ᠵᠢᠶᠠ ᠸᠧᠨ ᠽᠥᠩ
ᠨᠡᠶᠢᠲᠡᠯᠡᠭᠰᠡᠨ ᠴᠠᠭ᠄
2023/4/11
ᠲᠣᠪᠴᠢ ᠨᠠᠮᠲᠠᠷ      ᠵᠢᠶᠠ ᠸᠧᠨ ᠽᠥᠩ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 6 ᠳ᠋ᠣᠭᠠᠷ ᠰᠠᠷ᠎ᠠ ᠳᠤ ᠳᠦᠷᠦᠵᠡᠶ᠂ ᠠᠵᠤ ᠠᠬᠤᠢ ᠶᠢᠨ ᠤᠬᠠᠭᠠᠨ ᠤ ᠮᠠᠰᠲ᠋ᠧᠷ ᠴᠣᠯᠠ ᠬᠠᠮᠠᠭᠠᠯᠠᠵᠤ᠂ 1998 ᠣᠨ ᠤ 5 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 1999 ᠣᠨ ᠤ 7 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠪᠥᠭᠡᠳ ᠠᠶᠢᠮᠠᠭ ᠤᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠣᠢ᠃ ᠦᠩᠭᠡᠷᠡᠭᠰᠡᠨ ᠳᠤ ᠲᠢᠶᠠᠨᠵᠢᠨ ᠬᠤᠳᠠ ᠶᠢᠨ ᠨᠠᠨ ᠺᠠᠢ ᠲᠣᠭᠤᠷᠢᠭ ᠤᠨ ᠬᠤᠳᠠᠯᠳᠤᠭᠠᠴᠢᠨ ᠤᠷᠢᠬᠤ ᠪᠠ ᠬᠤᠷᠰᠢᠨ ᠰᠣᠯᠢᠯᠴᠠᠬᠤ ᠠᠯᠪᠠᠨ ᠭᠡᠷ ᠤᠨ ᠳᠡᠳ᠋ ᠡᠷᠬᠢᠯᠡᠭᠴᠢ᠂ ᠲᠢᠶᠠᠨᠵᠢᠨ ᠬᠤᠳᠠ ᠶᠢᠨ ᠨᠠᠨ ᠺᠠᠢ ᠲᠣᠭᠤᠷᠢᠭ ᠤᠨ ᠨᠠᠮ ᠤᠨ ᠬᠤᠷᠢᠶᠠᠨ ᠤ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠰᠢᠨᠵᠢᠯᠡᠭᠡ ᠮᠡᠷᠭᠡᠵᠢᠯ ᠤᠨ ᠬᠤᠷᠢᠶᠠᠨ ᠤ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠶᠠᠨᠵᠢᠨ ᠬᠤᠳᠠ ᠶᠢᠨ ᠨᠠᠨ ᠺᠠᠢ ᠲᠣᠭᠤᠷᠢᠭ ᠤᠨ ᠪᠡᠶ᠎ᠡ ᠲᠠᠮᠢᠷ ᠤᠨ ᠲᠥᠪ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠵᠥᠪᠯᠡᠯ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠲᠢᠶᠠᠨᠵᠢᠨ ᠬᠤᠳᠠ ᠶᠢᠨ ᠾᠧ ᠱᠢ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃     ᠠᠵᠢᠯ ᠤᠨ ᠬᠤᠪᠢᠶᠠᠷᠢᠯᠠᠯ      ᠠᠶᠢᠮᠠᠭ ᠤᠨ ᠳᠠᠷᠤᠭ᠎ᠠ ᠶᠢ ᠬᠠᠮᠵᠢᠨ ᠵᠠᠮ ᠬᠠᠷᠢᠯᠴᠠᠭ᠎ᠠ ᠲᠡᠭᠡᠭᠡᠪᠦᠷᠢ᠂ ᠨᠢᠰᠬᠡᠯ ᠤᠨ ᠪᠠᠭᠤᠳᠠᠯ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠶᠠᠪᠤᠳᠠᠯ᠂ ᠪᠣᠭᠤᠮᠲᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠳᠤ ᠲᠥᠯᠥᠪᠵᠢᠭᠦᠯᠦᠨ᠎ᠡ᠃ ᠠᠶᠢᠮᠠᠭ ᠤᠨ ᠦᠭᠡᠷᠡᠴᠢᠯᠡᠯᠳᠡ ᠬᠦᠭᠵᠢᠬᠦᠯᠦᠯᠳᠡ ᠶᠢᠨ ᠲᠣᠪᠴᠢᠶ᠎ᠠ᠂︵ᠨᠢᠰᠬᠡᠯ ᠤᠨ ᠪᠠᠭᠤᠳᠠᠯ᠂ ᠲᠡᠮᠦᠷ ᠵᠠᠮ ᠤᠨ  ᠬᠠᠮᠢᠶᠠᠲᠠᠢ ᠠᠵᠢᠯ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ ︵ᠪᠣᠭᠤᠮᠲᠠ ᠶᠢᠨ ᠠᠯᠪᠠᠨ ᠭᠡᠷ︶᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠠᠶᠢᠮᠠᠭ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠰᠢᠦᠳᠠᠨ ᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠺᠣᠮᠫᠠᠨᠢ᠂  ᠰᠢᠯᠢ ᠶᠢᠨ ᠬᠤᠳᠠ ᠨᠢᠰᠬᠡᠯ ᠤᠨ ᠪᠠᠭᠤᠳᠠᠯ᠂ ᠰᠢᠯᠢ ᠶᠢᠨ ᠬᠤᠳᠠ ᠭᠠᠯᠲᠤ ᠲᠡᠷᠭᠡᠨ ᠥᠷᠲᠡᠭᠡ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠵᠥᠪᠯᠡᠯ᠂ ᠡᠷᠢᠶᠡᠨ ᠪᠣᠭᠤᠮᠲᠠ᠂ ᠵᠡᠭᠦᠨ ᠦᠵᠦᠮᠦᠴᠢᠨ ᠪᠣᠭᠤᠮᠲᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠵᠡᠭᠦᠨ ᠬᠠᠲᠠᠪᠴᠢ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠠᠢ ᠬᠠᠷᠢᠯᠴᠠᠨ᠎ᠠ᠃ ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号