ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ
ᠨᠡᠶᠢᠲᠡᠯᠡᠭᠰᠡᠨ ᠴᠠᠭ᠄
2023/4/3
     ︽ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ︾᠃ ᠶᠡᠷᠦᠩᠬᠡᠢ ᠱᠦᠵᠢ ᠰᠢ ᠶᠢᠨ ᠫᠢᠩ ᠡᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ︽ᠴᠢᠨᠠᠷ ᠰᠠᠶᠢᠲᠠᠢ ᠬᠥᠭᠵᠢᠯᠲᠡ︾ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠨ ᠤ ᠤᠷᠤᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠦᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠤᠷᠤᠨ ᠤ ᠪᠡᠶ᠎ᠡ ᠶᠢᠨ ᠲᠠᠮᠢᠷ ᠤᠨ ᠠᠵᠢᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠥᠪᠥᠷ ᠮᠣᠩᠭᠤᠯ ᠤᠨ ᠣᠨᠴᠠᠯᠢᠭ ᠢ ᠳᠣᠪᠤᠶᠢᠯᠭᠠᠵᠤ᠂ ᠴᠢᠬᠤᠯᠠ ᠠᠵᠢᠯ᠂ ᠭᠤᠤᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠲᠠᠢ ᠤᠶᠠᠯᠳᠤᠭᠤᠯᠤᠨ᠂ ᠲᠦᠭᠵᠢᠷᠡᠯ ᠢ ᠰᠢᠯᠤᠭᠤᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠰᠠᠭᠤᠷᠢ ᠶᠢ ᠪᠠᠬᠢᠵᠢᠭᠦᠯᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠬᠦᠯᠬᠦ ᠲᠤᠭᠤᠷᠢᠨ ᠳᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃
     ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠰᠢᠨ᠎ᠡ ᠳᠡᠭᠲᠡᠷ ᠲᠤ ᠭᠠᠷᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠲᠤᠪᠤᠶᠢᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠵᠢᠷᠭᠤᠭᠠᠨ ᠳᠡᠷᠭᠡᠳᠡᠬᠢ︾ ᠢᠨᠵᠧᠨᠧᠷᠢᠩ ᠢ ᠰᠠᠶᠢᠲᠤᠷ ᠠᠳᠬᠤᠨ᠎ᠠ᠃ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠲᠥ᠋ᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠲᠠᠰ ᠳᠡᠪᠰᠢᠬᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠨᠡᠮᠡᠭᠳᠡᠭᠦᠯᠵᠦ᠂ ᠬᠢᠯᠢ ᠬᠢᠵᠠᠭᠠᠷ ᠤᠨ ᠬᠤᠰᠢᠭᠤ ᠰᠢᠶᠠᠨ ᠤ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠪᠣᠯᠤᠨ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ ᠬᠢᠬᠦ᠂ ᠦᠨᠳᠦᠰᠦᠨ ᠱᠠᠲᠤᠨ ᠳᠤ ᠡᠷᠡᠭᠦᠯ ᠮᠡᠨᠳᠦ ᠬᠦᠷᠭᠡᠬᠦ ᠵᠡᠷᠭᠡ ︽ᠵᠢᠷᠭᠤᠭ᠎ᠠ ᠶᠢ ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠠᠳᠠᠯᠢ ᠪᠤᠰᠤ ᠬᠥᠮᠦᠰ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠣᠨᠴᠠᠯᠢᠭ ᠲᠤ ᠵᠣᠬᠢᠴᠠᠭᠤᠯᠤᠨ᠂ ᠪᠡᠶ᠎ᠡ ᠶᠢᠨ ᠲᠠᠮᠢᠷ ᠤᠨ ᠴᠤᠭᠯᠠᠭᠠᠨ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠂ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠤᠷᠤᠯᠳᠤᠭᠠᠨ ᠡᠷᠭᠢᠯᠡᠬᠦ ᠪᠠ ᠤᠷᠤᠯᠳᠤᠭᠠᠨ ᠳᠤ ᠣᠷᠣᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠶᠢ ︽ᠬᠤᠶᠠᠷ ᠢ ᠲᠣᠭᠲᠠᠭᠠᠭᠰᠠᠨ︾ ᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠡᠮᠬᠢ ᠵᠢᠷᠤᠮ ᠲᠠᠢ᠂ ᠨᠡᠭᠡᠭᠡᠯᠲᠡᠲᠡᠶ ᠪᠠᠭᠲᠠᠭᠠᠮᠵᠢᠲᠠᠶ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠪᠥᠬᠦ ᠬᠦᠴᠦᠨ ᠢᠶᠠᠷ ᠢᠶᠠᠨ ᠡᠷᠭᠢᠯᠡᠬᠦ ᠪᠠᠷ ᠴᠢᠷᠮᠠᠶᠢᠨ᠎ᠡ᠃ ᠪᠦᠬᠦ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠤᠯᠭᠠᠵᠦ᠂ ᠦᠷᠢᠰᠦᠯᠳᠦᠭᠡᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ᠃   ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠎ᠠ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠤᠶᠢᠯᠠᠭᠠᠭᠳᠠᠬᠤᠨ ᠢ ᠰᠠᠨᠠᠭᠠᠴᠢᠯᠠᠵᠤ᠂ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠥᠮᠦᠨ ᠬᠥᠮᠦᠵᠢᠭᠦᠯᠬᠦ ᠴᠢᠳᠠᠪᠬᠢ ᠶᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠭᠵᠢᠭᠡᠬᠦ ᠪᠠᠷ ᠡᠬᠦᠰᠦᠴᠡ ᠪᠤᠯᠭᠠᠵᠤ᠂ ᠨᠠᠰᠤᠨ ᠲᠤᠷᠰᠢᠳᠠ ᠶᠢᠨ ᠬᠥᠳᠡᠯᠭᠡᠭᠡᠨ ᠬᠢᠬᠦ ᠳᠠᠳᠬᠠᠯ ᠢ ᠬᠥᠮᠦᠵᠢᠭᠦᠯᠦᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠵᠣᠷᠢᠭ ᠰᠠᠨᠠᠭ᠎ᠠ ᠶᠢ ᠨᠢ ᠳᠠᠪᠲᠠᠨ ᠪᠤᠯᠪᠠᠰᠤᠷᠠᠭᠤᠯᠤᠨ᠎ᠠ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠬᠦᠨᠵᠡᠭᠡᠶᠢᠷᠡᠭᠦᠯᠦᠨ᠎ᠡ᠃ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠰᠠᠶᠢᠳᠤᠷ ᠬᠢᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ U ᠰᠢᠷᠢᠰ ᠤᠷᠤᠯᠳᠤᠭᠠᠨ᠂ ᠺᠯᠦᠪ ᠤᠨ ᠬᠤᠯᠪᠣᠭᠠᠲᠤ ᠤᠷᠤᠯᠳᠤᠭᠠᠨ᠂ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠵᠡᠷᠭᠡ ᠶᠢ ᠨᠡᠶᠢᠳᠭᠡᠨ ᠰᠢᠯᠢᠳᠡᠭᠵᠢᠭᠦᠯᠦᠨ᠎ᠡ᠃
  ᠪᠡᠯᠡᠳᠭᠡᠯ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠪᠡᠯᠡᠳᠭᠡᠯ ᠴᠢᠳᠠᠪᠤᠷᠢᠲᠠᠨ ᠤ ᠰᠠᠭᠤᠷᠢ ᠶᠢ ᠴᠢᠩᠭᠠᠳᠬᠠᠬᠤ ᠲᠥᠯᠥᠪᠯᠡᠭᠡ ᠶᠢ ᠬᠡᠷᠡᠭᠵᠢᠭᠦᠯᠵᠦ᠂ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦᠪ ᠵᠡᠷᠭᠡ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠬᠥᠭᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠳᠣᠲᠣᠭᠠᠳᠤ ᠬᠡᠷᠡᠭᠴᠡᠭᠡ ᠶᠢ ᠥᠷᠭᠡᠳᠭᠡᠬᠦ᠂ ᠪᠦᠲᠦᠴᠡ ᠶᠢ ᠰᠠᠶᠢᠵᠢᠷᠠᠭᠤᠯᠬᠤ᠂ ᠨᠡᠮᠡᠭᠳᠡᠯ ᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠰᠥ ᠴᠠᠰᠤ᠂ ᠮᠠᠰᠢᠨ ᠲᠡᠷᠭᠡ᠂ ᠮᠣᠲ᠋ᠣᠷ᠂ ᠮᠣᠷᠢᠨ ᠮᠡᠷᠭᠡᠵᠢᠯ᠂ ᠬᠥᠯ ᠪᠥᠮᠪᠦᠭᠡ ᠵᠡᠷᠭᠡ ᠣᠨᠴᠠᠯᠢᠭᠲᠤ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠦᠢᠯᠡᠰ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠭᠡᠨ᠎ᠡ᠃ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠂ ᠡᠪᠦᠯ ᠤᠨ ᠤᠯᠠᠷᠢᠯ᠂ ᠵᠣᠨ ᠤ ᠤᠯᠠᠷᠢᠯ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠲᠥᠷᠥᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠲᠦᠰᠢᠭᠯᠡᠨ ᠂ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢ ᠦᠷᠭᠦᠯᠵᠢᠯᠡᠨ ᠠᠬᠢᠭᠤᠯᠤᠨ᠎ᠠ᠃   ᠪᠡᠶ᠎ᠡ ᠶᠢᠨ ᠲᠠᠮᠢᠷ ᠤᠨ ᠰᠣᠶᠣᠯ ᠤᠨ ᠤᠬᠠᠭᠤᠯᠭ᠎ᠠ ᠶᠢ ᠴᠢᠩᠭᠠᠳᠬᠠᠵᠤ᠂ ᠰᠣᠨᠢᠨ᠂ ᠲᠠᠪᠴᠠᠩ᠂ ᠰᠦᠯᠵᠢᠶ᠎ᠡ᠂ ᠦᠵᠦᠭᠦᠷᠯᠢᠭ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠳᠠᠮᠵᠢᠭᠤᠯᠭ᠎ᠠ ᠶᠢᠨ ᠲᠠᠪᠴᠠᠩ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠤᠷᠤᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠨᠠᠮᠡᠭᠳᠡᠭᠦᠯᠦᠨ᠎ᠠ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠶ᠂ ᠲᠦᠢᠯᠰᠢᠷᠠᠯ ᠤᠨ ᠰᠡᠳᠭᠢᠬᠦᠶ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠠᠯᠠᠪᠤᠷ ᠭᠠᠵᠠᠷ᠂ ᠲᠥᠬᠦᠭᠡᠷᠦᠮᠵᠢ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠳᠣᠪᠤᠶᠢᠯᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠵᠢᠴᠢ ᠠᠷᠠᠳ ᠣᠯᠠᠨ ᠤ ᠡᠷᠡᠭᠦᠯ ᠰᠠᠷᠠᠭᠤᠯ ᠠᠮᠢᠳᠤᠷᠠᠯ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠣᠲᠣᠭᠠᠳᠤ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠡᠳᠭᠢᠬᠦᠶ ᠶᠢᠨ ᠠᠷᠭ᠎ᠠ ᠮᠠᠶ᠋ᠢᠭ᠂ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ᠂ ᠠᠵᠢᠯ ᠤᠨ ᠠᠷᠭ᠎ᠠ ᠮᠠᠶ᠋ᠢᠭ ᠢ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠵᠦ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠣᠭᠲᠠᠴᠠ ᠶᠢᠨ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠪᠠᠷ ᠴᠢᠷᠮᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号