2021 ᠣᠨ ᠳᠤ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ᠬᠡᠪᠯᠡᠭᠳᠡᠬᠦ  ᠪᠠᠷ ᠪᠠᠶᠢᠨ᠎ᠠ
ᠨᠡᠶᠢᠲᠡᠯᠡᠭᠰᠡᠨ ᠴᠠᠭ᠄
2023/2/23
    ᠰᠤᠷᠪᠤᠯᠵᠢᠯᠠᠭᠴᠢ  ᠬᠠᠤᠯᠢ ᠴᠠᠭᠠᠵᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ  ᠶᠠᠮᠤᠨ‌ᠡᠴᠠ ᠨᠠᠶᠢᠷᠠᠭᠤᠯᠵᠦ ᠵᠠᠰᠠᠪᠤᠷᠢ ᠣᠷᠣᠭᠤᠯᠤᠭᠰᠠᠨ 《 2021 ᠣᠨ ᠤ ᠤᠯᠤᠰ   ᠤᠨ  ᠨᠢᠭᠡᠳᠦᠯᠲᠡᠶ  ᠬᠠᠤᠯᠢ  ᠴᠠᠭᠠᠵᠠ   ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ》 ᠶᠢ ᠣᠶᠢᠷ᠎ᠠ ᠳᠤ ᠬᠡᠪᠯᠡᠨ ᠲᠠᠷᠬᠠᠭᠠᠬᠤ ᠪᠠᠷ ᠪᠠᠶᠢᠨ᠎ᠠ᠃           ᠣᠶᠢᠯᠠᠭᠠᠭᠰᠠᠨ ᠢᠶᠠᠷ᠂ 2021 ᠣᠨ ᠤ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ  ᠠᠵᠢᠯ  ᠮᠡᠷᠭᠡᠵᠢᠯ  ‍ᠦᠨ‌‍ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ᠶᠢ ᠨᠠᠶᠢᠷᠠᠭᠤᠯᠤᠨ ᠵᠠᠰᠠᠪᠤᠷᠢ ᠣᠷᠣᠭᠤᠯᠬᠤ ᠠᠵᠢᠯ ᠨᠢ ᠰᠢ ᠶᠢᠨ ᠫᠢᠩ ᠤᠨ ᠰᠢᠨ᠎ᠡ‌‍ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠣ᠂ ᠨᠠᠮ‌‍ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ   ᠤ  ᠲᠥᠪ  ᠬᠤᠷᠢᠶᠠᠨ   ᠤ  ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠵᠢᠴᠢ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ  ᠵᠶ᠋ᠠᠨ‌ᠵᠠᠰᠠᠬᠤ ᠠᠵᠢᠯ ᠤᠨ ᠬᠤᠷᠠᠯ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ   ᠶᠢ ᠪᠥᠬᠦ ᠲᠠᠯ᠎ᠠ ᠪᠠᠷ  ᠳᠣᠭᠤᠰᠢᠯᠠᠭᠤᠯᠣᠨ ᠨᠠᠶᠢᠳᠠᠪᠤᠷᠢᠵᠢᠭᠤᠯᠪᠠ᠃  ᠰᠢᠯᠭᠠᠯᠲᠠ ᠶᠢᠨ ᠬᠥᠲᠥᠯᠪᠦᠷᠢ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ  ᠰᠢᠯᠭᠠᠯᠲᠠ   ᠶᠢᠨ ᠬᠡᠪᠴᠢᠶᠡᠨ ᠳᠤ ᠣᠷᠣᠭᠤᠯᠵᠤ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠵᠣᠭᠰᠣᠯᠲᠠ᠂  ᠶᠣᠰᠣ  ᠰᠤᠷᠲᠠᠬᠤᠨ  ᠪᠠ  ᠤᠷ᠎ᠠ‌‍ᠴᠢᠳᠠᠪᠤᠷᠢ ᠶᠢᠨ ᠲᠤᠬᠠᠢ ᠰᠢᠯᠭᠠᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠰᠢᠯᠭᠠᠯᠲᠠ ᠪᠠᠷ ᠰᠢᠯᠢᠨ ᠰᠣᠩᠭᠤᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠦᠳᠤᠮᠵᠢᠳᠤ ᠴᠢᠨᠠᠷ ᠢ ᠠᠬᠢᠭᠤᠯᠤᠨ ᠳᠡᠭᠡᠭᠰᠢᠯᠡᠭᠦᠯᠵᠦ᠂ ᠰᠢᠯᠭᠠᠯᠲᠠ ᠳᠤ ᠣᠷᠣᠯᠴᠠᠭᠰᠠᠳ ‍ᠤᠨ‌ᠵᠥ᠋ᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ᠂ ᠳᠤᠮᠳᠠᠳᠤ ᠤᠯᠤᠰ ‍ᠤᠨ‌ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ  ᠬᠠᠤᠯᠢ   ᠪᠠᠷ  ᠵᠠᠰᠠᠬᠤ   ᠶᠢ  ᠬᠦᠷᠢᠶᠡᠯᠡᠬᠦ   ᠶᠢ ᠬᠥᠳᠤᠯᠤᠨ ᠵᠢᠯᠣᠭᠤᠳᠴᠤ᠂ ᠨᠡᠶᠢᠭᠡᠮ  ᠵᠢᠷᠤᠮ   ᠤᠨ  ᠭᠤᠣᠯᠯᠠᠬᠤ  ᠦᠷᠳᠡᠭ   ᠤᠨ  ᠦᠵᠡᠯᠲᠡ   ᠶᠢ  ᠤᠬᠠᠮᠰᠠᠷ   ᠠᠴᠠ   ᠪᠠᠨ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠦᠨᠡᠨᠴᠢ  ᠰᠢᠳᠤᠷᠭᠤ   ᠪᠠᠷ  ᠡᠷᠬᠢᠮᠯᠡᠨ  ᠳᠡᠭᠡᠳᠦᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠬᠥᠳᠤᠯᠤᠨ ᠵᠢᠯᠣᠭᠤᠳᠪᠠ᠃ ᠦᠨᠳᠦᠰᠦᠨ ᠪᠦᠳᠦᠴᠠ ᠪᠠ ᠨᠠᠶᠢᠷᠠᠭᠤᠯᠤᠨ ᠪᠢᠴᠢᠬᠦ ᠬᠡᠯᠪᠡᠷᠢ  ᠶᠡᠷᠦᠩᠬᠡᠶ   ᠳᠡᠭᠡᠨ  ᠲᠣᠭᠲᠠᠭᠤᠨ  ᠪᠠᠶᠢᠬᠤ   ᠶᠢ ᠪᠠᠳᠣᠯᠠᠭᠰᠠᠨ ᠰᠠᠭᠤᠷᠢᠨ ᠳᠡᠭᠡᠷ᠎ᠡ᠂ ᠰᠢᠯᠭᠠᠯᠲᠠ ᠶᠢᠨ ᠬᠥᠲᠥᠯᠪᠦᠷᠢ ᠨᠢ ᠨᠠᠮ ᠪᠠ ᠤᠯᠤᠰ ᠤᠨ ᠪᠥᠬᠦ  ᠲᠠᠯ᠎ᠠ   ᠪᠠᠷ  ᠬᠠᠤᠯᠢ   ᠪᠠᠷ ᠤᠯᠤᠰ ᠢᠶᠠᠨ ᠵᠠᠰᠠᠬᠤ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ᠂ ᠦᠶᠯᠡᠳᠦᠯᠭᠡ ᠶᠢᠨ ᠦᠷ᠎ᠡ  ᠪᠦᠲᠦᠭᠡᠯ᠂  ᠲᠦᠷᠢᠮ‌‍ᠦᠨ ᠦᠷ᠎ᠡ ᠪᠦᠲᠦᠭᠡᠯ ᠪᠠ ᠬᠠᠤᠯᠢ ᠶᠢᠨ ᠤᠬᠠᠭᠠᠨ ᠤ ᠣᠨᠣᠯ ᠵᠢᠴᠢ ᠣᠲᠣ ᠶᠢᠨ  ᠬᠡᠷᠡᠭᠵᠢᠭᠦᠯᠵᠦ  ᠪᠠᠶᠢᠭ᠎ᠠ  ᠬᠠᠤᠯᠢ  ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ  ᠣᠷᠣᠭᠤᠯᠤᠨ  ᠦᠭᠡᠷᠡᠴᠢᠯᠡᠭᠰᠡᠨ  ᠪᠠᠶᠢᠳᠠᠯ   ᠢ  ᠦᠨᠳᠦᠰᠦᠯᠡᠨ  ᠵᠠᠰᠠᠪᠤᠷᠢ  ᠣᠷᠣᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠲᠤᠰᠬᠠᠶ ᠮᠡᠷᠭᠡᠵᠢᠯ ᠰᠢᠨᠵᠢᠯᠡᠭᠡᠨ ᠤ ᠰᠠᠯᠠᠭ᠎ᠠ ᠶᠢᠨ ᠰᠢᠯᠭᠠᠨ ᠪᠠᠶᠢᠴᠠᠭᠠᠬᠤ  ᠮᠡᠳᠡᠯᠭᠡ   ᠶᠢᠨ ᠴᠡᠭ᠂ ᠬᠥᠲᠥᠯᠪᠦᠷᠢ  ᠶᠢᠨ ᠳᠠᠭᠠᠯᠳᠤᠭᠤᠯᠤᠯ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠮᠡᠯᠳᠠ ᠬᠠᠰᠣᠯᠳᠠ ᠬᠢᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号