ᠡᠨᠡ ᠵᠠᠷᠤᠳᠠᠯ ᠢ ᠬᠡᠯᠲᠦᠷᠢᠬᠦᠯᠦᠨ᠎ᠡ
ᠨᠡᠶᠢᠲᠡᠯᠡᠭᠰᠡᠨ ᠴᠠᠭ᠄
2023/3/31
     ᠤᠯᠤᠰ ᠤᠨ  ᠭᠠᠶᠢᠯᠢ ᠶᠢᠨ  ᠶᠠᠪᠤᠳᠠᠯ ᠤᠨ  ᠶᠡᠷᠦᠩᠬᠡᠶ  ᠲᠣᠪᠴᠢᠶ᠎ᠠ ᠶᠢᠨ  ᠲᠦᠷᠦᠭᠦᠬᠡᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂  ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406.8 ᠳ᠋ᠦᠩᠰᠢᠭᠤᠷ ᠲᠥᠭᠦᠷᠢᠭ  ᠬᠡᠯᠲᠦᠷᠢᠭᠦᠯᠵᠦ᠂   ᠠᠳᠠᠯᠢ ᠬᠤᠭᠤᠴᠠᠭᠠᠨ ᠤ ᠬᠢ ᠠᠴᠠ 108.5 %᠎ ᠪᠠᠷ ᠨᠡᠮᠡᠭᠳᠡᠪᠡ᠃              ᠵᠠᠬ᠎ᠠ ᠳᠡᠯᠭᠡᠭᠦᠷ ᠤᠨ ᠬᠥᠮᠦᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ  ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ  ᠳᠠᠬᠢᠨᠲᠠ ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ  ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠠᠬᠢᠭᠤᠯᠵᠤ᠂  ᠦᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ  ᠲᠥᠷᠥ ᠶᠢᠨ  ᠪᠣᠳᠣᠯᠭ᠎ᠠ ᠶᠢ2023 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠬᠦ ᠪᠣᠯᠣᠭᠰᠠᠨ ᠨᠢ᠂  2014 ᠣᠨ ᠳᠤ ᠮᠠᠨ ᠤ  ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ  ᠭᠠᠶᠢᠯᠢ ᠶᠢ ᠬᠡᠯᠲᠦᠷᠢᠭᠦᠯᠬᠦ  ᠲᠥᠷᠥ ᠶᠢᠨ ᠪᠣᠳᠣᠯᠭ᠎ᠠ ᠶᠢ  ᠠᠩᠬ᠎ᠠ ᠤᠳᠠᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ  ᠭᠤᠷᠪᠠᠳᠠᠬᠢ ᠤᠳᠠᠭ᠎ᠠ ᠤᠷᠲᠤᠳᠬᠠᠨ ᠬᠡᠷᠡᠭᠵᠢᠭᠦᠯᠵᠦ ᠪᠤᠢ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ ᠲᠥᠭᠦᠷᠢᠭ ᠬᠡᠯᠲᠦᠷᠢᠭᠦᠯᠬᠦ ᠪᠣᠯᠤᠨ᠎ᠠ᠃            
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号