ᠰᠤᠷᠭᠠᠨ ᠬᠥᠮᠦᠵᠢᠯ ᠤᠨ ᠶᠠᠮᠤᠨ ᠡᠳᠦᠭᠡ ᠥᠷᠭᠡᠨ ᠣᠯᠠᠨ ᠰᠣᠷᠣᠭᠴᠢ ᠪᠠ ᠬᠡᠷ ᠤᠨ ᠠᠬᠠᠮᠠᠳ ᠲᠤ | ᠳᠠᠬᠢᠨᠲᠠ ᠰᠠᠨᠠᠭᠤᠯᠬᠤ ᠳᠠᠭᠠᠨ᠂ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ︽2022 —2025 | ᠤᠨ ᠪᠤᠯᠳᠠᠯᠠᠬᠢ ᠰᠤᠷᠤᠯᠭ᠎ᠠ ᠶᠢᠨ ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ | ᠬᠠᠨᠳᠤᠭᠤᠯᠤᠭᠰᠠᠨ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠨᠡᠷᠡᠰ︾ ᠲᠤ | ᠣᠷᠣᠭᠤᠯᠤᠭᠰᠠᠨ ᠥᠬᠡᠶ ᠪᠦᠬᠦᠨ ᠴᠥᠮ ᠲᠣᠭᠲᠠᠭᠠᠯ ᠠᠴᠠ ᠵᠥᠷᠢᠴᠡᠨ ᠡᠷᠭᠢᠯᠡᠭᠰᠡᠨ ︽ᠬᠠᠤᠯᠢ ᠪᠤᠰᠤ | ᠤᠷᠤᠯᠳᠤᠭᠠᠨ︾ ᠪᠣᠯᠤᠨ᠎ᠠ︔ ᠪᠣᠶ ᠪᠥᠬᠦᠶ ᠤᠷᠤᠯᠳᠤᠭᠠᠨ ᠤ ᠦᠷ᠎ᠡ ᠳ᠋ᠦᠩ ᠢ ᠴᠥᠮ ᠳᠤᠮᠳᠠᠳᠤ ᠪᠠᠭ᠎ᠠ | ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠦᠨᠳᠦᠰᠦᠯᠡᠯ ᠪᠣᠯᠭᠠᠵᠤ ᠪᠣᠯᠬᠤ | ᠥᠬᠡᠶ᠂ ᠪᠠᠰᠠ ᠳᠤᠮᠳᠠᠳᠤ ᠰᠤᠷᠭᠠᠭᠤᠯᠢ ᠪᠠ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠪᠢ ᠨᠡᠮᠡᠬᠦ ᠲᠦᠷᠦᠯ ᠵᠦᠢᠯ ᠪᠣᠯᠭᠠᠵᠤ | ᠪᠣᠯᠬᠤ ᠥᠬᠡᠶ᠃ ᠬᠤᠯᠪᠣᠭᠳᠠᠯ ᠪᠥᠬᠦᠶ ᠺᠣᠮᠫᠠᠨᠢ ᠪᠠ ᠬᠤᠪᠢ ᠬᠥᠮᠦᠨ ᠨᠢ ᠣᠯᠠᠨ ᠨᠡᠶᠢᠲᠡ ᠶᠢᠨ ᠳ᠋ᠤᠭᠠᠷ᠂ | ᠸᠢᠴᠠᠲ ᠤᠨ ᠬᠤᠯᠪᠤᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠰᠢᠯᠭᠠᠯᠲᠠ ᠳᠤ ᠱᠠᠩᠨᠠᠯ ᠭᠥᠷᠳᠡᠪᠡᠯ | ᠰᠤᠷᠭᠠᠭᠤᠯᠢ ᠳᠡᠪᠰᠢᠬᠦ ᠳᠤ ᠬᠦᠴᠦᠨ ᠨᠡᠮᠡᠷᠢᠯᠡᠨ᠎ᠡ︾ ᠭᠡᠬᠦ ᠴᠤᠤᠷᠬᠠᠯ ᠲᠠᠷᠬᠠᠭᠠᠵᠤ᠂ ᠤᠷᠢᠳᠴᠢᠯᠠᠨ | ᠰᠤᠷᠤᠯᠴᠠᠬᠤ ᠦᠭᠡᠢ ᠪᠤᠯ ᠪᠤᠰᠤᠳ ᠠᠴᠠ ᠬᠤᠴᠤᠷᠤᠨ᠎ᠠ ᠬᠡᠮᠡᠨ ᠬᠠᠤᠯᠢ ᠪᠤᠰᠤ ᠪᠠᠷ ᠪᠡᠶ᠎ᠡ ᠳᠡᠭᠡᠨ ᠡᠳ᠋ ᠮᠥᠩᠭᠦ | ᠲᠠᠳᠠᠵᠦ ᠪᠠᠶᠢᠬᠤ ᠨᠢ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠪᠤᠯᠤᠨ᠎ᠠ᠂ ᠲᠡᠷᠡ ᠨᠢ | ᠰᠤᠷᠤᠭᠴᠢᠳ ᠤᠨ ᠳᠠᠷᠤᠭᠠᠰᠤ ᠶᠢ ᠬᠦᠨᠳᠦᠷᠡᠭᠦᠯᠵᠦ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠬᠤᠬᠢᠷᠠᠭᠤᠯᠬᠤ ᠪᠠᠷ ᠪᠠᠷᠠᠬᠤ ᠥᠬᠡᠶ ᠪᠠᠰᠠ ᠮᠡᠬᠡᠯᠡᠭᠰᠡᠨ ᠭᠡᠷᠡᠭ ᠲᠤ ᠲᠤᠭᠠᠴᠠᠬᠳᠠᠨ᠎ᠠ᠃ ᠥᠷᠭᠡᠨ ᠣᠯᠠᠨ | ᠰᠣᠷᠣᠭᠴᠢ ᠪᠣᠯᠤᠨ ᠬᠡᠷ ᠤᠨ ᠠᠬᠠᠮᠠᠳ ᠤᠷᠤᠯᠳᠤᠭᠠᠨ ᠳᠤ ᠣᠷᠣᠯᠴᠠᠬᠤ ᠶᠢᠨ ᠠᠴᠢ ᠬᠤᠯᠪᠣᠭᠳᠠᠯ ᠪᠠ ᠦᠨ᠎ᠡ | ᠴᠡᠨ᠎ᠡ ᠳᠤ ᠣᠶᠤᠨᠴᠢ ᠪᠠᠷ ᠬᠠᠨᠳᠤᠵᠤ᠂ ᠬᠠᠤᠯᠢ ᠲᠣᠭᠲᠠᠭᠠᠯ ᠠᠴᠠ ᠵᠥᠷᠢᠴᠡᠬᠦ ︽ᠬᠠᠤᠯᠢ ᠪᠤᠰᠤ | ᠤᠷᠤᠯᠳᠤᠭᠠᠨ︾ ᠢ ᠬᠠᠮᠲᠤ ᠪᠠᠷ ᠬᠤᠷᠢᠭᠯᠠᠬᠤ ᠶᠢ ᠬᠦᠰᠡᠵᠦ ᠪᠠᠶᠢᠨ᠎ᠠ ᠬᠡᠪᠡ᠃ | |