ᠮᠠᠨ ᠤ ᠤᠷᠤᠨ 10 ᠵᠦᠢᠯ ᠤᠨ ᠠᠷᠭ᠎ᠠ ᠬᠡᠮᠵᠢᠶ᠎ᠡ ᠠᠪᠴᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠢ ᠴᠢᠩᠭᠠᠳᠬᠠᠬᠤ ᠪᠠᠷ ᠪᠤᠢ
ᠨᠡᠶᠢᠲᠡᠯᠡᠭᠰᠡᠨ ᠴᠠᠭ᠄
2023/4/3
     ᠣᠳᠣᠬᠠᠨ ᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠤᠯᠠᠮ ᠴᠢᠨᠠᠭᠰᠢᠳᠠ ᠲᠡᠬᠡᠭᠰᠢᠯᠡᠬᠦᠯᠬᠦ ᠶᠢᠨ ᠲᠦᠯᠦᠬᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 10 ᠪᠤᠳᠠᠳᠠᠢ ᠠᠷᠭ᠎ᠠ ᠬᠡᠮᠵᠢᠶ᠎ᠡ ᠨᠡᠶᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠪᠠ᠃      ᠨᠢᠭᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠠᠰ ᠬᠤᠪᠢᠶᠠᠬᠤ ᠠᠵᠢᠯ ᠤᠨ ᠳᠤᠭᠳᠠᠴᠠ ᠶᠢ ᠪᠠᠶᠢᠭᠤᠯᠤᠨ᠎ᠠ᠃ ᠡᠯ᠎ᠡ ᠠᠶᠢᠮᠠᠭ ᠬᠤᠲᠠ ᠳᠤ ᠰᠡᠳᠬᠢᠴᠡ ᠶᠢᠨ ᠬᠠᠪᠰᠤᠷᠤᠨ ᠵᠢᠯᠤᠭᠤᠳᠬᠤ ᠥᠷᠲᠡᠭᠡ ᠶᠢ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠰᠡᠳᠬᠢᠴᠡ ᠶᠢᠨ ᠬᠠᠪᠰᠤᠷᠤᠨ ᠵᠢᠯᠤᠭᠤᠳᠬᠤ ᠲᠥᠪ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠬᠥᠮᠦᠵᠢᠯ ᠬᠢᠭᠡᠳ ᠯᠠᠪᠯᠠᠭ᠎ᠠ ᠶᠢᠨ ᠪᠠᠶᠢᠭᠤᠯᠤᠮᠵᠢ ᠪᠠᠶᠢᠭᠤᠯᠵᠤ᠂ ᠲᠠᠰ ᠬᠤᠪᠢᠶᠠᠭᠰᠠᠨ ᠠᠵᠢᠯ ᠤᠨ ᠲᠣᠭᠲᠠᠴᠠ ᠶᠢ ᠪᠦᠷᠢᠯᠳᠦᠬᠦᠯᠦᠨ᠎ᠡ᠃ ᠬᠤᠶᠠᠷ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠭᠵᠢᠯᠲᠡ ᠶᠢᠨ ᠵᠢᠯᠤᠭᠤᠳᠬᠤ ᠲᠥᠪ ᠢ ᠵᠢᠷᠤᠮᠵᠢᠭᠤᠯᠤᠨ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠡᠰ ᠤᠨ ᠰᠡᠳᠬᠢᠴᠡ ᠶᠢᠨ ᠬᠥᠮᠦᠵᠢᠯ ᠬᠢᠭᠡᠳ ᠵᠥᠪᠯᠡᠯᠭᠡ ᠥᠭᠬᠦ ᠪᠠᠶᠢᠭᠤᠯᠤᠮᠵᠢ ᠶᠢ ︽ᠰᠤᠷᠤᠭᠴᠢᠳ ᠤᠨ ᠬᠥᠭᠵᠢᠯᠲᠡ ᠶᠢ ᠵᠢᠯᠤᠭᠤᠳᠬᠤ ᠲᠥᠪ︾ ᠭᠡᠵᠦ ᠲᠣᠳᠣᠷᠬᠠᠶᠢᠯᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠰᠡᠳᠬᠢᠴᠡ ᠶᠢᠨ ᠬᠥᠮᠦᠵᠢᠯ ᠬᠢᠭᠡᠳ ᠵᠥᠪᠯᠡᠯᠭᠡ ᠥᠭᠬᠦ ᠵᠡᠷᠭᠡ ᠠᠵᠢᠯ ᠢ ᠥᠷᠨᠢᠭᠦᠯᠦᠨ᠎ᠡ᠃ ᠭᠤᠷᠪᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠴᠠᠭ ᠢ ᠲᠣᠳᠣᠷᠬᠠᠶᠢᠯᠠᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ︽ᠬᠤᠣᠰ ᠭᠠᠷᠠᠭ ᠲᠤ 1 ᠬᠢᠴᠢᠶᠡᠯ ᠤᠨ ᠴᠠᠭ︾᠎ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ᠂ ᠠᠩᠭᠢ ᠪᠦᠯᠬᠦᠮ ᠤᠨ ᠠᠵᠢᠯᠯᠠᠭ᠎ᠠ᠂ ᠣᠷᠣᠨ ᠨᠤᠲᠤᠭ ᠪᠠ ᠰᠤᠷᠭᠠᠭᠤᠯᠢ ᠶᠢᠨ ᠥᠪᠡᠷ ᠤᠨ ᠬᠢᠴᠢᠶᠡᠯ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠬᠢᠴᠢᠶᠡᠯ ᠤᠨ ᠴᠠᠭ ᠢ ᠨᠠᠶᠢᠳᠠᠪᠤᠷᠢᠵᠢᠭᠤᠯᠤᠨ᠎ᠠ᠃ ᠲᠦᠷᠪᠡ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢ ᠪᠦᠷᠢᠨ ᠭᠦᠢᠴᠡᠳ ᠴᠢᠩᠭ᠎ᠠ ᠲᠣᠬᠢᠷᠠᠭᠤᠯᠤᠨ᠎ᠠ᠃ ᠲᠠᠪᠤ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠪᠣᠯᠪᠠᠰᠤᠷᠠᠯ ᠢ ᠦᠷᠭᠦᠯᠵᠢᠯᠡᠨ ᠰᠠᠶᠢᠲᠤᠷ ᠬᠢᠨ᠎ᠡ᠃ ᠵᠢᠷᠭᠤᠭ᠎ᠠ ᠳᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠬᠢᠮᠤᠷᠠᠯ ᠢ ᠤᠷᠢᠳᠴᠢᠯᠠᠨ ᠰᠡᠷᠭᠡᠶᠢᠯᠡᠬᠦ ᠪᠠ ᠭᠠᠷ ᠲᠦᠷᠦᠭᠦ ᠰᠢᠯᠵᠢᠭᠦᠯᠦᠨ ᠲᠠᠨᠢᠯᠴᠠᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠢᠯ ᠪᠦᠷᠢ ᠨᠢᠭᠡ ᠤᠳᠠᠭ᠎ᠠ ᠪᠦᠬᠦᠨ ᠢ ᠬᠠᠮᠤᠷᠤᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠰᠢᠯᠭᠠᠨ ᠦᠨᠡᠯᠡᠯᠲᠡ ᠶᠢ ᠵᠣᠬᠢᠶᠠᠨ ᠪᠠᠶᠢᠭᠤᠯᠤᠨ᠎ᠠ᠃ ᠲᠤᠯᠤᠭ᠎ᠠ ᠳᠤ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠤᠮᠳᠠᠳᠤ ᠪᠠᠭ᠎ᠠ ᠰᠤᠷᠭᠠᠭᠤᠯᠢ ᠶᠢ ᠳᠡᠮᠵᠢᠬᠦ ᠳᠤᠭᠳᠠᠴᠠ ᠶᠢ ᠪᠠᠶᠢᠭᠤᠯᠤᠨ᠎ᠠ᠃ 15 ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠲᠤ ᠲᠦᠰᠢᠭᠯᠡᠨ 12 ᠠᠶᠢᠮᠠᠭ ᠬᠤᠲᠠ ᠪᠠ 2 ᠲᠥᠯᠥᠪᠯᠡᠭᠡᠲᠦ ᠳᠤᠰᠠᠭᠠᠷ ᠵᠢᠭᠰᠠᠭᠠᠭᠰᠠᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ ᠠᠵᠢᠯ ᠲᠥᠷᠥᠯ ᠤᠨ ᠰᠢᠰᠲ᠋ᠧᠮ ᠢᠶᠠᠷ ᠳ᠋ᠡᠮᠵᠢᠵᠦ᠂ ᠪᠠᠭᠰᠢ ᠶᠢᠨ ᠡᠩᠨᠡᠭᠡ ᠶᠢᠨ ᠪᠣᠯᠪᠠᠰᠤᠷᠠᠯ᠂ ᠲᠣᠨᠤᠭ ᠲᠥᠬᠦᠭᠡᠷᠦᠮᠵᠢ ᠶᠢᠨ ᠡᠬᠢ ᠪᠠᠶᠠᠯᠢᠭ ᠤᠨ ᠪᠠᠶᠢᠭᠤᠯᠤᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠵᠡᠷᠭᠡ ᠲᠠᠯ᠎ᠠ ᠪᠠᠷ ᠡᠬᠢ ᠪᠠᠶᠠᠯᠢᠭ ᠤᠨ ᠬᠠᠷᠢᠯᠴᠠᠨ ᠨᠡᠪᠲᠡᠷᠡᠯᠴᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠨᠠᠢᠮᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠣᠨᠴᠠᠯᠢᠭᠲᠤ ᠰᠤᠷᠭᠠᠭᠤᠯᠢ ᠪᠠ ᠨᠡᠷᠡᠳᠦ ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠠᠵᠢᠯ ᠢ ᠦᠷᠨᠢᠬᠦᠯᠦᠨ᠎ᠡ᠃ ᠵᠢᠰᠦ ᠳᠤ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠯᠴᠠᠭᠠᠨ ᠤ ᠠᠵᠢᠯ ᠤᠨ ᠲᠣᠭᠲᠠᠴᠠ ᠶᠢ ᠢᠳᠡᠪᠬᠢᠲᠡᠢ ᠪᠠᠶᠢᠭᠤᠯᠤᠨ᠎ᠠ᠃ ᠰᠤᠷᠭᠠᠭᠤᠯᠢ ᠶᠢᠨ ᠬᠢᠨ ᠭᠡᠷ ᠤᠨ ᠰᠣᠷᠪᠤᠯᠵᠢᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠷ ᠤᠨ ᠠᠬᠠᠮᠠᠳ ᠤᠨ ᠰᠤᠷᠭᠠᠭᠤᠯᠢ ᠡᠷᠭᠢᠯᠡᠵᠦ᠂ ᠭᠡᠷ ᠤᠨ ᠠᠬᠠᠮᠠᠳ ᠲᠤ ᠴᠢᠭᠯᠡᠭᠦᠯᠦᠭᠰᠡᠨ ᠲᠤᠰᠬᠠᠢ ᠰᠡᠳᠦᠪᠲᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠢ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠦᠷᠨᠢᠬᠦᠯᠦᠨ᠎ᠡ᠃ ᠠᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠳᠡᠮᠵᠢᠯᠭᠡ ᠶᠢ ᠦᠷᠭᠦᠯᠵᠢᠯᠡᠨ ᠴᠢᠩᠭᠠᠳᠬᠠᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠰᠢᠰᠲ᠋ᠧᠮ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠤ ᠬᠢᠨᠠᠨ ᠰᠢᠯᠭᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号