ᠡᠶᠢᠮᠦᠷᠬᠦ ᠰᠤᠷᠤᠯᠭ᠎ᠠ ᠶᠢᠨ ᠦᠨᠡᠮᠯᠡᠯ ᠢ ᠠᠯᠪᠠᠨ ᠲᠠᠯ᠎ᠠ ᠠᠴᠠ ᠲᠠᠬᠢᠵᠤ ᠭᠡᠷᠡᠴᠢᠯᠡᠬᠦ ᠦᠭᠡᠢ
ᠨᠡᠶᠢᠲᠡᠯᠡᠭᠰᠡᠨ ᠴᠠᠭ᠄
2023/2/6
     ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠠᠯᠪᠠᠨ ᠵᠠᠷ ᠨᠡᠶᠢᠲᠡᠯᠡᠵᠦ᠂ 2023 ᠣᠨ ᠤ  ᠬᠠᠪᠤᠷ ᠤᠨ ᠤᠯᠠᠷᠢᠯ ᠤᠨ  ᠰᠤᠷᠤᠯᠭ᠎ᠠ ᠶᠢᠨ  ᠬᠤᠭᠤᠴᠠᠭ᠎ᠠ  ︵ᠡᠮᠦᠨᠡᠲᠦ ᠬᠠᠭᠠᠰ ᠪᠥᠮᠪᠥᠷᠴᠡᠭ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ︶ ᠵᠢᠴᠢ ᠬᠤᠶᠢᠰᠢᠳᠠ ᠠᠯᠤᠰ ᠠᠴᠠ ᠰᠤᠷᠤᠯᠴᠠᠬᠤ ᠠᠷᠭ᠎ᠠ  ᠬᠡᠯᠪᠡᠷᠢ  ︵ᠰᠢᠨ᠎ᠡ ᠪᠠᠷ ᠰᠤᠷᠭᠠᠭᠤᠯᠢ ᠳᠤ  ᠣᠷᠣᠭᠰᠠᠨ  ᠪᠠ  ᠦᠷᠭᠦᠯᠵᠢᠯᠡᠨ  ᠰᠤᠷᠤᠯᠴᠠᠬᠤ  ᠪᠠᠶᠢᠳᠠᠯ ᠪᠠᠭᠲᠠᠨ᠎ᠠ︶ ᠢᠶᠠᠷ ᠣᠯᠤᠭᠰᠠᠨ ᠤᠯᠤᠰ ︵ᠬᠢᠯᠢ︶ ᠤᠨ ᠭᠠᠳᠠᠭᠠᠳᠤ ᠶᠢᠨ  ᠰᠤᠷᠤᠯᠭ᠎ᠠ ᠶᠢᠨ  ᠦᠨᠡᠮᠯᠡᠯ ᠳᠤ  ᠦᠢᠯᠡᠴᠢᠯᠡᠭᠡᠨ ᠤ ᠲᠥᠪ ᠠᠴᠠ ᠭᠡᠷᠡᠴᠢᠯᠡᠯ ᠤᠨ ᠦᠢᠯᠡᠴᠢᠯᠡᠭᠡ ᠬᠠᠩᠭᠠᠬᠤ ᠥᠬᠡᠶ ᠭᠡᠵᠡᠢ᠃      ᠠᠯᠪᠠᠨ ᠵᠠᠷ ᠲᠤ ᠨᠡᠶᠢᠲᠡᠯᠡᠭᠰᠡᠨ ᠢᠶᠠᠷ᠂ ᠣᠳᠣᠬᠠᠨ ᠳᠤ᠂ ᠭᠠᠳᠠᠭᠠᠳᠤ ᠳᠤ  ᠰᠤᠷᠤᠯᠴᠠᠬᠤ  ᠭᠤᠤᠯ  ᠵᠣᠷᠢᠯᠲᠠ ᠶᠢᠨ ᠭᠠᠵᠠᠷ ᠨᠢ ᠨᠢᠭᠡᠨᠲᠡ ᠬᠢᠯᠢ ᠬᠢᠵᠠᠭᠠᠷ ᠢᠶᠠᠨ  ᠨᠡᠭᠡᠭᠡᠵᠦ᠂ ᠤᠯᠤᠰ  ︵ᠬᠢᠯᠢ︶ ᠤᠨ  ᠭᠠᠳᠠᠨᠠᠬᠢ  ᠶᠡᠭᠡ  ᠳᠡᠭᠡᠳᠦ ᠰᠤᠷᠭᠠᠭᠤᠯᠢ ᠨᠢ ᠰᠦᠯᠵᠢᠶᠡᠨ ᠭᠠᠳᠠᠨ᠎ᠠ ᠬᠢᠴᠢᠶᠡᠯ ᠣᠷᠣᠬᠤ ᠪᠠᠨ ᠪᠥᠬᠦ ᠲᠠᠯ᠎ᠠ ᠪᠠᠷ ᠰᠡᠷᠭᠦᠭᠡᠪᠡ᠃  ᠥᠷᠭᠡᠨ ᠣᠯᠠᠨ ᠭᠠᠳᠠᠭᠠᠳᠤ ᠳᠤ ᠰᠤᠷᠤᠯᠴᠠᠭᠰᠠᠳ ᠤᠨ ᠠᠰᠢᠭ ᠲᠤᠰᠠ ᠶᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠡᠷᠬᠡ  ᠲᠡᠭᠰᠢ  ᠪᠠᠶᠢᠬᠤ ᠶᠢ  ᠬᠠᠮᠠᠭᠠᠯᠠᠬᠤ ᠶᠢᠨ  ᠲᠥᠯᠥᠭᠡ᠂ ᠦᠢᠯᠡᠴᠢᠯᠡᠭᠡᠨ ᠤ  ᠲᠥᠪ ᠠᠴᠠ  ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠣᠨᠴᠠᠭᠠᠶ ᠭᠡᠷᠡᠴᠢᠯᠡᠯ ᠤᠨ ᠲᠦᠷᠢᠮ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠃  2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ︵ᠡᠮᠦᠨᠡᠲᠦ  ᠬᠠᠭᠠᠰ  ᠪᠥᠮᠪᠥᠷᠴᠡᠭ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ︶ ᠵᠢᠴᠢ ᠬᠤᠶᠢᠰᠢᠳᠠ ᠮᠥᠨ ᠬᠦ ᠠᠯᠤᠰ ᠠᠴᠠ ᠰᠤᠷᠤᠯᠴᠠᠬᠤ ᠠᠷᠭ᠎ᠠ  ᠬᠡᠯᠪᠡᠷᠢ ᠪᠠᠷ  ᠰᠤᠷᠤᠯᠴᠠᠵᠤ ︵ᠰᠢᠨ᠎ᠡ ᠪᠠᠷ ᠰᠤᠷᠭᠠᠭᠤᠯᠢ ᠳᠤ ᠤᠷᠤᠭᠰᠠᠨ ᠪᠠ  ᠦᠷᠭᠦᠯᠵᠢᠯᠡᠨ ᠰᠤᠷᠤᠯᠴᠠᠬᠤ  ᠪᠠᠶᠢᠳᠠᠯ  ᠪᠠᠭᠲᠠᠨ᠎ᠠ︶ ᠣᠯᠤᠭᠰᠠᠨ  ᠤᠯᠤᠰ ︵ᠬᠢᠯᠢ︶ ᠤᠨ ᠭᠠᠳᠠᠭᠠᠳᠤ ᠶᠢᠨ ᠰᠤᠷᠤᠯᠭ᠎ᠠ ᠶᠢᠨ ᠦᠨᠡᠮᠯᠡᠯ ᠢ ᠦᠢᠯᠡᠴᠢᠯᠡᠭᠡᠨ ᠤ ᠲᠥᠪ ᠠᠴᠠ ᠭᠡᠷᠡᠴᠢᠯᠡᠬᠦ ᠦᠢᠯᠡᠴᠢᠯᠡᠭᠡ ᠳᠠᠬᠢᠨ ᠬᠠᠩᠭᠠᠬᠤ ᠥᠬᠡᠶ᠃ ᠦᠨᠡᠬᠡᠷ ᠣᠨᠴᠠᠭᠠᠶ ᠰᠢᠯᠲᠠᠭᠠᠨ ᠲᠠᠢ  ᠪᠥᠭᠡᠳ ᠬᠤᠯᠪᠣᠭᠳᠠᠯ ᠪᠥᠬᠦᠶ ᠲᠣᠭᠲᠠᠭᠠᠯ ᠳᠤ  ᠨᠡᠶᠢᠴᠡᠪᠡᠯ᠂ ᠦᠢᠯᠡᠴᠢᠯᠡᠭᠡᠨ ᠤ ᠲᠥᠪ ᠠᠴᠠ ᠣᠨᠴᠠᠭᠠᠶ ᠬᠡᠷᠡᠭ ᠢᠶᠠᠷ ᠰᠠᠶᠢᠲᠤᠷ ᠰᠢᠢᠳᠪᠦᠷᠢᠯᠡᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号