ᠠᠪᠤᠷᠭᠤ ᠪᠦᠬᠡᠴᠢᠨ ᠤ ᠠᠯᠳᠠᠷ ᠢᠶᠠᠷ ᠮᠢᠯᠢᠶᠠᠯᠭᠠᠵᠤ ᠶᠠᠪᠤᠭ᠎ᠠ ᠡᠭᠡᠴᠢ ᠲᠡᠭᠦᠦ ᠬᠤᠶᠠᠷ
ᠨᠡᠶᠢᠲᠡᠯᠡᠭᠰᠡᠨ ᠴᠠᠭ᠄
2023/4/3
     ᠴᠢᠨᠳᠠᠭᠠᠨᠴᠠᠭᠠᠨ᠂ ᠭᠠᠩᠰᠦᠬᠡ ᠡᠭᠡᠴᠢ ᠲᠡᠭᠦᠦ ᠬᠤᠶᠠᠭᠤᠯᠠ ᠪᠤᠯ ᠠᠪᠤᠷᠭᠤ ᠪᠦᠬᠡᠴᠢᠨ ᠤ ᠠᠯᠳᠠᠷ ᠢ ᠡᠷᠬᠦᠨ ᠪᠦᠬᠡ ᠶᠢᠨ ᠦᠢᠯᠡᠰ ᠲᠤ ᠦᠯᠠᠮᠵᠢ ᠶᠢᠨ ᠵᠢᠳᠬᠦᠯ ᠢᠶᠠᠨ ᠦᠵᠡᠬᠦᠯᠵᠦ ᠶᠠᠪᠤᠭ᠎ᠠ ᠵᠠᠯᠠᠭᠤ ᠰᠤᠲᠤᠨ ᠪᠦᠭᠡᠴᠢᠨ ᠪᠤᠯᠤᠨ᠎ᠠ ᠃ ᠡᠭᠡᠴᠢ ᠲᠡᠬᠦᠦ ᠬᠤᠶᠠᠭᠤᠯᠠ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠨᠢᠭᠡᠨ ᠪᠦᠭᠡᠴᠢᠨ ᠤ ᠭᠡᠷ ᠲᠤ ᠲᠥᠷᠥᠵᠡᠢ᠃ ᠠᠪᠤ ᠨᠢ ᠰᠡᠴᠡᠨᠪᠠᠶᠠᠷ ᠪᠤᠯ ᠲᠤᠬᠠᠶ ᠶᠢᠨ ᠭᠠᠵᠠᠷ ᠤᠨ ᠠᠯᠳᠠᠷᠲᠤ ᠪᠥᠬᠡᠴᠢᠨ᠂ ᠵᠡᠭᠦᠨ ᠦᠵᠦᠮᠦᠴᠢᠨ ᠬᠤᠰᠢᠭᠤᠨ ᠤ ᠮᠢᠩᠭᠠᠨ ᠪᠥᠬᠡ ᠶᠢᠨ ᠤᠷᠤᠯᠳᠤᠭᠠᠨ ᠤ ᠳᠡᠳ᠋᠂ ᠳᠤᠮᠳᠠᠳᠤ ᠤᠯᠤᠰ ᠤᠨ ᠮᠠᠶ᠋ᠢᠭ ᠤᠨ ᠪᠥᠬᠡ ᠶᠢᠨ ᠤᠯᠤᠰ ᠤᠨ ᠠᠪᠤᠷᠭᠤ ᠭᠡᠮᠡᠭᠳᠡᠭᠰᠡᠨ ᠪᠢᠯᠡ᠃ ᠠᠪᠤ ᠶᠢᠨ ᠢᠶᠠᠨ ᠨᠦᠯᠦᠭᠡ ᠪᠠᠷ ᠲᠡᠳᠡ ᠬᠠᠷᠠᠬᠠᠨ ᠪᠠᠭ᠎ᠠ ᠠᠴᠠ ᠪᠠᠨ ᠪᠦᠭᠡ ᠳᠤ ᠤᠨᠴᠠ ᠶᠢᠨ ᠪᠠᠭ᠋ᠠᠲᠠᠢ ᠪᠠᠶᠢᠵᠦ᠂ ᠨᠠᠷᠡᠳᠦ ᠪᠦᠭᠡᠴᠢᠨ ᠪᠤᠯᠬᠤ ᠬᠦᠰᠡᠯᠡᠩ ᠳᠡᠭᠡᠨ ᠬᠦᠲᠦᠯᠦᠭᠳᠡᠵᠦ᠂ ᠬᠤᠰᠢᠭᠤᠨ ᠤ ᠪᠠᠨ ᠡᠯ᠎ᠡ ᠶᠡᠭᠡ ᠨᠠᠭᠠᠳᠤᠮ ᠴᠤᠭᠯᠠᠭᠠᠨ ᠳᠤ ᠤᠯᠠᠨᠲᠠ ᠬᠤᠰᠢᠭᠤᠷᠠᠨ ᠮᠠᠩᠯᠠᠶᠢᠯᠠᠵᠦ ᠶᠠᠪᠤᠭᠰᠠᠨ ᠤᠳᠠᠭ᠎ᠠ ᠲᠠᠢ᠃ ᠴᠢᠨᠳᠠᠭᠠᠨᠴᠠᠭᠠᠨ 2009 ᠣᠨ ᠳᠤ ᠥᠪᠥᠷ ᠮᠣᠩᠭᠤᠯ ᠤᠨ ᠡᠮᠡᠭᠲᠡᠢ ᠶᠢᠨ ᠪᠥᠬᠡ ᠶᠢᠨ ᠠᠩᠭᠢ ᠳᠤ ᠰᠣᠩᠭᠤᠭᠳᠠᠨ ᠤᠷᠤᠵᠤ᠂ ᠠᠷᠪᠠᠨ ᠬᠡᠳᠦᠨ ᠵᠢᠯ ᠤᠨ ᠪᠥᠬᠡ ᠶᠢᠨ ᠠᠮᠢᠳᠤᠷᠠᠯ ᠳᠤ ᠲᠠᠪᠳᠠᠭᠳᠠᠨ ᠪᠤᠯᠪᠠᠰᠤᠷᠠᠵᠤ᠂ ᠤᠷᠢᠳ ᠬᠤᠵᠢᠳ ᠳᠡᠯᠡᠬᠡᠶ ᠶᠢᠨ ᠬᠤᠨᠳᠠᠭᠠᠲᠤ ᠡᠮᠡᠭᠲᠡᠶ ᠶᠢᠨ ᠴᠢᠯᠥᠭᠡᠲᠦ ᠪᠥᠬᠡ ᠶᠢᠨ ᠤᠷᠤᠯᠳᠤᠭᠠᠨ ᠤ ᠮᠥᠩᠭᠦᠨ ᠮᠧᠳᠠᠯ ᠢ ᠭᠠᠷᠳᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠮᠡᠭᠲᠡᠶ ᠶᠢᠨ ᠴᠢᠯᠥᠭᠡᠲᠦ ᠮᠠᠶ᠋ᠢᠭ ᠤᠨ 76 ᠺᠢᠯᠣᠭ᠍ᠷᠠᠮ ᠤᠨ ᠲᠡᠰ ᠤᠨ ᠮᠠᠩᠯᠠᠶ ᠳᠤ ᠰᠢᠯᠭᠠᠷᠠᠭᠰᠠᠨ ᠲᠡᠣᠭᠡ ᠲᠠᠢ᠃ 2014 ᠣᠨ ᠤ ᠪᠦᠬᠦ ᠤᠯᠤᠰ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠴᠢᠯᠥᠭᠡᠲᠦ ᠪᠥᠬᠡ ᠶᠢᠨ 75 ᠺᠢᠯᠣᠭ᠍ᠷᠠᠮ ᠤᠨ ᠤᠷᠤᠯᠳᠤᠭᠠᠨ ᠤ ᠵᠦᠢᠯ ᠳᠤ ᠬᠤᠶᠠᠳᠤᠭᠠᠷ ᠲᠤ ᠤᠷᠤᠭᠰᠠᠨ ᠰᠠᠶᠢᠨ ᠬᠢᠷᠢ ᠪᠦᠲᠦᠮᠵᠢ ᠶᠢ ᠤᠯᠵᠠᠢ᠃ ᠲᠤᠬᠠᠶ ᠶᠢᠨ ᠭᠠᠵᠠᠷ ᠤᠨ ᠴᠠᠭ ᠢᠶᠠᠷ 2022 ᠣᠨ ᠤ 7 ᠰᠠᠷ᠎ᠠ ᠶᠢᠨ 23᠎ ᠤ ᠡᠳᠦᠷ᠂ 2022 ᠣᠨ ᠤ ᠣᠯᠠᠨ ᠤᠯᠤᠰ ᠤᠨ ᠪᠥᠬᠡ ᠶᠢᠨ A ᠲᠡᠰ ᠤᠨ ᠰᠢᠷᠢᠰ ᠤᠷᠤᠯᠳᠤᠭᠠᠨ ᠤ ᠫᠤᠯᠠᠨᠳ᠋ ᠥᠷᠲᠡᠭᠡ ᠶᠢᠨ ᠤᠷᠤᠯᠳᠤᠭᠠᠨ ᠳᠤ ᠡᠮᠡᠭᠲᠡᠶ ᠶᠢᠨ ᠴᠢᠯᠥᠭᠡᠲᠦ ᠪᠥᠬᠡ ᠶᠢᠨ 76 ᠺᠢᠯᠣᠭ᠍ᠷᠠᠮ ᠤᠨ ᠲᠡᠰ ᠤᠨ ᠲᠥᠷᠥᠯ ᠵᠦᠢᠯ ᠳᠤ ᠬᠦᠷᠡᠯ ᠮᠧᠳᠠᠯ ᠭᠠᠷᠳᠠᠪᠠ᠃      ᠴᠢᠨᠳᠠᠭᠠᠨᠴᠠᠭᠠᠨ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠣᠯᠠᠩᠬᠢ ᠬᠦᠮᠦᠰ ᠥᠪᠥᠷ ᠮᠣᠩᠭᠤᠯᠴᠤᠳ ᠢ ᠪᠦ᠋ᠭᠡ ᠶᠢᠨ ᠲᠠᠯ᠎ᠠ ᠪᠠᠷ ᠠᠶᠠᠨᠳᠠᠭᠠᠨ ᠤ ᠳᠠᠪᠠᠭᠤᠯᠢᠭ ᠲᠠᠢ ᠭᠡᠵᠦ ᠦᠵᠡᠳᠡᠭ᠂ ᠦᠨᠡᠨ ᠳᠡᠭᠡᠨ ᠪᠢᠳᠡᠨ ᠤ ᠪᠡᠶ᠎ᠡ ᠮᠠᠬᠠᠪᠣᠳ ᠤᠨ ᠬᠡᠪ ᠴᠢᠨᠠᠷ ᠰᠠᠶᠢᠨ ᠪᠠᠶᠢᠬᠤ ᠠᠴᠠ ᠭᠠᠳᠠᠨ᠎ᠠ᠂ ᠴᠢᠷᠮᠠᠶᠢᠯᠭ᠎ᠠ ᠪᠠ ᠪᠠᠷᠢᠮᠲᠠᠯᠠᠯ ᠴᠢᠬᠤᠯᠠ ᠶᠤᠮ᠂ ᠢᠯᠠᠩᠭᠤᠶ᠎ᠠ ᠲᠤᠰᠬᠠᠶ ᠮᠡᠷᠭᠡᠵᠢᠯ ᠤᠨ ᠪᠥᠬᠡ ᠶᠢᠨ ᠬᠦᠷᠢᠶᠡᠨ ᠳᠤ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠣᠯᠪᠠᠰᠤᠷᠠᠯ ᠬᠢᠬᠦ ᠨᠢ ᠨᠠᠩ ᠴᠢᠬᠤᠯᠠ ᠶᠤᠮ︾ ᠭᠡᠵᠦ ᠶᠠᠷᠢᠵᠦ ᠪᠠᠶᠢᠯ᠎ᠠ᠃      ᠴᠢᠨᠳᠠᠭᠠᠨᠴᠠᠭᠠᠨ ᠤ ᠲᠡᠭᠦᠦ ᠭᠠᠩᠰᠦᠬᠡ 2017 ᠣᠨ ᠳᠤ ᠥᠪᠥᠷ ᠮᠣᠩᠭᠤᠯ ᠤᠨ ᠡᠷᠡᠭᠲᠡᠶ ᠶᠢᠨ ᠪᠥᠬᠡ ᠶᠢᠨ ᠠᠩᠭᠢ ᠳᠤ ᠰᠣᠩᠭᠤᠭᠳᠠᠵᠤ᠂ 2018 ᠣᠨ ᠤ ᠪᠥᠬᠦ ᠤᠯᠤᠰ ᠤᠨ ᠵᠠᠯᠠᠭᠤᠴᠤᠳ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠠᠯᠲᠠᠨ ᠮᠧᠳᠠᠯ ᠭᠠᠲᠠᠵᠦ᠂ 2019 ᠣᠨ ᠤ U23᠎ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠮᠥᠩᠭᠦᠨ ᠮᠧᠳᠠᠯ ᠲᠤᠰᠤᠭᠰᠠᠨ ᠪᠢᠯᠠ᠃ ︽ᠴᠢᠷᠮᠠᠶᠢᠯᠭ᠎ᠠ ᠬᠥᠮᠦᠨ ᠢ ᠭᠤᠮᠣᠳᠠᠭᠠᠬᠤ ᠦᠭᠡᠢ︾ ᠭᠡᠳᠡᠭ ᠢᠶᠠᠷ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ᠂ ᠡᠭᠡᠴᠢ ᠳᠡᠭᠦᠦ ᠬᠤᠶᠠᠭᠤᠯᠠ ᠲᠤᠰ ᠲᠤᠰ ᠪᠥᠬᠡ ᠶᠢᠨ ᠲᠥᠷᠥᠯ ᠤᠨ ᠡᠮᠡᠭᠲᠡᠶ ᠶᠢᠨ ᠴᠢᠯᠥᠭᠡᠲᠦ ᠮᠠᠶ᠋ᠢᠭ ᠤᠨ 76 ᠺᠢᠯᠣᠭ᠍ᠷᠠᠮ ᠤᠨ ᠲᠡᠰ ᠤᠨ ᠮᠠᠩᠯᠠᠶ᠂ ᠪᠥᠬᠡ ᠶᠢᠨ ᠲᠥᠷᠥᠯ ᠤᠨ ᠡᠷᠡᠭᠲᠡᠶ ᠶᠢᠨ ᠴᠢᠯᠥᠭᠡᠲᠦ ᠮᠠᠶ᠋ᠢᠭ ᠤᠨ 86 ᠺᠢᠯᠣᠭ᠍ᠷᠠᠮ ᠤᠨ ᠲᠡᠰ ᠤᠨ ᠮᠥᠩᠭᠦᠨ ᠮᠧᠳᠠᠯ ᠭᠠᠷᠳᠠᠵᠦ᠂ ᠨᠤᠲᠤᠭ ᠤᠰᠤᠨ ᠳᠤ ᠪᠠᠨ ᠭᠡᠷᠡᠯ ᠭᠢᠯᠪᠠᠭ᠎ᠠ ᠨᠡᠮᠡᠷᠢᠯᠡᠵᠡᠢ᠃      2022 ᠤᠨ ᠤ 12 ᠰᠠᠷ᠎ᠠ ᠶᠢᠨ 10᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠳᠡᠯᠡᠬᠡᠢ ᠶᠢᠨ ᠬᠤᠨᠳᠠᠭᠠᠲᠤ ᠣᠯᠠᠨ ᠤᠯᠤᠰ ᠤᠨ ᠮᠠᠶ᠋ᠢᠭ ᠤᠨ ᠪᠥᠬᠡ ᠶᠢᠨ ᠡᠮᠡᠭᠲᠡᠢ ᠶᠢᠨ ᠴᠢᠯᠦᠭᠡᠲᠦ ᠪᠥᠬᠡ ᠶᠢᠨ ᠤᠷᠤᠯᠳᠤᠭᠠᠨ ᠠᠮᠧᠷᠢᠺᠠ ᠳᠤ ᠶᠠᠪᠤᠭᠳᠠᠵᠤ᠂ ᠶᠠᠫᠤᠨ᠂ ᠮᠣᠩᠭᠤᠯ᠂ ᠦᠺᠷᠠᠶᠢᠨ᠂ ᠠᠮᠧᠷᠢᠺᠠ᠂ ᠳᠤᠮᠳᠠᠳᠤ ᠤᠯᠤᠰ ᠵᠡᠷᠭᠡ 5 ᠤᠯᠤᠰ ᠪᠠ ᠳᠡᠯᠡᠬᠡᠢ ᠶᠢᠨ ᠬᠤᠯᠪᠣᠭᠠᠲᠤ ᠠᠩᠭᠢ ᠤᠷᠤᠯᠳᠤᠭᠠᠨ ᠳᠤ ᠣᠷᠣᠯᠴᠠᠵᠦ᠂ ᠳᠤᠮᠳᠠᠳᠤ ᠤᠯᠤᠰ ᠤᠨ ᠲᠥᠯᠥᠭᠡᠯᠡᠭᠴᠢᠳ ᠤᠨ ᠠᠩᠭᠢ 13 ᠲᠠᠮᠢᠷᠴᠢᠨ ᠲᠣᠮᠢᠯᠠᠨ ᠡᠮᠡᠭᠲᠡᠢ ᠶᠢᠨ ᠴᠢᠯᠦᠭᠡᠲᠦ ᠪᠦᠬᠡ ᠶᠢᠨ 10 ᠲᠡᠰ ᠤᠨ ᠤᠷᠤᠯᠳᠤᠭᠠᠨ ᠳᠤ ᠤᠷᠤᠯᠴᠠᠭᠤᠯᠪᠠ᠃ ᠡᠭᠦᠨ ᠳᠤ ᠴᠢᠨᠳᠠᠭᠠᠨᠴᠠᠭᠠᠨ ᠳᠤᠮᠳᠠᠳᠤ ᠤᠯᠤᠰ ᠤᠨ ᠠᠩᠭᠢ ᠶᠢ ᠲᠥ᠋ᠯᠥᠭᠡᠯᠡᠨ 72 ᠺᠢᠯᠣᠭ᠍ᠷᠠᠮ ᠤᠨ ᠲᠡᠰ ᠤᠨ ᠪᠦᠯᠬᠦᠮ ᠤᠨ ᠤᠷᠤᠯᠳᠤᠭᠠᠨ ᠳᠤ ᠤᠷᠤᠯᠴᠠᠨ᠂ ᠰᠢᠢᠳᠪᠦᠷᠢᠲᠦ ᠤᠷᠤᠯᠳᠤᠭᠠᠨ ᠳᠤ ᠪᠦᠯᠬᠦᠮ ᠤᠨ ᠮᠥᠩᠭᠦᠨ ᠮᠧᠳᠠᠯ ᠬᠦᠷᠳᠡᠭᠰᠡᠨ ᠪᠢᠯᠡ᠃︽ᠵᠤᠷᠢᠭ ᠪᠠᠶᠢᠪᠠᠯ ᠵᠤᠷᠢᠭᠰᠠᠨ ᠳᠠᠭᠠᠨ︾᠃ ᠡᠭᠡᠴᠢ ᠲᠡᠭᠦᠦ ᠬᠤᠶᠠᠭᠤᠯᠠ ᠡᠯ᠎ᠡ ᠶᠡᠭᠡ ᠪᠦᠭᠡ ᠶᠢᠨ ᠤᠷᠤᠯᠲᠤᠭᠠᠨ ᠢᠶᠠᠷ ᠦᠨᠲᠦᠷ ᠠᠮᠵᠢᠯᠳᠠ ᠤᠯᠵᠦ᠂ ᠲᠤᠷ᠎ᠠ ᠲᠠᠢ ᠪᠠᠬ᠎ᠠ ᠲᠠᠢ ᠪᠦᠬᠡ ᠶᠢᠨ ᠦᠢᠯᠡᠰ ᠲᠡᠭᠡᠨ ᠦᠪᠡᠷ ᠤᠨ ᠤᠶᠤᠨ ᠤᠬᠠᠭᠠᠨ ᠬᠦᠴᠦᠨ ᠴᠢᠳᠠᠯ ᠢᠶᠠᠨ ᠭᠤᠶᠠᠴᠢ ᠦᠬᠡᠢ ᠵᠤᠷᠢᠭᠤᠯᠵᠤ ᠶᠠᠪᠤᠨ᠎ᠠ᠃ ᠲᠡᠳᠡᠨ ᠤ ᠵᠤᠷᠢᠭᠰᠠᠨ ᠦᠢᠯᠡᠰ ᠪᠦᠲᠦᠮᠵᠢ ᠪᠠᠷ ᠲᠦᠬᠦᠷᠡᠩ ᠪᠠᠶᠢᠵᠤ ᠨᠡᠩ ᠦᠨᠲᠦᠷ ᠠᠮᠵᠢᠯᠳᠠ ᠤᠯᠬᠤ ᠶᠢ ᠬᠦᠰᠡᠨ ᠵᠦᠡᠭᠨᠡᠶ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号