ᠯᠢᠶᠤᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2023/4/3
  2022 ᠤᠨ ᠤ 12 ᠰᠠᠷ᠎ᠠ ᠶᠢᠨ 29᠎ ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶ᠎ᠠ ᠳᠦᠷᠪᠡᠳᠦᠭᠡᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠨᠡᠷᠡᠰ ᠢ ᠨᠡᠶᠢᠲᠡᠯᠡᠵᠡᠢ᠂ ᠡᠭᠦᠨ ᠳᠤ ᠮᠠᠨ ᠤ ᠤᠷᠤᠨ ᠤ ᠯᠢᠶᠤᠤ ᠶᠢᠨ ᠳᠡᠭᠡᠳᠦ ᠨᠡᠶᠢᠰᠯᠡᠯ ᠤᠨ ᠪᠠᠭᠤᠷᠢ ᠰᠤᠩᠭᠤᠭᠳᠠᠬᠰᠠᠨ ᠨᠢ ᠮᠠᠨ ᠤ ᠤᠷᠤᠨ ᠤ ᠠᠩᠬᠠᠳᠠᠭᠴᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠳᠤ ᠨᠡᠷᠡᠶᠢᠳᠦᠭᠳᠡᠭᠰᠡᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠤᠯᠪᠠ᠃    ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ ᠡᠮᠦᠨ᠎ᠡ ᠲᠡᠭᠦᠷᠭᠡ ᠳᠤ ᠪᠠᠶᠢᠵᠤ᠂ ᠨᠡᠶᠢᠲᠡ ᠶᠢᠨ ᠣᠨ ᠲᠣᠭᠠᠯᠠᠯ ᠤᠨ 918 ᠣᠨ ᠳᠤ ᠪᠠᠶᠢᠭᠤᠯᠵᠤ᠂ ᠨᠡᠶᠢᠲᠡ ᠶᠢᠨ ᠤᠨ ᠲᠤᠭᠠᠯᠠᠯ ᠤᠨ 926 ᠤᠨ ᠳᠤ ᠦᠷᠭᠡᠳᠭᠡᠨ ᠪᠠᠶᠢᠭᠤᠯᠵᠤ᠂ ᠨᠡᠶᠢᠲᠡ ᠶᠢᠨ ᠣᠨ ᠲᠣᠭᠠᠯᠠᠯ ᠤᠨ 938 ᠣᠨ ᠳᠤ ᠳᠡᠭᠡᠳᠦ ᠨᠡᠶᠢᠰᠯᠡᠯ ᠬᠡᠮᠡᠨ ᠨᠡᠷᠡᠶᠢᠳᠦᠭᠳᠡᠭᠰᠡᠨ ᠯᠢᠶᠣᠤ ᠤᠯᠤᠰ ᠤᠨ ᠲᠠᠪᠤᠨ ᠨᠡᠶᠢᠰᠯᠡᠯ ᠤᠨ ᠲᠡᠷᠢᠭᠦᠨ ᠪᠣᠯᠵᠤ᠂ 5 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠨ᠂ 1961 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠩᠬᠠᠳᠠᠭᠴᠢ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠵᠠᠶ᠃ 2012 ᠣᠨ ᠳᠤ ᠳᠤᠮᠳᠠᠳᠤ ᠤᠯᠤᠰ ᠤᠨ ᠳᠡᠯᠡᠬᠡᠢ ᠶᠢᠨ ᠰᠣᠶᠣᠯ ᠤᠨ ᠥᠪ ᠢᠶᠠᠷ ᠭᠤᠶᠤᠴᠢᠯᠠᠬᠤ ᠪᠡᠯᠡᠳᠭᠡᠯ ᠨᠡᠷᠡᠰ ᠲᠤ ᠣᠷᠣᠵᠤ᠂ 2013 ᠣᠨ ᠳᠤ ᠬᠤᠶᠠᠳᠤᠭᠠᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠦᠷᠦᠯ ᠵᠦᠢᠯ ᠤᠨ ᠨᠡᠷᠡᠰ ᠲᠤ ᠣᠷᠣᠵᠤ᠂ 2021 ᠣᠨ ᠳᠤ ᠪᠦᠬᠦ ᠤᠯᠤᠰ ᠤᠨ ︽ᠵᠠᠭᠤᠨ ᠵᠢᠯ ᠤᠨ ᠵᠠᠭᠤᠨ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ︾᠎ ᠳᠤ ᠰᠣᠩᠭᠤᠭᠳᠠᠵᠤ᠂ 2022 ᠣᠨ ᠳᠤ ︽ᠰᠢᠨ᠎ᠡ ᠴᠠᠭ ᠦᠶ᠎ᠡ ᠶᠢᠨ ᠵᠠᠭᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾᠎ ᠶᠢᠨ ᠨᠡᠷᠡᠰ ᠲᠤ ᠰᠣᠩᠭᠤᠭᠳᠠᠵᠤ᠂ ᠮᠠᠨ ᠤ ᠤᠯᠤᠰ ᠤᠨ ᠣᠳᠣᠬᠠᠨ ᠳᠤ ᠬᠠᠳᠠᠭᠠᠯᠠᠭᠳᠠᠵᠤ ᠪᠠᠶᠢᠭ᠎ᠠ ᠬᠠᠮᠤᠭ ᠤᠨ ᠪᠦᠷᠢᠨ ᠪᠦᠲᠦᠨ ᠡᠷᠲᠡᠨ ᠤ ᠨᠡᠶᠢᠰᠯᠡᠯ ᠬᠤᠳᠠ ᠶᠢᠨ ᠪᠠᠭᠤᠷᠢ ᠶᠢᠨ ᠨᠢᠭᠡ ᠪᠤᠯᠤᠭᠰᠠᠨ ᠪᠠᠶᠢᠨ᠎ᠠ᠃    2010 ᠣᠨ ᠠᠴᠠ ᠨᠠᠭᠠᠰᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠪᠣᠯᠤᠨ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠭᠠᠵᠠᠷ ᠢᠶᠠᠷ ᠪᠦᠷᠢᠯᠳᠦᠭᠰᠡᠨ ᠯᠢᠶᠣᠤ ᠶᠢᠨ ᠳᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠠᠩᠭᠢ ᠤᠷᠢᠳ ᠬᠤᠵᠢᠳ 15 ᠪᠠᠭᠤᠷᠢ ᠳᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠡᠳ᠂ ᠯᠢᠶᠣᠤ ᠶᠢᠨ ᠳᠡᠭᠡᠳᠦ ᠨᠡᠶᠢᠰᠯᠡᠯ ᠤᠨ ᠣᠷᠳᠣᠨ ᠤ ᠣᠨᠣᠪᠴᠢᠲᠠᠢ ᠣᠷᠣᠨ ᠪᠠᠶᠢᠷᠢ ᠪᠣᠯᠤᠨ ᠬᠡᠪᠴᠢᠶ᠎ᠡ ᠶᠢ ᠨᠤᠲᠠᠯᠠᠵᠤ᠂ ᠪᠤᠷᠬᠠᠨ ᠤ ᠱᠠᠰᠢᠨ ᠤ ᠱᠤᠭᠤᠮᠠᠯ ᠬᠦᠷᠦᠭ᠂ ᠬᠢᠳᠠᠨ ᠦᠰᠦᠭ ᠤᠨ ᠬᠥᠰᠢᠶᠡᠨ ᠪᠢᠴᠢᠭ ᠤᠨ ᠦᠯᠡᠳᠡᠭᠳᠡᠯ ᠵᠡᠷᠭᠡ 2 ᠲᠦᠮᠡ ᠭᠠᠷᠤᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠢ ᠢᠯᠡᠷᠡᠭᠦᠯᠵᠦ᠂ ᠨᠡᠶᠢᠳᠡ 2500 ᠭᠠᠷᠤᠢ ᠪᠦᠯᠦᠭ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠨ᠂ 20 ᠭᠠᠷᠤᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠵᠡᠢ᠃ 2013 ᠣᠨ ᠳᠤ ᠯᠢᠶᠣᠤ ᠶᠢᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠷᠠᠭᠤᠨ ᠬᠦᠲᠦᠯ ᠤᠨ ᠰᠦᠮ᠎ᠡ ᠶᠢᠨ ᠪᠠᠭᠤᠷᠢ ᠶᠢᠨ ᠬᠠᠭᠤᠴᠢ ᠰᠤᠳᠤᠯᠤᠯ ᠨᠢ ︽2012 ᠣᠨ ᠤ ᠪᠦᠬᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠰᠢᠨ᠎ᠡ ᠢᠯᠡᠷᠡᠭᠦᠯᠦᠯᠲᠡ︾᠎ ᠳᠤ ᠰᠤᠩᠭᠤᠭᠳᠠᠵᠠᠢ᠃    2017 ᠤᠨ ᠳᠤ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠪᠠᠭᠠᠷᠢᠨ ᠵᠡᠭᠦᠨ ᠬᠤᠰᠢᠭᠤᠨ ᠳᠤ ︽ᠭᠢᠳᠠᠨ ᠯᠢᠶᠤᠤ ᠶᠢᠨ ᠰᠤᠶᠤᠯ ᠤᠨ ᠬᠠᠭᠤᠴᠢ ᠰᠤᠳᠤᠯᠤᠯ ᠤᠨ ᠰᠠᠭᠤᠷᠢᠨ︾᠎ ᠢ ᠪᠠᠶᠢᠭᠤᠯᠵᠠᠢ᠃ ᠣᠶᠢᠯᠠᠭᠠᠭᠰᠠᠨ ᠢᠶᠠᠷ᠂ ᠪᠠᠭᠤᠷᠢ ᠶᠢᠨ ᠴᠡᠴᠡᠷᠯᠢᠭ ᠤᠨ ᠲᠦᠷᠦᠯ ᠵᠦᠢᠯ ᠢ 2013 ᠣᠨ ᠤ 12 ᠰᠠᠷ᠎ᠠ ᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠠᠴᠠ ᠵᠥᠪᠰᠢᠶᠡᠷᠡᠨ᠂ ᠣᠲᠣ ᠨᠢᠭᠡᠨᠲᠡ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠣᠭᠤᠷᠢᠭ ︵ᠯᠢᠶᠤᠤ ᠶᠢᠨ ᠳᠡᠭᠡᠳᠦ ᠨᠡᠶᠢᠰᠯᠡᠯ ᠤᠨ ᠮᠦᠽᠧᠶ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠪᠠᠭᠲᠠᠨ᠎ᠠ︶᠂ ᠴᠡᠴᠡᠷᠯᠢᠭ ᠤᠨ ᠭᠤᠤᠯ ᠡᠭᠦᠳᠡ ᠶᠢᠨ ᠲᠣᠭᠤᠷᠢᠭ ︵ᠴᠢᠶᠠᠨ ᠳ᠋ᠧ ᠮᠧᠨ ᠠᠭᠤᠳᠠᠮ ᠲᠠᠯᠠᠪᠠᠶ︶᠂ ᠬᠠᠭᠠᠨ ᠤ ᠬᠤᠲᠠ ᠶᠢᠨ ᠪᠠᠭᠤᠷᠢ ᠶᠢᠨ ᠦᠵᠡᠭᠦᠯᠭᠡ ᠶᠢᠨ ᠲᠣᠭᠤᠷᠢᠭ ︵ᠬᠤᠲᠠ ᠶᠢᠨ ᠬᠡᠷᠡᠮ ᠳᠠᠭᠠᠭᠰᠠᠨ ᠦᠵᠡᠭᠦᠯᠭᠡ ᠶᠢᠨ ᠪᠦᠰᠡ ᠪᠠᠭᠲᠠᠨ᠎ᠠ︶ ᠪᠣᠯᠤᠨ ᠪᠠᠷᠠᠭᠤᠨ ᠬᠤᠲᠠ ᠶᠢᠨ ᠬᠡᠷᠡᠮ ᠤᠨ ᠭᠠᠳᠠᠨᠠᠬᠢ ᠪᠦᠰᠡᠯᠢᠭ ᠴᠡᠴᠡᠷᠯᠢᠭ ︵ᠯᠢᠶᠤᠤ ᠶᠢᠨ ᠰᠣᠶᠣᠯ ᠤᠨ ᠦᠵᠡᠭᠦᠯᠭᠡ ᠶᠢᠨ ᠲᠣᠭᠤᠷᠢᠭ᠂ ᠬᠠᠭᠤᠴᠢ ᠰᠤᠳᠤᠯᠤᠯ ᠬᠢᠭᠡᠳ ᠢᠯᠡᠷᠡᠭᠦᠯᠦᠯᠲᠡ ᠶᠢᠨ ᠠᠵᠢᠯᠯᠠᠭᠠᠨ ᠤ ᠲᠣᠭᠤᠷᠢᠭ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠣᠭᠤᠷᠢᠭ ᠪᠠᠭᠲᠠᠨ᠎ᠠ︶᠎ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠰᠡᠯᠡᠭᠦᠴᠡᠯ ᠵᠢᠭᠤᠯᠴᠢᠯᠠᠯ᠂ ᠰᠣᠶᠣᠯ ᠵᠤᠭ᠎ᠠ ᠴᠡᠩᠭᠡᠯ ᠵᠡᠷᠭᠡ ᠤᠯᠠᠨ ᠴᠢᠳᠠᠮᠵᠢ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠬᠤᠳᠠ ᠶᠢᠨ ᠰᠣᠶᠣᠯ ᠤᠨ ᠴᠡᠴᠡᠷᠯᠢᠭ ᠪᠤᠯᠵᠤ᠂ ᠲᠤᠬᠠᠢ ᠶᠢᠨ ᠭᠠᠵᠠᠷ ᠤᠨ ᠰᠣᠶᠣᠯ ᠢᠷᠭᠡᠨᠰᠢᠯ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ᠂ ᠰᠣᠶᠣᠯ ᠵᠢᠭᠤᠯᠴᠢᠯᠠᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ ᠪᠤᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号