ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠨᠣᠮ ᠤᠩᠰᠢᠬᠤ ᠲᠠᠪᠴᠠᠩ ᠵᠢᠩᠬᠢᠨᠢ ᠪᠠᠷ ᠠᠰᠢᠭᠯᠠᠯᠳᠠ ᠳᠤ ᠤᠷᠤᠵᠠᠢ
ᠨᠡᠶᠢᠲᠡᠯᠡᠭᠰᠡᠨ ᠴᠠᠭ᠄
2023/4/3
     28᠎ ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠨᠣᠮ ᠤᠩᠰᠢᠬᠤ ᠲᠠᠪᠴᠠᠩ ᠲᠣᠰ ᠡᠳᠦᠷ ᠵᠢᠩᠬᠢᠨᠢ ᠪᠠᠷ ᠠᠰᠢᠭᠯᠠᠯᠳᠠ ᠳᠤ ᠤᠷᠤᠵᠠᠢ᠃ ᠲᠣᠰ ᠲᠠᠪᠴᠠᠩ ᠨᠢ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ᠂ ᠴᠢᠨᠠᠷ ᠰᠠᠶᠢᠲᠠᠶ ᠡᠬᠢ ᠪᠠᠶᠠᠯᠢᠭ ᠢ ᠬᠤᠷᠠᠮᠳᠤᠭᠤᠯᠬᠤ᠂ ᠤᠩᠰᠢᠯᠭ᠎ᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠠᠷ ᠳᠠᠮᠵᠢᠨ ᠠᠳᠠᠯᠢ ᠪᠤᠰᠤ ᠰᠤᠷᠤᠯᠭ᠎ᠠ ᠶᠢᠨ ᠱᠠᠲᠤᠨ ᠤ ᠰᠣᠷᠣᠭᠴᠢ᠂ ᠨᠡᠶᠢᠭᠡᠮ ᠨᠡᠶᠢᠲᠡ ᠳᠤ ᠪᠠᠶᠠᠯᠢᠭ ᠰᠠᠶᠢᠬᠠᠨ ᠨᠣᠮ ᠤᠩᠰᠢᠬᠤ ᠣᠷᠣᠨ ᠵᠠᠶ ᠬᠠᠩᠭᠠᠭᠰᠠᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠲᠠᠪᠴᠠᠩ ᠤᠨ ᠨᠢᠭᠡᠳᠦᠭᠡᠷ ᠬᠤᠭᠤᠴᠠᠭᠠᠨ ᠳᠤ ᠵᠠᠯᠠᠭᠤᠴᠤᠳ ᠪᠠᠭᠠᠴᠤᠳ ᠤᠨ ᠨᠣᠮ ᠤᠩᠰᠢᠬᠤ ᠣᠷᠣᠨ ᠵᠠᠢ᠂ ᠨᠠᠰᠤᠲᠠᠶᠢᠴᠤᠳ ᠤᠨ ᠨᠣᠮ ᠤᠩᠰᠢᠬᠤ ᠨᠡᠶᠢᠭᠡᠮ ᠲᠣᠭᠤᠷᠢᠭ ᠤᠨ ᠪᠠᠶᠢᠭᠤᠯᠤᠯᠳᠠ ᠪᠠᠷ ᠭᠤᠤᠯ ᠪᠤᠯᠭᠠᠨ᠂ ᠡᠭᠦᠨ ᠤ ᠬᠠᠮᠲᠤ ᠬᠡᠷᠡᠭᠯᠡᠭᠴᠢᠳ ᠲᠤ ᠳᠤᠮᠳᠠᠳᠤ ᠤᠯᠤᠰ ᠤᠨ ᠦᠭᠡ ᠬᠡᠯᠡ ᠦᠰᠦᠭ ᠪᠢᠴᠢᠭ ᠤᠨ ᠮᠦᠽᠧᠢ᠂ ᠳᠤᠮᠳᠠᠳᠤ ᠤᠯᠤᠰ ᠤᠨ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠵᠡᠷᠭᠡ ᠰᠢᠯᠢᠳᠡᠭ ᠡᠬᠢ ᠪᠠᠶᠠᠯᠢᠭ ᠤᠨ ᠲᠠᠪᠴᠠᠩ ᠢ ᠲᠠᠨᠢᠯᠴᠠᠭᠤᠯᠤᠨ᠎ᠠ᠃ ᠡᠭᠦᠨ ᠳᠤ᠂ ᠵᠠᠯᠠᠭᠤᠴᠤᠳ ᠪᠠᠭᠠᠴᠤᠳ ᠤᠨ ᠨᠣᠮ ᠤᠩᠰᠢᠬᠤ ᠣᠷᠣᠨ ᠵᠠᠢ ᠳᠤ ︽ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ︾᠂ ︽ᠪᠠᠶᠢᠭᠠᠯᠢ ᠶᠢᠨ ᠰᠢᠨᠵᠢᠯᠡᠬᠦ ᠤᠬᠠᠭᠠᠨ︾᠂ ︽ ᠣᠳᠬ᠎ᠠ ᠵᠣᠬᠢᠶᠠᠯ︾᠂ ︽ᠤᠷᠠᠯᠢᠭ︾ ᠵᠡᠷᠭᠡ ᠳᠦᠷᠪᠡᠨ ᠪᠤᠯᠤᠩ ᠭᠠᠷᠭᠠᠵᠤ᠂ ᠡᠯᠧᠺᠲᠷᠣᠨ ᠨᠣᠮ᠂ ᠤᠩᠰᠢᠯᠭ᠎ᠠ ᠶᠢᠨ ᠤᠳᠤᠷᠢᠳᠤᠮᠵᠢ᠂ ᠨᠣᠮ ᠤᠨ ᠦᠨᠡᠯᠡᠯᠲᠡ᠂ ᠨᠣᠮ ᠤᠩᠰᠢᠭᠰᠠᠨ ᠣᠯᠤᠯᠲᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠬᠠᠩᠭᠠᠵᠤ᠂ ᠵᠠᠯᠠᠭᠤᠴᠤᠳ ᠪᠠᠭᠠᠴᠤᠳ ᠤᠨ ᠰᠣᠩᠭᠤᠳᠠᠭ ᠨᠣᠮ ᠤᠩᠰᠢᠬᠤ ᠶᠢ ᠬᠦᠳᠦᠯᠦᠨ ᠵᠢᠯᠣᠭᠤᠳᠬᠤ ᠪᠠᠷ ᠪᠠᠷᠠᠬᠤ ᠦᠬᠡᠢ᠂ ᠪᠠᠰᠠ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠤᠪᠢᠶᠠᠯᠴᠠᠨ ᠡᠳ᠋ᠯᠡᠬᠦ ᠶᠢ ᠴᠢᠬᠤᠯᠠᠴᠢᠯᠠᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠡᠳᠭᠢᠬᠦ ᠪᠠ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠬᠦ ᠪᠤᠯᠤᠨ᠎ᠠ᠃ ᠨᠠᠰᠤᠲᠠᠶᠢᠴᠤᠳ ᠤᠨ ᠨᠣᠮ ᠤᠩᠰᠢᠬᠤ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠣᠶᠤᠨ ᠤ ᠰᠣᠶᠣᠯ ᠤᠨ ᠬᠡᠷᠡᠭᠴᠡᠭᠡ ᠳᠤ ᠣᠶᠢᠷᠠᠲᠤᠭᠰᠠᠨ ᠰᠢᠯᠢᠳᠡᠭ ᠨᠣᠮ ᠤᠨ ᠡᠬᠢ ᠪᠠᠶᠠᠯᠢᠭ ᠢ ᠬᠠᠩᠭᠠᠵᠤ᠂ ᠨᠠᠰᠤᠲᠠᠶᠢᠴᠤᠳ ᠤᠨ ᠰᠤᠷᠤᠯᠴᠠᠬᠤ ᠠᠴᠠ ᠰᠤᠷᠭᠠᠭᠤᠯᠢ ᠲᠠᠢ᠂ ᠦᠳᠡᠯᠦᠭᠡ ᠨᠠᠰᠤᠨ ᠳᠠᠭᠠᠨ ᠪᠠᠶᠠᠷ ᠪᠠᠶᠠᠰᠤᠯ ᠲᠠᠢ᠂ ᠥᠲᠡᠯᠦᠭᠰᠡᠨ ᠴᠤ ᠬᠢᠬᠦ ᠶᠠᠪᠤᠳᠠᠯ ᠲᠠᠢ ᠪᠠᠶᠢᠬᠤ ᠳᠤ ᠨᠠᠩ ᠰᠠᠶᠢᠨ ᠨᠥᠬᠦᠴᠡᠯ ᠡᠭᠦᠳᠴᠦ ᠥᠭᠬᠦ ᠪᠤᠯᠤᠨ᠎ᠠ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠲᠠᠪᠴᠠᠩ ᠨᠢ ᠲᠣᠬᠢᠷᠠᠮᠵᠢᠲᠠᠶ᠂ ᠴᠢᠨᠠᠷ ᠰᠠᠶᠢᠲᠠᠶ᠂ ᠣᠯᠠᠨ ᠶᠠᠩᠵᠤ ᠶᠢᠨ᠂ ᠡᠷᠡᠭᠦᠯ ᠰᠠᠶᠢᠬᠠᠨ ᠤᠩᠰᠢᠯᠭ᠎ᠠ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠦᠨ᠂ ᠨᠣᠮ ᠢ ᠬᠠᠮᠳᠦ ᠪᠠᠷ ᠡᠳ᠋ᠯᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ︽ᠨᠤᠮ ᠪᠢᠴᠢᠭᠳᠦ ᠰᠤᠷᠭᠠᠭᠤᠯᠢ ᠶᠢᠨ ᠬᠦᠷᠢᠶ᠎ᠡ︾᠂ ︽ᠨᠤᠮ ᠪᠢᠴᠢᠭᠳᠦ ᠠᠩᠭᠢ︾᠂ ︽ᠨᠣᠮ ᠤᠩᠰᠢᠭᠰᠠᠨ ᠵᠢᠱᠢᠶᠡᠴᠢ︾ ᠪᠠ ᠰᠢᠯᠢᠳᠡᠭ ᠨᠣᠮ ᠤᠩᠰᠢᠭᠰᠠᠨ ᠮᠡᠳᠡᠭᠦᠯᠦᠯᠲᠡ ᠵᠡᠷᠭᠡ ᠶᠢ ᠳᠡᠯᠭᠡᠨ ᠦᠵᠡᠭᠦᠯᠵᠦ ᠂ ᠪᠥᠬᠦ ᠠᠷᠠᠳ ᠢᠶᠠᠷ ᠢᠶᠠᠨ ᠠᠩᠬᠠᠷᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠠᠷᠠᠳ ᠢᠶᠠᠷ ᠢᠶᠠᠨ ᠦᠰᠦᠨ ᠪᠤᠶᠢᠵᠢᠬᠤ ᠦᠢᠯᠡᠳᠦᠯᠭᠡ ᠶᠢᠨ ᠬᠡᠯᠪᠡᠷᠢ ᠶᠢᠨ᠂ ᠣᠶᠤᠨᠴᠢ ᠬᠡᠯᠪᠡᠷᠢ ᠶᠢᠨ ᠨᠣᠮ ᠤᠩᠰᠢᠬᠤ ᠲᠠᠪᠴᠠᠩ ᠢ ᠬᠦᠴᠦᠯᠡᠨ ᠪᠠᠶᠢᠭᠤᠯᠵᠤ᠂ ᠪᠥᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠬᠡᠯᠪᠡᠷᠢ ᠶᠢᠨ ᠨᠡᠶᠢᠭᠡᠮ᠂ ᠰᠤᠷᠤᠯᠴᠠᠬᠤ ᠬᠡᠯᠪᠡᠷᠢ ᠶᠢᠨ ᠲᠣᠮᠣ ᠤᠯᠤᠰ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号