ᠨᠢᠭᠡ᠂ ᠨᠡᠶᠢᠲᠡᠯᠡᠭᠰᠡᠨ ᠠᠬᠤᠢ ᠪᠠᠶᠢᠳᠠᠯ | ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠥᠪᠥᠷ ᠨᠠᠮ ᠲᠠᠷᠬᠠᠭᠠᠭᠰᠠᠨ ︹2022︺ | 18 ᠳ᠋ᠤᠭᠠᠷ ᠲᠣᠭᠠᠲᠤ︶ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ | ᠲᠥᠰᠥᠯ︾ ︵ᠥᠪᠥᠷ ᠵᠠᠰᠠᠭ ᠲᠠᠷᠬᠠᠭᠠᠭᠰᠠᠨ ︹2022︺ 21 ᠳ᠋ᠦ᠋ᠭᠡᠷ ᠲᠣᠭᠠᠲᠤ︶ ︵ | ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠥᠯ | ︾ ᠪᠣᠯᠣᠨ ︽ᠵᠢᠯᠤᠭᠤᠳᠬᠤ ᠰᠠᠨᠠᠯ︾ ᠵᠢᠴᠢ ᠠᠯᠢ ᠣᠯᠠᠨ ᠢᠵᠢ ᠪᠦᠷᠢᠳᠦᠭᠦᠯᠦᠨ ᠨᠠᠷᠢᠯᠢᠭᠵᠢᠭᠤᠯᠬᠤ ᠠᠷᠭ᠎ᠠ ᠬᠡᠮᠵᠢᠶ᠎ᠡ ᠨᠢ | ᠬᠠᠮᠲᠤ ᠪᠠᠷ ︽1+1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ | ᠪᠠᠶᠢᠨ᠎ᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ ᠳᠤ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ 3 ᠬᠡᠰᠡᠭ ᠪᠠᠭᠲᠠᠨ᠎ᠠ᠃ ᠬᠠᠷᠠᠯᠲᠠ ᠡᠭᠦᠷᠭᠡ ᠨᠢ ᠭᠠᠵᠠᠷ ᠰᠢᠷᠣᠢ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠶᠡᠷᠦᠩᠬᠡᠢ ᠠᠰᠢᠭᠯᠠᠯᠲᠠ ᠶᠢᠨ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ | ᠠᠰᠢᠭᠯᠠᠯᠲᠠ ᠳᠤ ᠣᠷᠣᠭᠤᠯᠵᠤ᠂ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠵᠦ ᠠᠰᠢᠭᠯᠠᠬᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ︽ᠪᠠᠶᠢᠴᠠᠭᠠᠵᠤ ᠣᠶᠢᠯᠠᠭᠠᠨ ᠲᠣᠳᠣᠯᠠᠬᠤ ᠶᠢ | ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ︾᠂ ︽ᠬᠠᠮᠢᠶ᠎ᠠ ᠪᠦᠬᠦᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠯᠡᠯᠲᠡ ᠶᠢᠨ ᠵᠠᠬᠢᠷᠤᠨ ᠬᠠᠮᠢᠶᠠᠷᠬᠤ ᠶᠢ ᠴᠢᠩᠭᠠᠳᠬᠠᠬᠤ︾᠂ ︽ | ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭᠠᠬᠤ︾᠂ ︽ | ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ | ᠠᠬᠢᠭᠤᠯᠬᠤ︾ ᠵᠡᠷᠭᠡ 4 ᠲᠠᠯ᠎ᠠ ᠶᠢᠨ ᠲᠣᠭᠤᠷᠢᠨ ᠳᠤ᠂ 13 ᠵᠦᠢᠯ ᠢᠶᠠᠷ ᠨᠠᠷᠢᠯᠢᠭᠵᠢᠭᠤᠯᠤᠨ ᠲᠣᠬᠢᠷᠠᠭᠤᠯᠵᠤ ᠪᠠᠶᠢᠭᠠᠳ | ᠳᠤᠷᠠᠳᠤᠨ ᠭᠠᠷᠭᠠᠵᠤ᠂ ᠬᠠᠷᠢᠭᠤᠴᠠᠯᠭᠠᠲᠤ ᠨᠢᠭᠡᠴᠢ ᠪᠠ ᠪᠡᠶᠡᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠪᠠ᠃ ᠡᠭᠦᠨ ᠤ | ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢᠨ ᠲᠤᠯᠭᠠᠭᠤᠷᠢᠯᠠᠯ ᠢ | ᠴᠢᠩᠭᠠᠳᠬᠠᠬᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠨ᠎ᠠ᠃ | ︵ᠨᠢᠭᠡ︶ ᠪᠠᠶᠢᠴᠠᠭᠠᠵᠤ ᠣᠶᠢᠯᠠᠭᠠᠨ ᠲᠣᠳᠣᠯᠠᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ | ᠰᠤᠳᠤᠯᠤᠯᠲᠠ ᠶᠢ ᠥᠷᠨᠢᠭᠦᠯᠦᠨ᠎ᠡ᠃ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠬᠤ ᠶᠢᠨ ᠲᠤᠰᠠᠳᠠ᠂ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠤᠨ ᠳᠠᠯᠳᠠ ᠬᠦᠴᠦᠨ᠂ ᠬᠤᠲᠠ | ᠪᠠᠯᠭᠠᠰᠤ ᠲᠣᠰᠬᠤᠨ ᠵᠢᠴᠢ ᠨᠡᠭᠡᠭᠡᠯᠲᠡ ᠶᠢᠨ ᠣᠷᠣᠨ ᠤ ᠦᠷ᠎ᠡ ᠠᠰᠢᠭ ᠢᠶᠠᠷ ᠳᠣᠣᠷ᠎ᠠ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠣᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠠᠭᠤᠷᠬᠠᠢ ᠳᠤ ᠬᠡᠷᠡᠭᠯᠡᠬᠦ ᠭᠠᠵᠠᠷ ᠵᠢᠴᠢ ᠳᠠᠬᠢᠨ | ᠬᠠᠭᠠᠯᠪᠤᠷᠢᠯᠠᠭᠰᠠᠨ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ | ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠤᠰᠤᠳ ᠮᠤᠵᠢ ︵ᠣᠷᠣᠨ᠂ ᠬᠤᠲᠠ︶ ᠶᠢᠨ ᠲᠡᠷᠢᠭᠦᠨ ᠤ ᠲᠤᠷᠰᠢᠯᠭ᠎ᠠ ᠬᠢᠳᠡᠯ ᠢ | ᠰᠤᠷᠤᠯᠴᠠᠨ ᠲᠣᠯᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠬᠤᠶᠠᠷ︶ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠯᠡᠯᠲᠡ ᠶᠢᠨ ᠵᠠᠬᠢᠷᠤᠨ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠤᠯᠢ ᠶᠢ | ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠢ ᠵᠦᠢᠯ ᠢᠶᠠᠷ ᠢᠯᠭᠠᠷᠠᠭᠤᠯᠤᠨ ᠴᠡᠭᠴᠡᠯᠡᠬᠦ ᠶᠢ ᠪᠥᠬᠦ ᠲᠠᠯ᠎ᠠ ᠪᠠᠷ ᠥᠷᠨᠢᠭᠦᠯᠬᠦ ︽ | ᠡᠷᠬᠢᠨ ᠬᠠᠷᠠᠬᠤ︾ ᠵᠢᠴᠢ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠤᠷᠢᠲᠠᠢ ᠪᠠᠶᠢᠴᠠᠭᠠᠬᠤ ᠪᠠ | ᠲᠥᠪᠯᠡᠷᠡᠭᠦᠯᠦᠨ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠵᠡᠷᠭᠡ ᠬᠤᠶᠠᠷ ᠲᠠᠯ᠎ᠠ ᠪᠠᠷ ᠠᠵᠢᠯ ᠤᠨ | ᠱᠠᠭᠠᠷᠳᠠᠯᠭ᠎ᠠ ᠳᠤᠷᠠᠳᠪᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ | ᠲᠣᠳᠣᠷᠬᠠᠶᠢᠯᠠᠵᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠲᠣᠭᠲᠠᠭᠠᠵᠤ᠂ | ᠬᠤᠲᠠ ᠪᠠᠯᠭᠠᠰᠤᠨ ᠤ ᠡᠮᠬᠢ ᠵᠢᠷᠤᠮ ᠦᠭᠡᠢ ᠪᠠᠷ ᠥᠷᠭᠡᠵᠢᠬᠦ ᠶᠢ ᠬᠢᠵᠠᠭᠠᠷᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ | ᠬᠠᠮᠲᠤ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ | ᠴᠢᠩᠭᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ | ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠨ ᠭᠠᠵᠠᠷ | ᠬᠡᠷᠡᠭᠯᠡᠬᠦ ᠦᠯᠡᠳᠡᠭᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ︵ᠭᠤᠷᠪᠠ︶ ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠪᠠᠶᠢᠭᠤᠯᠵᠤ᠂ ᠪᠥᠬᠦ | ᠣᠷᠣᠨ ᠤ ᠭᠠᠵᠠᠷ ᠰᠢᠷᠣᠢ ᠨᠥᠭᠡᠴᠡᠯᠡᠬᠦ ᠠᠵᠢᠯ ᠢ ᠵᠢᠯᠣᠭᠤᠳᠤᠭᠤᠯᠤᠨ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ | ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠶᠢᠨ | ᠱᠠᠲᠤᠨ ᠳᠤ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ ᠢ ᠡᠭᠦᠷᠭᠡᠯᠡᠭᠦᠯᠦᠨ᠎ᠡ᠃ ᠡᠭᠦᠨ ᠤ | ᠬᠠᠮᠲᠤ ︽ᠵᠢᠯᠤᠭᠤᠳᠬᠤ ᠰᠠᠨᠠᠯ︾ ᠪᠠ ︽ᠬᠡᠷᠡᠭᠵᠢᠭᠦᠯᠬᠦ ᠲᠥᠰᠥᠯ︾ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ | ᠦᠨᠳᠦᠰᠦᠯᠡᠨ᠂ ᠠᠯᠢ ᠣᠯᠠᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ | ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ︽1+1+N︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠪᠦᠷᠢᠯᠳᠦᠭᠦᠯᠦᠨ᠎ᠡ᠃ | ︵ᠳᠥᠷᠪᠡ︶ ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠠᠵᠢᠯ ᠢ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠶᠢ | ᠴᠢᠩᠭᠠᠳᠬᠠᠬᠤ᠂ ᠬᠤᠲᠠ ᠪᠠᠯᠭᠠᠰᠤᠨ ᠤ ᠦᠯᠡᠳᠡᠭᠡᠯ ᠬᠡᠷᠡᠭᠯᠡᠬᠦ ᠭᠠᠵᠠᠷ ᠢ ᠠᠰᠢᠭᠯᠠᠯᠲᠠ ᠳᠤ ᠣᠷᠣᠭᠤᠯᠬᠤ᠂ ᠬᠦᠷᠢᠶᠡᠯᠡᠩ | ᠲᠣᠭᠤᠷᠢᠭ ᠤᠨ ᠭᠠᠵᠠᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ | ᠠᠷᠭ᠎ᠠ ᠮᠠᠶ᠋ᠢᠭ ᠢ ᠬᠤᠪᠢᠷᠠᠭᠤᠯᠬᠤ᠂ ᠳᠣᠣᠷ᠎ᠠ ᠠᠰᠢᠭᠯᠠᠮᠵᠢ ᠲᠠᠢ ᠭᠠᠵᠠᠷ ᠰᠢᠷᠣᠢ ᠶᠢᠨ ᠥᠷᠲᠡᠭ ᠢ ᠳᠡᠭᠡᠭᠰᠢᠯᠡᠭᠦᠯᠬᠦ᠂ ᠭᠠᠵᠠᠷ | ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ᠂ ᠭᠠᠵᠠᠷ ᠰᠢᠷᠣᠢ ᠶᠢᠨ ᠨᠥᠭᠡᠴᠡᠯᠡᠯ ᠤᠨ | ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠵᠡᠷᠭᠡ 7 ᠲᠠᠯ᠎ᠠ ᠪᠠᠷ ᠨᠠᠷᠢᠯᠢᠭᠵᠢᠭᠤᠯᠤᠨ ᠲᠣᠬᠢᠷᠠᠭᠤᠯᠵᠤ᠂ ᠠᠵᠢᠯ ᠤᠨ ᠬᠠᠷᠠᠯᠲᠠ | ᠪᠠ ᠱᠠᠭᠠᠷᠳᠠᠯᠭ᠎ᠠ ᠶᠢ ᠲᠣᠳᠣᠷᠬᠠᠶᠢᠯᠠᠨ᠂ ᠡᠯ᠎ᠡ ᠵᠦᠢᠯ ᠤᠨ ᠡᠭᠦᠷᠭᠡ ᠶᠢ ᠬᠦᠴᠦᠲᠡᠢ ᠡᠮᠬᠢ ᠵᠢᠷᠤᠮ ᠲᠠᠢ ᠪᠥᠭᠡᠳ | ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠨ᠎ᠠ᠃ | ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯ ᠠᠰᠠᠭᠤᠳᠠᠯ | ︽ᠬᠡᠷᠡᠭᠵᠢᠭᠦᠯᠬᠦ ᠲᠥᠰᠥᠯ︾ ᠨᠢ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠵᠢᠯᠤᠭᠤᠳᠬᠤ ᠰᠠᠨᠠᠯ︾ ᠳᠤ ᠳᠤᠷᠠᠳᠤᠭᠰᠠᠨ ᠭᠤᠣᠯᠳᠠᠯᠭ᠎ᠠ ᠲᠠᠢ | ᠡᠭᠦᠷᠭᠡ ᠳᠤ ᠴᠢᠭᠯᠡᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠪᠠ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠡᠯ᠎ᠡ | ᠵᠦᠢᠯ ᠤᠨ ᠡᠭᠦᠷᠭᠡ ᠶᠢᠨ ︽ᠬᠠᠷᠠᠯᠲᠠ ᠲᠠᠢ᠂ ᠠᠷᠭ᠎ᠠ ᠵᠠᠮ ᠲᠠᠢ᠂ ᠦᠷ᠎ᠡ ᠪᠦᠲᠦᠮᠵᠢ ᠲᠠᠢ᠂ ᠬᠡᠷᠡᠭᠵᠢᠭᠦᠯᠦᠰᠢᠲᠡᠢ︾ | ᠪᠠᠶᠢᠬᠤ ᠶᠢ ᠦᠨᠡᠨ ᠬᠦ ᠪᠠᠲᠤᠯᠠᠨ᠎ᠠ᠃ | ︵ᠨᠢᠭᠡ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠴᠢᠩᠭ᠎ᠠ ᠬᠢᠵᠠᠭᠠᠷᠯᠠᠯ ᠢ | ᠲᠤᠪᠤᠶᠢᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ | ᠴᠢᠩᠭᠠᠳᠬᠠᠨ᠎ᠠ᠃ ︽ᠬᠡᠷᠡᠭᠵᠢᠭᠦᠯᠬᠦ ᠲᠥᠰᠥᠯ︾ ᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠᠷ ᠳᠠᠮᠵᠢᠭᠤᠯᠤᠨ᠂ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠬᠤᠲᠠ ᠪᠠᠯᠭᠠᠰᠤᠨ ᠤ | ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠲᠣᠭᠲᠠᠭᠠᠵᠤ᠂ ᠬᠤᠲᠠ ᠪᠠᠯᠭᠠᠰᠤᠨ ᠤ ᠡᠮᠬᠢ ᠵᠢᠷᠤᠮ | ᠦᠭᠡᠢ ᠪᠠᠷ ᠥᠷᠭᠡᠵᠢᠬᠦ ᠶᠢ ᠬᠢᠵᠠᠭᠠᠷᠯᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠤ᠂ ᠭᠠᠵᠠᠷ ᠰᠢᠷᠣᠢ ᠶᠢᠨ ᠬᠠᠳᠠᠭᠠᠯᠠᠯᠲᠠ ᠶᠢᠨ | ᠬᠡᠮᠵᠢᠶ᠎ᠡ ᠶᠢ ᠠᠰᠢᠭᠯᠠᠯᠲᠠ ᠳᠤ ᠣᠷᠣᠭᠤᠯᠬᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ | ᠳᠡᠭᠡᠭᠰᠢᠯᠡᠭᠦᠯᠵᠦ᠂ ︽ᠭᠠᠵᠠᠷ ᠰᠢᠷᠣᠢ ᠶᠢᠨ ᠬᠠᠳᠠᠭᠠᠯᠠᠯᠲᠠ ᠶᠢᠨ ᠬᠡᠮᠵᠢᠶ᠎ᠡ︾ ᠶᠢ ︽ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ | ︾ ᠪᠣᠯᠭᠠᠬᠤ ᠭᠠᠵᠠᠷ ᠰᠢᠷᠣᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠠᠭᠪᠤᠷ ᠢ ᠪᠤᠢ ᠪᠣᠯᠭᠠᠨ᠎ᠠ᠃ ᠡᠭᠦᠨ ᠤ ᠬᠠᠮᠲᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠤᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠨᠢᠭᠡᠳᠬᠡᠬᠦ ᠪᠠ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ | ᠠᠵᠢᠯ ᠳᠤ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠥᠷᠥᠩᠭᠡᠵᠢᠯᠲᠡ ᠶᠢ ᠠᠬᠢᠭᠤᠯᠤᠨ᠎ᠠ᠃ ︽ᠬᠡᠷᠡᠭᠵᠢᠭᠦᠯᠬᠦ ᠲᠥᠰᠥᠯ︾ | ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠥᠬᠦ ᠣᠷᠣᠨ ᠤ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠤᠨ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ 100 | ᠲᠦᠮᠡᠨ ᠮᠦ᠂ ᠰᠢᠨ᠎ᠡ ᠪᠠᠷ ᠨᠡᠮᠡᠭᠳᠡᠭᠰᠡᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠬᠡᠯ ᠲᠤᠭ᠎ᠠ 5 ᠲᠦᠮᠡᠨ ᠮᠦ | ᠪᠠᠶᠢᠬᠤ ᠶᠢ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠪᠠᠶᠢᠭᠤᠯᠬᠤ ᠪᠠᠷ | ᠳᠠᠮᠵᠢᠭᠤᠯᠤᠨ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠪᠠ ᠨᠡᠮᠡᠭᠳᠡᠯ ᠬᠠᠰᠤᠭᠳᠠᠯ ᠢ | ᠬᠤᠯᠪᠣᠯᠳᠤᠭᠤᠯᠬᠤ ᠦᠯᠡᠳᠡᠭᠡᠯ ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠪᠠ ᠮᠤᠵᠢ | ᠠᠯᠤᠰᠯᠠᠨ ᠠᠷᠠᠯᠵᠢᠶᠠᠯᠠᠬᠤ ᠠᠵᠢᠯ ᠢ ᠥᠷᠭᠡᠳᠬᠡᠵᠦ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠲᠥᠯᠥᠪᠵᠢᠭᠦᠯᠬᠦ ᠬᠡᠪᠴᠢᠶ᠎ᠡ ᠶᠢᠨ ᠭᠦᠢᠴᠡᠳᠬᠡᠯ ᠲᠤᠭ᠎ᠠ ᠶᠢ ᠨᠢᠭᠡᠳᠦᠯᠲᠡᠢ | ᠲᠥᠯᠥᠪᠯᠡᠬᠦ ᠬᠠᠮᠢᠶᠠᠷᠤᠯᠲᠠ ᠶᠢᠨ ᠠᠷᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠷᠡᠭᠵᠢᠭᠦᠯᠬᠦ ᠨᠠᠷᠢᠨ ᠳᠦᠷᠢᠮ ᠵᠡᠷᠭᠡ ᠢᠵᠢ ᠪᠦᠷᠢᠳᠦᠭᠦᠯᠬᠦ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ︽1+1+N︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠪᠠᠶᠢᠭᠤᠯᠤᠨ᠎ᠠ᠃ ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠮᠤᠵᠢ ︵ᠣᠷᠣᠨ᠂ ᠬᠤᠲᠠ︶ ᠯᠤᠭ᠎ᠠ ᠶᠢᠨ ᠨᠡᠪᠲᠡᠷᠡᠯᠴᠡᠭᠡ | ᠵᠣᠯᠭᠠᠯᠴᠠᠭ᠎ᠠ ᠶᠢ ᠴᠢᠩᠭᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠨᠠᠪᠲᠠᠷᠡᠭᠦᠯᠵᠦ᠂ ᠭᠠᠵᠠᠷ ᠰᠢᠷᠣᠢ ᠶᠢᠨ | ᠡᠳ᠋ ᠬᠥᠷᠥᠩᠭᠡ ᠶᠢᠨ ᠥᠷᠲᠡᠭ ᠢ ᠢᠯᠡ ᠪᠣᠯᠭᠠᠨ᠎ᠠ᠃ | ︵ᠭᠤᠷᠪᠠ︶ ᠬᠤᠲᠠ ᠪᠠᠯᠭᠠᠰᠤ ᠶᠢᠨ ᠦᠯᠡᠳᠡᠭᠡᠯ ᠬᠡᠷᠡᠭᠯᠡᠬᠦ ᠭᠠᠵᠠᠷ ᠰᠢᠷᠣᠢ ᠶᠢ ᠠᠰᠢᠭᠯᠠᠯᠲᠠ ᠳᠤ ᠣᠷᠣᠭᠤᠯᠵᠤ᠂ | ᠭᠠᠵᠠᠷ ᠰᠢᠷᠣᠢ ᠶᠢ ᠪᠦᠳᠦᠭᠦᠯᠢᠭ ᠢᠶᠠᠷ ᠠᠰᠢᠭᠯᠠᠵᠤ ᠪᠠᠶᠢᠭ᠎ᠠ ᠪᠠᠶᠢᠳᠠᠯ ᠢ ᠬᠤᠪᠢᠷᠠᠭᠤᠯᠤᠨ᠎ᠠ᠃ ︽ᠬᠡᠷᠡᠭᠵᠢᠭᠦᠯᠬᠦ ᠲᠥᠰᠥᠯ︾ | ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ | ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠲᠦᠷᠭᠡᠬᠡᠨ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ | 67.9 ᠲᠦᠮᠡᠨ ᠮᠦ ᠭᠠᠵᠠᠷ ᠰᠢᠷᠣᠢ ᠶᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠂ ᠡᠭᠦᠨ ᠳᠤ 2022 ᠣᠨ ᠳᠤ | ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ 13. 4 ᠲᠦᠮᠡᠨ ᠮᠦ ᠭᠠᠵᠠᠷ ᠰᠢᠷᠣᠢ ᠶᠢ | ᠠᠰᠢᠭᠯᠠᠯᠲᠠ ᠳᠤ ᠣᠷᠣᠭᠤᠯᠤᠨ᠎ᠠ᠃ 2022 ᠣᠨ ᠤ ᠡᠴᠦᠰ ᠠᠴᠠ ᠡᠮᠦᠨ᠎ᠡ ᠭᠠᠵᠠᠷ ᠰᠢᠷᠣᠢ ᠶᠢᠨ ᠬᠤᠶᠠᠳᠤᠭᠠᠷ ᠳᠡᠰ ᠤᠨ | ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠯᠵᠢᠶᠠᠨ ᠤ ᠳᠦᠷᠢᠮ ᠵᠢᠷᠤᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠨ ᠤ ᠪᠣᠱᠤᠭ᠎ᠠ ᠬᠡᠲᠦ ᠥᠨᠳᠥᠷ᠂ ᠡᠷᠭᠢᠯᠲᠡ ᠳᠤ ᠰᠠᠭᠠᠳ ᠶᠡᠬᠡᠲᠡᠢ ᠪᠠᠶᠢᠬᠤ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠳᠣᠣᠷ᠎ᠠ ᠠᠰᠢᠭᠯᠠᠮᠵᠢ ᠲᠠᠢ ᠬᠡᠷᠡᠭᠯᠡᠬᠦ ᠭᠠᠵᠠᠷ ᠢ ᠳᠠᠬᠢᠨ | ᠠᠰᠢᠭᠯᠠᠬᠤ ᠶᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠶᠢ ᠠᠬᠢᠭᠤᠯᠤᠨ᠎ᠠ᠃ | | ︵ᠳᠥᠷᠪᠡ︶ ᠭᠠᠵᠠᠷ ᠰᠢᠷᠣᠢ ᠶᠢ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠵᠤ᠂ ᠭᠠᠵᠠᠷ ᠰᠢᠷᠣᠢ ᠶᠢᠨ ᠡᠬᠢ | ᠪᠠᠶᠠᠯᠢᠭ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃ ᠨᠢᠭᠡ ᠳᠤ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ | ᠵᠠᠭᠪᠤᠷ ᠲᠤ ᠰᠢᠨ᠎ᠡ ᠶᠢ ᠡᠭᠦᠳᠴᠦ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ | ᠬᠠᠮᠲᠤ ᠪᠠᠷ ᠬᠦᠷᠲᠡᠬᠦ ᠪᠠ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠵᠦ᠂ ᠦᠷ᠎ᠡ | ᠠᠰᠢᠭ ᠢᠶᠠᠷ ᠳᠣᠣᠷ᠎ᠠ ᠴᠢᠨᠠᠷ ᠮᠠᠭᠤᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠢ ᠰᠤᠯᠠᠯᠠᠨ ᠪᠤᠴᠠᠭᠠᠬᠤ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ | ᠠᠬᠢᠭᠤᠯᠤᠨ᠂ ᠬᠦᠷᠢᠶᠡᠯᠡᠩ ᠲᠣᠭᠤᠷᠢᠭ ᠤᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠵᠠᠷ | ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠵᠤ᠂ ᠡᠯ᠎ᠡ ᠭᠠᠵᠠᠷ ᠤᠨ ᠠᠵᠤ ᠦᠢᠯᠡᠰ ᠲᠤ | ᠬᠡᠷᠡᠭᠯᠡᠬᠦ ᠭᠠᠵᠠᠷ ᠰᠢᠷᠣᠢ ᠶᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠠᠩᠭᠠᠬᠤ ᠶᠢ ᠲᠡᠮᠵᠢᠵᠤ᠂ ᠰᠢᠨ᠎ᠡ ᠠᠵᠤ ᠦᠢᠯᠡᠰ | ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠡᠷᠡᠭᠯᠡᠬᠦ ᠭᠠᠵᠠᠷ ᠰᠢᠷᠣᠢ ᠶᠢ ᠳᠡᠮᠵᠢᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠷᠳᠡᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠤᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠮᠠᠨ ᠤ | ᠣᠷᠣᠨ ᠤ ᠠᠰᠢᠭᠯᠠᠭᠠᠳᠤᠢ ᠭᠠᠵᠠᠷ ᠤᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠲᠣᠮᠣ | ᠬᠡᠯᠪᠡᠷᠢ ᠶᠢᠨ ᠰᠠᠯᠬᠢᠨ ᠬᠦᠴᠦᠨ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ ᠡᠯᠡᠰᠦ ᠮᠠᠩᠬ᠎ᠠ᠂ | ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ︽ᠳᠡᠭᠡᠷ᠎ᠡ ᠲᠠᠯ᠎ᠠ ᠳᠤ ᠨᠢ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠳᠣᠣᠷ᠎ᠠ ᠲᠠᠯ᠎ᠠ ᠳᠤ ᠨᠢ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ︾ ᠵᠡᠷᠭᠡ | ᠰᠢᠨ᠎ᠡ ᠡᠨᠧᠷᠭᠢ ᠶᠢᠨ ᠲᠥᠷᠥᠯ ᠵᠦᠢᠯ ᠤᠨ ᠨᠡᠶᠢᠯᠡᠮᠡᠯ ᠬᠡᠯᠪᠡᠷᠢ ᠪᠠᠷ ᠭᠠᠵᠠᠷ ᠬᠡᠷᠡᠭᠯᠡᠬᠦ ᠶᠢ ᠠᠬᠢᠭᠤᠯᠵᠤ᠂ ᠭᠠᠵᠠᠷ ᠰᠢᠷᠣᠢ ᠶᠢᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠭᠠᠵᠠᠷ ᠰᠢᠷᠣᠢ ᠨᠥᠭᠡᠴᠡᠯᠡᠬᠦ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠥᠭᠡᠴᠡᠯᠡᠬᠦ ᠲᠠᠪᠴᠠᠩ ᠢ | ᠪᠠᠶᠢᠭᠤᠯᠤᠨ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ | ᠬᠤᠯᠪᠣᠯᠳᠤᠭᠤᠯᠬᠤ ᠭᠦᠢᠴᠡᠳᠬᠡᠯ ᠲᠤᠭ᠎ᠠ ᠶᠢ ᠮᠡᠳᠡᠭᠡ ᠵᠠᠩᠭᠢ ᠨᠥᠭᠡᠴᠡᠯᠡᠬᠦ ᠲᠠᠪᠴᠠᠩ ᠳᠤ ᠣᠷᠣᠭᠤᠯᠵᠤ᠂ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠪᠠ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠬᠡᠯ ᠲᠤᠭ᠎ᠠ ᠶᠢ | ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠥᠷᠭᠡᠳᠬᠡᠨ᠎ᠡ᠃ |