ᠪᠦᠬᠡ ᠶᠢᠨ ᠦᠯᠦᠭᠡᠢ
ᠨᠡᠶᠢᠲᠡᠯᠡᠭᠰᠡᠨ ᠴᠠᠭ᠄
2023/4/3
     ᠦᠵᠦᠮᠦᠴᠢᠨ ᠳᠤ ᠪᠦᠬᠡ ᠪᠠᠷᠢᠯᠳᠤᠬᠤ ᠨᠢ ᠳᠡᠲᠡᠨ ᠤ ᠠᠯᠳᠠᠷᠳᠤ ᠲᠠᠮᠢᠷ ᠤᠨ ᠬᠦᠳᠡᠯᠭᠡᠭᠡᠨ᠂ ᠨᠡᠷᠡᠳᠤ ᠰᠤᠶᠤᠯ ᠤᠨ ᠠᠵᠢᠯᠯᠠᠭ᠎ᠠ ᠪᠠᠶᠢᠳᠠᠭ᠃ ᠡᠶᠢᠮᠦ ᠠᠴᠠ ︽ᠦᠵᠦᠮᠦᠴᠢᠨ ᠪᠦᠬᠡ ᠶᠢᠨ ᠦᠯᠦᠭᠡᠢ︾ ᠭᠡᠳᠡᠭ ᠨᠡᠷ᠎ᠡ ᠲᠠᠢ ᠪᠤᠯᠵᠠᠢ᠃ ᠦᠵᠦᠮᠦᠴᠢᠨ ᠳᠤ ᠪᠦᠬᠡ ᠪᠠᠷᠢᠯᠳᠤᠬᠤ ᠨᠢ ᠭᠤᠣᠯᠳᠠᠭᠤ ᠲᠡᠳᠡᠨ ᠤ ᠪᠠᠶᠠᠷ ᠳᠤᠷᠠᠰᠬᠠᠯ ᠤᠨ ᠪᠡᠯᠭᠡᠯᠡᠬᠦ ᠠᠵᠢᠯᠯᠠᠭ᠎ᠠ ᠶᠢᠨ ᠨᠠᠶᠢᠷ ᠨᠠᠭᠠᠳᠤᠮ ᠤᠨ ᠭᠤᠣᠯ ᠨᠢᠭᠡ ᠠᠭᠤᠯᠭ᠎ᠠ ᠪᠠᠷ ᠶᠠᠪᠤᠭᠳᠠᠳᠠᠭ᠃ ᠤᠯᠤᠰ ᠳᠦᠷᠦ ᠶᠢᠨ ᠪᠡᠯᠭᠡᠯᠡᠨ ᠳᠤᠷᠠᠰᠬᠠᠬᠤ ᠠᠵᠢᠯᠯᠠᠭ᠎ᠠ ᠪᠤᠯᠤᠨ ᠡᠯ᠎ᠡ ᠵᠦᠢᠯ ᠤᠨ ᠤᠯᠠᠨ ᠳᠦᠮᠡᠨ ᠤ ᠴᠢᠭᠤᠯᠭᠠᠨ ᠨᠠᠶᠢᠷ ᠲᠤ ᠪᠦᠷ ᠪᠦᠬᠡ ᠪᠠᠷᠢᠯᠳᠤᠭᠤᠯᠤᠨ᠎ᠠ᠃ ᠦᠵᠦᠮᠦᠴᠢᠨ ᠤ ᠪᠦᠬᠡ ᠪᠠᠷᠢᠯᠳᠤᠬᠤ ᠪᠣᠯ ᠨᠢᠭᠡᠨ ᠪᠦᠷᠢᠨ ᠳᠦᠷᠢᠮᠵᠢᠭᠰᠡᠨ ᠰᠢᠰᠲ᠋ᠧᠮᠵᠢᠭᠰᠡᠨ ᠰᠤᠶᠤᠯ ᠤᠨ ᠠᠵᠢᠯᠯᠠᠭ᠎ᠠ ᠪᠤᠯᠤᠨ᠎ᠠ᠃ ᠴᠠᠭ ᠤᠯᠠᠷᠢᠯ ᠤᠨ ᠲᠠᠯ᠎ᠠ ᠪᠠᠷ ᠵᠣᠨ ᠤ ᠤᠷᠢᠬᠠᠨ ᠰᠠᠶᠢᠬᠠᠨ ᠡᠯᠪᠡᠭ ᠳᠡᠯᠪᠡᠭ ᠴᠠᠭ ᠲᠤᠷ ᠲᠤᠩ ᠤᠯᠠᠨ ᠨᠠᠭᠠᠳᠤᠮ ᠬᠢᠵᠦ ᠪᠦᠬᠡ ᠪᠠᠷᠢᠯᠳᠤᠨ᠎ᠠ᠃ ᠭᠡᠪᠡᠴᠦ ᠤᠨᠴᠠᠭᠠᠢ ᠪᠠᠶᠢᠳᠠᠯ ᠤᠨ ᠳᠤᠤᠷ᠎ᠠ ᠡᠪᠦᠯ ᠤᠨ ᠤᠯᠠᠷᠢᠯ ᠪᠠ ᠬᠠᠪᠤᠷ ᠤᠨ ᠴᠠᠭᠠᠨ ᠰᠠᠷ᠎ᠠ ᠶᠢᠨ 15᠎ ᠤ ᠢᠷᠦᠭᠡᠯ ᠳᠤ ᠪᠠᠰᠠ ᠪᠦᠷ ᠪᠦᠬᠡ ᠪᠠᠷᠢᠯᠳᠤᠭᠤᠯᠳᠠᠭ ᠪᠠᠶᠢᠭᠰᠠᠨ᠃ ᠪᠦᠬᠡ ᠪᠠᠷᠢᠯᠳᠤᠬᠤ ᠶᠢ ᠨᠠᠶᠢᠷ ᠨᠠᠭᠠᠳᠤᠮ ᠡᠷᠬᠢᠯᠡᠬᠦ ᠨᠢᠭᠡᠴᠡ ᠪᠤᠶᠤ ᠡᠳᠡᠭᠡᠳ ᠤᠳᠤᠷᠢᠳᠴᠦ ᠶᠠᠪᠤᠭᠤᠯᠤᠨ᠎ᠠ᠃ ᠪᠦᠬᠡ ᠶᠢᠨ ᠳᠠᠭᠠᠭᠠᠮᠠᠯ᠂ ᠳᠤᠯᠭᠠᠭᠴᠢ᠂ ᠬᠢᠨᠠᠭᠴᠢ᠂ ᠪᠦᠬᠡ ᠳᠠᠷᠤᠭᠴᠢ ᠲᠤᠰ ᠲᠤᠰ ᠲᠠᠭᠠᠨ ᠭᠠᠷᠳᠠᠭ᠃ ᠨᠤᠭᠤᠯᠤᠭ᠎ᠠ ᠪᠠᠷᠢᠯᠳᠤᠯᠭ᠎ᠠ ᠶᠢᠨ ᠠᠷᠭ᠎ᠠ ᠪᠠᠷ ᠪᠠᠷᠢᠯᠳᠤᠵᠦ᠂ ᠬᠠᠶᠠᠭᠰᠠᠨ ᠨᠢ ᠦᠯᠡᠳᠡᠵᠦ ᠬᠠᠶᠠᠭᠳᠠᠭᠰᠠᠨ ᠨᠢ ᠬᠠᠰᠤᠭᠳᠠᠵᠤ᠂ ᠳᠡᠭᠡᠭᠰᠢ ᠪᠠᠨ ᠴᠦᠬᠡᠷᠡᠵᠦ ᠳᠡᠰ ᠳᠡᠰ ᠢᠶᠠᠷ ᠬᠤᠴᠦᠷᠴᠦ ᠪᠠᠷᠢᠯᠳᠤᠨ᠂ ᠬᠠᠮᠤᠭ ᠰᠡᠬᠦᠯ ᠳᠤᠨᠢ ︽ᠳᠡᠷᠢᠬᠦᠨ ᠪᠦᠬᠡ︾ ᠭᠠᠭᠴᠠᠭᠠᠷ ᠪᠤᠰᠤᠭ᠎ᠠ ᠦᠯᠡᠳᠡᠬᠦ ᠠᠷᠭ᠎ᠠ ᠪᠠᠷ ᠪᠠᠷᠢᠯᠳᠤᠨ᠎ᠠ᠃ ᠪᠦᠬᠡ ᠶᠢᠨ ᠲᠤᠭ᠎ᠠ ᠶᠢ ᠨᠣᠭᠤᠯᠵᠦ ᠪᠠᠷᠢᠯᠳᠤᠵᠦ᠂ ᠨᠢᠭᠡᠯᠡ ᠳᠡᠷᠢᠬᠦᠨ ᠪᠦᠬᠡ ᠦᠯᠡᠳᠡᠬᠦ ᠳᠤ ᠵᠤᠬᠢᠴᠠᠭᠰᠠᠨ ᠲᠤᠭ᠎ᠠ ᠪᠠᠷ ᠲᠤᠬᠢᠷᠠᠭᠤᠯᠳᠠᠭ᠃ 8᠂ 16᠂ 32᠂ 64᠂ 128᠂ 256᠂ 512 ᠨᠡᠷ᠎ᠡ ᠪᠦᠬᠡ ᠭᠡᠵᠦ ᠳᠠᠭᠠᠷᠠᠨ᠎ᠠ᠃ ᠪᠦᠬᠡ ᠶᠢᠨ ᠲᠤᠭ᠎ᠠ ᠶᠢᠨ ᠤᠯᠠᠨ ᠴᠦᠬᠡᠨ ᠨᠢ ᠨᠠᠶᠢᠷ ᠤᠨ ᠶᠡᠭᠡ ᠪᠠᠭ᠎ᠠ ᠪᠠᠷ ᠲᠤᠭᠲᠠᠭᠠᠭᠳᠠᠵᠣ᠂ ᠶᠡᠭᠡ ᠨᠠᠶᠢᠷ ᠲᠤ ᠤᠯᠠᠨ ᠪᠦᠬᠡ ᠪᠠᠷᠢᠯᠳᠤᠭᠤᠯᠤᠨ᠎ᠠ᠃ ᠭᠡᠬᠦ ᠳᠤ 1024 ᠨᠡᠷ᠎ᠡ ᠪᠦᠬᠡ ᠪᠠᠷᠢᠯᠳᠤᠭᠰᠠᠨ ᠨᠠᠶᠢᠷ ᠬᠠᠮᠤᠭ ᠤᠨ ᠶᠡᠭᠡ ᠨᠠᠶᠢᠷ ᠪᠠᠶᠢᠵᠠᠢ᠃ ᠭᠡᠪᠡᠴᠦ ᠤᠨᠴᠠᠭᠠᠢ ᠳᠡᠭᠡᠳᠤ ᠳᠡᠰ ᠤᠨ ᠨᠠᠶᠢᠷ ᠲᠤ ᠪᠠᠰᠠ ᠰᠢᠯᠢᠳᠡᠭ ᠴᠦᠬᠡᠨ ᠪᠦᠬᠡ ᠪᠠᠷᠢᠯᠳᠤᠭᠤᠯᠬᠤ ᠳᠦᠷᠢᠮ ᠪᠠᠶᠢᠳᠠᠭ᠃ ᠲᠤᠬᠠᠶᠢᠯᠠᠪᠠᠯ ︽ᠰᠢᠯᠢᠳᠡᠭ 16 ᠨᠡᠷ᠎ᠡ ᠪᠦᠬᠡ︾᠂ ︽ᠰᠢᠯᠢᠳᠡᠭ 32 ᠨᠡᠷ᠎ᠡ ᠪᠦᠬᠡ︾ ᠪᠠᠷᠢᠯᠳᠤᠭᠤᠯᠵᠦ ᠦᠵᠡᠭᠦᠯᠦᠯᠭᠡ ᠭᠠᠷᠭᠠᠳᠠᠭ᠃      ᠦᠵᠦᠮᠦᠴᠢᠨ ᠳᠤ ᠪᠦᠬᠡ ᠪᠠᠷᠢᠯᠳᠤᠬᠤ ᠨᠢ ᠪᠡᠶ᠎ᠡ ᠪᠠᠨ ᠳᠠᠭᠠᠭᠠᠭᠰᠠᠨ ᠪᠡᠶ᠎ᠡ ᠲᠠᠮᠢᠷ ᠤᠨ ᠰᠢᠰᠲ᠋ᠧᠮᠳᠤ ᠠᠵᠢᠯᠯᠠᠭ᠎ᠠ ᠪᠤᠯᠬᠤᠷ ᠲᠤᠭᠳᠠᠭᠰᠠᠨ ᠲᠤᠭ᠎ᠠ ᠲᠠᠢ᠂ ᠠᠷᠭ᠎ᠠ ᠬᠡᠮᠵᠢᠶ᠎ᠡ ᠲᠠᠢ ᠪᠠᠷ ᠪᠠᠷᠠᠬᠤ ᠦᠭᠡᠢ ᠪᠠᠰᠠ ᠲᠤᠭᠲᠠᠭᠰᠠᠨ ᠬᠤᠶᠠᠭᠯᠠᠯ᠂ ᠲᠤᠭᠲᠠᠭᠰᠠᠨ ᠮᠡᠷᠭᠡᠵᠢᠯ᠂ ᠲᠤᠭᠲᠠᠭᠰᠠᠨ ᠶᠤᠰᠤ᠂ ᠲᠤᠭᠲᠠᠭᠰᠠᠨ ᠱᠠᠩᠨᠠᠯ ᠵᠡᠷᠭᠡ ᠪᠠᠷᠢᠮᠵᠢᠶᠠᠳᠤ ᠳᠦᠷᠢᠮ ᠲᠠᠢ᠂ ᠤᠷᠠᠯᠢᠭ ᠤᠨ ᠮᠡᠷᠭᠡᠵᠢᠯ ᠤᠨ ᠰᠤᠶᠤᠯ ᠤᠨ ᠤᠯᠠᠨ ᠳᠦᠮᠡᠨᠴᠢ ᠠᠵᠢᠯᠯᠠᠭ᠎ᠠ ᠪᠤᠯᠤᠨ᠎ᠠ᠃ ᠦᠵᠦᠮᠦᠴᠢᠨ ᠭᠡᠤᠭᠡᠳ 6 ~ 7 ᠨᠠᠰᠤᠳᠠᠢ ᠠᠴᠠ ᠪᠠᠨ ᠮᠣᠷᠢ ᠤᠨᠤᠬᠤ ᠲᠠᠢ ᠵᠡᠷᠭᠡ ᠪᠠᠷᠢᠯᠳᠤᠵᠦ ᠪᠤᠯᠪᠠᠰᠤᠷᠠᠵᠦ ᠡᠬᠢᠯᠡᠳᠡᠭ᠃ ᠭᠡᠤᠭᠡᠳ ᠤᠨ ᠪᠦᠬᠡ ᠪᠠᠷᠢᠯᠳᠤᠬᠤ ᠪᠣᠯ ᠦᠵᠦᠮᠦᠴᠢᠨ ᠪᠦᠬᠡ ᠪᠠᠷᠢᠯᠳᠤᠬᠤ ᠶᠢᠨ ᠴᠢᠬᠤᠯᠠ ᠠᠭᠤᠯᠭ᠎ᠠ ᠪᠦᠭᠡᠳ ᠮᠡᠷᠭᠡᠵᠢᠯ ᠤᠨ ᠰᠤᠷᠭᠠᠭᠤᠯᠢᠯᠠᠯ ᠮᠦᠨ᠃ ᠵᠠᠩᠭᠢᠶ᠎ᠡ᠂ ᠠᠯᠲᠠ ᠮᠦᠩᠭᠦᠨ ᠪᠤᠯᠢᠭᠠᠷᠢ ᠰᠢᠷᠢ ᠶᠢᠨ ᠵᠤᠳᠤᠭ᠂ ᠴᠠᠭᠠᠨ ᠠᠭᠤᠳᠠᠮ ᠦᠮᠦᠳᠤ ᠲᠤᠤᠰᠢᠭᠤ᠂ ᠮᠣᠩᠭᠤᠯ ᠭᠤᠲᠤᠯ᠂ ᠰᠠᠪᠰᠠᠯᠭ᠎ᠠ ᠵᠡᠷᠭᠡ ᠬᠤᠶᠠᠭᠯᠠᠯ ᠴᠢᠮᠡᠭᠯᠡᠯ ᠤᠨ ᠲᠤᠰᠬᠠᠢ ᠡᠳ᠋ᠯᠡᠯ ᠬᠢᠭᠡᠳ ᠲᠤᠯᠭᠠᠬᠤ᠂ ᠲᠠᠯᠪᠢᠬᠤ᠂ ᠲᠠᠭᠠᠷᠠᠭᠤᠯᠬᠤ ︵ᠲᠠᠯᠠᠪᠠᠢ ᠳᠤᠳᠤᠷ᠎ᠠ︶ ᠬᠠᠶᠠᠵᠦ᠂ ᠬᠠᠶᠢᠨᠴᠢᠵᠦ᠂ ᠬᠠᠶᠠᠭᠳᠠᠭᠰᠠᠨ ᠢ ᠲᠤᠭᠲᠠᠭᠠᠬᠤ ᠬᠢᠨᠠᠭᠴᠢ ᠶᠢᠨ ᠪᠠᠷᠢᠮᠵᠢᠶᠠᠳᠤ ᠳᠦᠷᠢᠮ᠂ ᠮᠦᠩᠭᠦᠨ ᠪᠤᠶᠢᠯᠠ ᠲᠠᠢ ᠴᠠᠭᠠᠨ ᠳᠡᠮᠡᠭᠡ ᠳᠦᠷᠦᠭᠦᠦ ᠲᠠᠢ ︽ᠶᠢᠰᠦ ᠶᠢᠰᠦ ᠶᠢᠨ ᠨᠠᠶᠠᠨ ᠨᠢᠭᠡᠨ ᠪᠡᠯᠡᠭ︾᠎ ᠤᠨ ᠱᠠᠩ ᠣᠯᠭᠤᠬᠤ ᠶᠤᠰᠤ ᠵᠡᠷᠭᠡ ᠨᠢ ᠪᠦᠷ ᠦᠵᠦᠮᠦᠴᠢᠨ ᠪᠦᠬᠡ ᠶᠢᠨ ᠦᠪᠡᠷᠮᠢᠴᠡ ᠤᠨᠴᠠᠯᠢᠭ ᠪᠦᠬᠦᠢ ᠰᠤᠶᠤᠯ ᠤᠨ ᠬᠡᠪᠰᠢᠯ ᠪᠠᠶᠢᠳᠠᠭ᠃ ᠦᠵᠦᠮᠦᠴᠢᠨ ᠬᠤᠷᠸ᠎ᠠ ᠶᠢᠨ ᠳᠡᠤᠬᠡᠨ ᠳᠡᠭᠡᠷ᠎ᠡ ︽ᠪᠦᠬᠡ ᠶᠢᠨ ᠦᠯᠦᠭᠡᠢ︾ ᠭᠡᠵᠦ ᠠᠯᠳᠠᠷᠰᠢᠭᠰᠠᠨ ᠤ ᠬᠤᠪᠢ ᠳᠤ ᠬᠦᠭᠵᠢᠯ ᠤᠨ ᠴᠠᠭ ᠦᠶ᠎ᠡ ᠪᠦᠬᠦᠨ ᠳᠡᠭᠡᠨ ᠤᠯᠤᠰ ᠦᠨᠳᠦᠰᠦᠳᠡᠨ ᠪᠠ ᠳᠤᠳᠤᠭᠠᠳᠤ ᠭᠠᠳᠠᠭᠠᠳᠤ ᠳᠤ ᠠᠯᠳᠠᠷ ᠲᠠᠢ ︽ᠠᠪᠤᠷᠭᠤ ᠪᠦᠬᠡ︾ ᠳᠠᠰᠤᠷᠠᠭ᠎ᠠ ᠦᠭᠡᠢ ᠮᠡᠨᠳᠦᠯᠡᠵᠦ ᠢᠷᠡᠵᠡᠢ᠃ ᠳᠦᠬᠦᠷᠡᠩᠵᠠᠭᠠᠨ᠎ᠠ ᠪᠣᠯ ᠳᠡᠲᠡᠨ ᠤ ᠳᠤᠳᠤᠷᠠᠬᠢ ᠶᠢᠷᠳᠢᠨᠴᠦ ᠳᠤ ᠮᠦᠩᠬᠡᠷᠡᠭᠰᠡᠨ ᠳᠦᠯᠦᠭᠡᠯᠡᠭᠴᠢ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号