ᠥᠪᠡᠷᠲᠡᠭᠡᠨ ᠵᠠᠰᠠᠬᠤ ᠣᠷᠣᠨ ᠤ ᠭᠡᠷ ᠤᠨ ᠬᠦᠮᠦᠵᠢᠯ ᠭᠡᠷ ᠤᠨ ᠰᠤᠷᠲᠠᠯ ᠤᠨ ᠤᠬᠠᠭᠤᠯᠭ᠎ᠠ ᠬᠥᠮᠦᠵᠢᠯ ᠤᠨ ᠠᠵᠢᠯᠲᠠᠨ ᠤ ᠪᠣᠯᠪᠠᠰᠤᠷᠠᠯ ᠤᠯᠠᠭᠠᠨᠴᠠᠪ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/4/3
     ᠤᠶᠢᠷ᠎ᠠ ᠳᠤ ︽ᠭᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ︾ ᠭᠡᠷ ᠤᠨ ᠬᠦᠮᠦᠵᠢᠯ ᠭᠡᠷ ᠤᠨ ᠰᠤᠷᠲᠠᠯ ᠤᠨ ᠤᠬᠠᠭᠤᠯᠭ᠎ᠠ ᠬᠥᠮᠦᠵᠢᠯ ᠤᠨ ᠠᠵᠢᠯᠳᠡᠳ ᠤᠨ ᠭᠤᠤᠯᠯᠠᠬᠴᠢ ᠬᠦᠴᠦᠨ ᠤ ᠪᠣᠯᠪᠠᠰᠤᠷᠠᠯ ᠵᠢᠴᠢ ᠤᠯᠠᠭᠠᠨᠴᠠᠪ ᠬᠤᠳᠠ ᠶᠢᠨ ᠭᠡᠷ ᠪᠦᠯᠢ ᠶᠢᠨ ᠬᠦᠮᠦᠵᠢᠯ ᠤᠨ ᠯᠧᠺᠲ᠋ᠣᠷ ᠤᠨ ᠪᠦᠯᠬᠦᠮ ᠪᠠᠶᠢᠭᠤᠯᠤᠭᠳᠠᠬᠤ ᠶᠡᠭᠡ ᠬᠤᠷᠠᠯ ᠤᠯᠠᠭᠠᠨᠴᠠᠪ ᠬᠤᠳᠠ ᠳᠤ ᠶᠠᠪᠤᠭᠳᠠᠪᠠ᠃ ᠡᠨᠡ ᠨᠢ ᠥᠪᠡᠷᠲᠡᠭᠡᠨ ᠵᠠᠰᠠᠬᠤ ᠣᠷᠣᠨ ᠤ ︽ᠬᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ᠂ ᠬᠡᠷ ᠤᠨ ᠰᠤᠷᠲᠠᠯ ᠢ ᠰᠠᠶᠢᠲᠤᠷ ᠤᠯᠠᠮᠵᠢᠯᠠᠬᠤ︾ ᠬᠡᠷ ᠤᠨ ᠬᠦᠮᠦᠵᠢᠯ ᠬᠡᠷ ᠤᠨ ᠰᠤᠷᠲᠠᠯ ᠤᠨ ᠤᠬᠠᠭᠤᠯᠭ᠎ᠠ ᠬᠥᠮᠦᠵᠢᠯ ᠤᠨ ᠠᠵᠢᠯᠲᠠᠳ ᠤᠨ ᠭᠤᠤᠯᠯᠠᠬᠴᠢ ᠬᠦᠴᠦᠨ ᠤ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠬᠤ ᠪᠥᠭᠡᠳ ᠪᠠᠰᠠ ᠤᠯᠠᠭᠠᠨᠴᠠᠪ ᠬᠤᠲᠠ ᠶᠢᠨ ᠬᠡᠷ ᠪᠦᠯᠢ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠳᠠ ᠶᠢ ᠵᠢᠯᠤᠭᠤᠳᠬᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠠᠵᠢᠯ ᠤᠨ ᠦᠢᠯᠡᠴᠢᠯᠡᠭᠡᠨ ᠤ ᠲᠥᠪ᠂ ᠤᠯᠠᠭᠠᠨᠴᠠᠪ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠤᠯᠠᠭᠠᠨᠴᠠᠪ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠳᠠ ᠶᠢ ᠵᠢᠯᠤᠭᠤᠳᠬᠤ ᠠᠯᠪᠠᠨ ᠬᠡᠷ ᠬᠠᠮᠲᠤ ᠪᠠᠷ ᠳᠠᠭᠠᠭᠠᠴᠢᠯᠠᠨ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠥᠮᠦᠵᠢᠯ ᠢ ᠠᠬᠢᠭᠤᠯᠬᠤ ᠲᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠠᠯᠳᠠ ᠶᠢ ᠵᠤᠷᠢᠬᠰᠠᠨ ᠪᠠᠶᠢᠨ᠎ᠠ᠃ ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠳᠠ ᠶᠢ ᠵᠢᠯᠤᠭᠤᠳᠬᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠲᠠᠰ ᠤᠨ ᠬᠡᠷ ᠪᠦᠯᠢ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠭᠡᠰᠢᠬᠦᠨ ᠵᠡᠷᠭᠡ 100 ᠭᠠᠷᠤᠶ ᠬᠥᠮᠦᠨ ᠪᠤᠯᠪᠠᠰᠤᠷᠠᠯ ᠡᠬᠢᠯᠡᠬᠦ ᠶᠣᠰᠣᠯᠠᠯ ᠵᠢᠴᠢ ᠯᠧᠺᠲ᠋ᠣᠷ ᠤᠨ ᠪᠦᠯᠬᠦᠮ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠪᠠ᠃      ᠲᠤᠰ ᠪᠤᠯᠪᠠᠰᠤᠷᠠᠯ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠠᠴᠠ ᠪᠤᠯᠪᠠᠰᠤᠷᠠᠯ ᠳᠤ ᠤᠷᠤᠯᠴᠠᠭᠰᠡᠳ ᠲᠤ ︽ᠨᠢᠭᠡ ᠬᠠᠤᠯᠢ ᠨᠢᠭᠡ ᠲᠦᠷᠢᠮ ᠢ ᠲᠤᠭᠤᠰᠢᠯᠠᠭᠤᠯᠵᠤ᠂ ᠭᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠲᠦᠷᠢᠮ︾᠂ ︽ᠦᠨᠳᠦᠰᠦᠨ ᠱᠠᠲᠤᠨ ᠤ ᠭᠡᠷ ᠪᠦᠯᠢ ᠶᠢᠨ ᠬᠥᠮᠦᠵᠢᠯ ᠤᠨ ᠠᠵᠢᠯ ᠢ ᠬᠡᠷᠬᠢᠨ ᠰᠠᠶᠢᠲᠤᠷ ᠬᠢᠬᠦ ᠪᠤᠢ︾᠂ ︽ᠪᠠᠭᠠᠴᠤᠳ ᠬᠡᠦᠬᠡᠳ ᠤᠨ ᠰᠡᠳᠭᠢᠴᠡ ᠶᠢᠨ ᠬᠠᠪᠰᠤᠷᠤᠨ ᠵᠢᠯᠤᠭᠤᠳᠤᠯᠭ᠎ᠠ ᠶᠢᠨ ᠭᠤᠣᠯᠯᠠᠬᠤ ᠠᠷᠭ᠎ᠠ ᠪᠣᠯᠤᠨ ᠨᠠᠷᠢᠨ ᠵᠦᠢᠯᠡᠰ ᠤᠨ ᠲᠤᠳᠤᠷᠬᠠᠶᠢᠯᠠᠯ︾ ᠵᠡᠷᠭᠡ ᠠᠭᠤᠯᠭ᠎ᠠ ᠶᠢᠨ ᠲᠤᠭᠤᠷᠢᠨ ᠳᠤ ᠲᠠᠶᠢᠯᠤᠮᠵᠢ ᠬᠢᠭᠰᠡᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠣᠯ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠳᠠ ᠶᠢ ᠵᠢᠯᠤᠭᠤᠳᠬᠤ ᠠᠯᠪᠠᠨ ᠬᠡᠷ ᠪᠣᠯᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠬᠠᠮᠲᠤᠷᠠᠨ ᠡᠷᠭᠢᠯᠡᠭᠰᠡᠨ ︽ᠬᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ᠂ ᠬᠡᠷ ᠤᠨ ᠰᠤᠷᠲᠠᠯ ᠢ ᠰᠠᠶᠢᠲᠤᠷ ᠤᠯᠠᠮᠵᠢᠯᠠᠬᠤ︾ ᠬᠡᠷ ᠤᠨ ᠬᠥᠮᠦᠵᠢᠯ ᠬᠡᠷ ᠤᠨ ᠰᠤᠷᠲᠠᠯ ᠤᠨ ᠤᠬᠠᠭᠤᠯᠭ᠎ᠠ ᠬᠥᠮᠦᠵᠢᠯ ᠤᠨ ᠠᠵᠢᠯᠲᠠᠳ ᠤᠨ ᠭᠤᠤᠯᠯᠠᠬᠴᠢ ᠬᠦᠴᠦᠨ ᠤ ᠰᠢᠷᠢᠰ ᠪᠣᠯᠪᠠᠰᠤᠷᠠᠯ ᠤᠨ ᠠᠩᠭᠢ ᠶᠢᠨ 2023 ᠣᠨ ᠤ ᠠᠩᠬᠠᠨ ᠤ ᠪᠣᠯᠪᠠᠰᠤᠷᠠᠯ ᠪᠣᠯᠤᠨ᠎ᠠ᠃ ᠲᠠᠷᠠᠭᠠᠴᠢ ᠪᠠᠷ ᠪᠠᠰᠠ ᠤᠯᠠᠭᠠᠨᠬᠠᠳᠠ᠂ ᠪᠠᠶᠠᠨᠨᠠᠭᠤᠷ᠂ ᠬᠥᠬᠡᠬᠤᠲᠠ ᠵᠡᠷᠭᠡ ᠭᠠᠵᠠᠷ ᠲᠤ ᠬᠦᠷᠴᠦ ᠪᠣᠯᠪᠠᠰᠤᠷᠠᠯ ᠤᠨ ᠠᠵᠢᠯᠯᠠᠭ᠎ᠠ ᠦᠷᠨᠢᠭᠦᠯᠬᠦ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号