ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠷᠦᠭᠦᠬᠡᠨ ᠨᠡᠶᠢᠲᠡᠯᠡᠭᠰᠡᠨ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂ ᠰᠢᠨ᠎ᠡ ᠡᠨᠧᠷᠭᠢ ᠶᠢᠨ | ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406.8 ᠳ᠋ᠦᠩᠰᠢᠭᠤᠷ ᠲᠥᠭᠦᠷᠢᠭ ᠬᠡᠯᠲᠦᠷᠢᠭᠦᠯᠵᠦ᠂ ᠠᠳᠠᠯᠢ | ᠬᠤᠭᠤᠴᠠᠭᠠᠨ ᠤ ᠬᠢ ᠠᠴᠠ 108.5 % ᠪᠠᠷ ᠨᠡᠮᠡᠭᠳᠡᠪᠡ᠃ | ᠵᠠᠬ᠎ᠠ ᠳᠡᠯᠭᠡᠭᠦᠷ ᠤᠨ ᠬᠥᠮᠦᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ | ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠳᠠᠬᠢᠨᠲᠠ | ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠦᠢᠯᠡᠳᠪᠦᠷᠢᠯᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠠᠬᠢᠭᠤᠯᠵᠤ᠂ ᠦᠢᠯᠡᠳᠬᠦᠨ ᠤ | ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ | ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ2023 ᠣᠨ ᠤ ᠡᠴᠦᠰ ᠪᠣᠯᠲᠠᠯ᠎ᠠ ᠦᠷᠭᠦᠯᠵᠢᠯᠡᠨ | ᠬᠡᠷᠡᠭᠵᠢᠭᠦᠯᠬᠦ ᠪᠣᠯᠣᠭᠰᠠᠨ ᠨᠢ᠂ 2014 ᠣᠨ ᠳᠤ ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠠᠩᠬ᠎ᠠ ᠤᠳᠠᠭ᠎ᠠ | ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠤᠷᠪᠠᠳᠠᠬᠢ ᠤᠳᠠᠭ᠎ᠠ | ᠤᠷᠲᠤᠳᠬᠠᠨ ᠬᠡᠷᠡᠭᠵᠢᠭᠦᠯᠵᠦ ᠪᠤᠢ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ | ᠲᠥᠭᠦᠷᠢᠭ ᠬᠡᠯᠲᠦᠷᠢᠭᠦᠯᠬᠦ ᠪᠣᠯᠤᠨ᠎ᠠ᠃ |