ᠮᠠᠰᠢᠨ ᠲᠡᠷᠭᠡᠨ ᠤ ᠨᠠᠭᠠᠳᠤᠮ  ᠰᠢᠯᠢ ᠶᠢᠨ ᠬᠤᠳᠠ ᠳᠤ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2023/4/3
  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠪᠠᠰᠠ ᠨᠢᠭᠡᠨ ᠠᠭᠤᠯᠭ᠎ᠠ ᠪᠤᠯᠬᠤ ᠮᠠᠰᠢᠨ ᠲᠡᠷᠭᠡᠨ ᠤ ᠨᠠᠭᠠᠳᠤᠮ ᠤᠶᠢᠷ᠎ᠠ ᠳᠤ ᠰᠢᠯᠢᠩᠬᠤᠳᠠ ᠶᠢᠨ ᠮᠤᠷᠢᠨ ᠤᠷᠤᠯᠳᠤᠭᠠᠨ ᠤ ᠲᠠᠯᠠᠪᠠᠢ ᠳᠤ ᠪᠤᠯᠵᠤ᠂ ᠡᠬᠡ ᠤᠯᠤᠰ ᠤᠨ ᠡᠯ᠎ᠠ ᠭᠠᠵᠠᠷ ᠠᠴᠠ ᠬᠦᠷᠦᠯᠴᠡᠨ ᠢᠷᠡᠭᠰᠡᠨ ᠮᠠᠰᠢᠨ ᠲᠡᠷᠭᠡᠨ ᠤ ᠪᠠᠭ᠋ᠠᠳᠠᠳ ᠤᠨ ᠤᠷ᠎ᠠ ᠮᠡᠷᠭᠡᠵᠢᠯ ᠢᠶᠠᠨ ᠰᠤᠷᠢᠵᠤ ᠨᠦᠬᠦᠷᠯᠡᠯ ᠶᠠᠪᠤᠯᠴᠠᠭ᠎ᠠ ᠪᠠᠨ ᠵᠤᠵᠠᠭᠠᠳᠬᠠᠬᠤ ᠦᠪᠡᠳᠡᠭᠰᠢ ᠴᠤᠭᠯᠠᠭᠠᠨ ᠪᠤᠯᠵᠠᠢ᠃
  ᠤᠶᠢᠯᠠᠭᠠᠭᠰᠠᠨ ᠢᠶᠠᠷ᠂ ᠮᠠᠰᠢᠨ ᠲᠡᠷᠭᠡᠨ ᠤ ᠠᠪᠤᠷᠭᠤ ᠰᠢᠯᠭᠠᠷᠠᠭᠤᠯᠬᠤ ᠲᠤᠰᠬᠠᠢ ᠲᠠᠯᠠᠪᠠᠢ ᠶᠢᠨ ᠰᠠᠭᠠᠳ ᠲᠠᠪᠠᠭ᠋ᠤ ᠤᠷᠤᠯᠳᠤᠭᠠᠨ ᠪᠤᠯ ︽ᠲᠤᠮᠳᠠᠳᠤ ᠶᠢᠨ ᠰᠤᠶᠤᠯ ᠢ ᠤᠶᠢᠯᠠᠭᠠᠨ ᠤᠬᠠᠪᠤᠷᠢᠯᠠᠵᠤ᠂ ᠡᠬᠡ ᠤᠯᠤᠰ ᠤᠨ ᠤᠮᠠᠷᠠᠲᠤ ᠬᠢᠯᠢ ᠪᠠᠷ ᠵᠢᠭᠤᠯᠴᠢᠯᠠᠬᠤᠢ︾ ᠲᠠᠯ᠎ᠠ ᠨᠤᠲᠤᠭ ᠤᠨ ᠰᠡᠳᠤᠪᠲᠤ ᠰᠢᠷᠢᠰ ᠠᠵᠢᠯᠯᠠᠭ᠎ᠠ ᠪᠤᠯᠬᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠦᠵᠡᠮᠵᠢ ᠶᠢᠨ ᠱᠤᠭᠤᠮ ᠤᠨ ᠮᠠᠰᠢᠨ ᠲᠡᠷᠭᠡᠨ ᠤ ᠨᠠᠭᠠᠳᠤᠮ ᠤᠨ ᠤᠷᠤᠯᠳᠤᠭᠠᠨ ᠲᠡᠮᠡᠴᠡᠭᠡᠨ ᠤ ᠨᠢᠭᠡ ᠲᠦᠷᠦᠯ ᠪᠤᠯᠬᠤ ᠶᠤᠮ᠃ ᠲᠤᠰ ᠤᠳᠠᠭ᠎ᠠ ᠪᠠᠰᠠ ᠮᠠᠰᠢᠨ ᠲᠡᠷᠭᠡᠨ ᠤ ᠲᠠᠭᠤᠤ ᠬᠦᠭᠵᠢᠮ ᠤᠨ ᠨᠠᠶᠢᠷ᠂ ᠭᠠᠯᠳᠤ ᠠᠭᠤᠯᠠ ᠶᠢᠨ ᠪᠠᠷᠳᠠᠭᠠᠳᠤ ᠠᠶᠠᠯᠠᠯ ᠵᠡᠷᠭᠡ ᠬᠦᠮᠦᠰ ᠤᠨ ᠰᠤᠨᠢᠷᠬᠠᠯ ᠢ ᠲᠠᠳᠠᠭᠰᠠᠨ ᠵᠢᠭᠤᠯᠴᠢᠯᠠᠯ ᠤᠨ ᠠᠵᠢᠯᠯᠠᠭ᠎ᠠ ᠳᠤᠬᠢᠷᠠᠭᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号