠠᠭᠠᠨ | ᠢᠯᠡᠷᠡᠭᠦᠯᠵᠦ᠂ 188 ᠬᠥᠮᠥᠨ ᠠᠴᠠ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠂ ᠡᠯ᠎ᠡ ᠲᠥᠷᠥᠯ ᠤᠨ | ︽ᠰᠦ ᠲᠠᠢ ᠴᠠᠢ ᠶᠢᠨ ᠴᠣᠮᠣ︾᠂ ︽ᠺᠤᠯᠠ ᠶᠢᠨ ᠯᠣᠩᠬᠤ︾ ᠶᠢ 72.38 ᠲᠦᠮᠡ ᠶᠢ ᠪᠠᠶᠢᠴᠠᠭᠠᠨ ᠭᠠᠷᠭᠠᠵᠤ᠂ | ᠲᠣᠰ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠬᠦ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠪᠠ᠃ | ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ 12.15 ᠲᠦᠮᠡᠨ | ᠪᠣᠷᠤᠯᠠᠭᠤᠯᠭ᠎ᠠ ᠶᠢᠨ ᠲᠣᠣᠷ ᠴᠡᠭ ᠢ ᠪᠠᠶᠢᠴᠠᠭᠠᠨ ᠭᠠᠷᠭᠠᠪᠠ᠃ ᠡᠳᠡᠭᠡᠷ ᠲᠠᠸᠠᠷ ᠪᠣᠯ ᠴᠥᠮ ᠬᠠᠤᠯᠢ ᠪᠤᠰᠤ ᠪᠠᠷ | ᠦᠢᠯᠡᠳᠪᠦᠷᠢᠯᠡᠭᠰᠡᠨ ᠬᠠᠭᠤᠷᠮᠠᠭ ᠮᠠᠭᠤ ᠡᠯᠧᠺᠲᠷᠣᠨ ᠲᠠᠮᠠᠬᠢ ᠪᠤᠯᠬᠤ ᠶᠤᠮ᠂ ᠲᠡᠭᠦᠨ ᠤ ᠬᠡᠯᠪᠡᠷᠢ ᠳᠦᠷᠰᠦ ᠨᠢ | ᠬᠡᠦᠬᠡᠳ ᠤᠨ ᠲᠣᠭᠯᠠᠭᠠᠮ᠂ ᠰᠢᠨ᠎ᠡ ᠤᠮᠳᠠᠭᠠᠨ ᠪᠤᠶᠤ ᠢᠳᠡᠭᠡᠨ ᠤ ᠵᠦᠢᠯ ᠰᠢᠭ ᠪᠠᠶᠢᠵᠤ᠂ ᠬᠡᠦᠬᠡᠳ ᠪᠠᠭᠠᠴᠤᠳ ᠢ | ᠣᠷᠣᠭᠤ ᠳᠠᠳᠠᠳᠠᠭ ᠮᠥᠷᠲᠡᠭᠡᠨ ᠪᠦᠳᠦᠴᠡ ᠪᠦᠷᠢᠯᠳᠦᠭᠦᠨ ᠨᠢ ᠪᠤᠳᠤᠯᠢᠶᠠᠨᠲᠠᠢ᠂ ᠦᠢᠯᠡᠳᠬᠦᠨ ᠤ ᠶᠠᠰᠤ ᠴᠢᠨᠠᠷ ᠨᠢ | ᠠᠨᠠᠢ᠂ ᠠᠮᠤᠷ ᠲᠦᠪᠰᠢᠨ ᠤ ᠭᠡᠮ ᠰᠤᠭᠤᠭ ᠲᠠᠢ ᠪᠤᠯᠬᠤᠷ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠨᠥᠯᠥᠭᠡᠯᠡᠳᠡᠭ ᠶᠤᠮ᠃ ᠵᠠᠪᠰᠢᠬᠴᠢᠳ ᠭᠤᠣᠯᠳᠠᠭᠤ ᠰᠦᠯᠵᠢᠶᠡᠨ ᠳᠡᠭᠡᠷ᠎ᠡ ᠨᠢᠭᠤᠴᠠ ᠪᠠᠷ ᠪᠣᠷᠣᠯᠠᠭᠤᠯᠳᠠᠭ | ᠪᠦᠬᠡᠳ ᠵᠠᠷᠢᠮ ᠨᠢ ᠪᠦᠷ ᠬᠡᠦᠬᠡᠳ ᠪᠠᠭᠠᠴᠤᠳ ᠢ ᠳᠠᠮᠵᠢᠨ ᠪᠤᠷᠤᠯᠠᠭᠤᠯᠤᠬᠴᠢ ᠪᠠᠨ ᠪᠤᠯᠭᠠᠬᠤ ᠪᠠᠷ ᠦᠳᠦᠬᠡᠨ | ᠳᠠᠳᠠᠳᠠᠭ ᠪᠠᠶᠢᠨ᠎ᠠ᠃ | |