ᠪᠦᠬᠡ ᠶᠢᠨ ᠦᠯᠦᠭᠡᠢ
ᠨᠡᠶᠢᠲᠡᠯᠡᠭᠰᠡᠨ ᠴᠠᠭ᠄
2023/4/3
     ᠦᠵᠦᠮᠦᠴᠢᠨ ᠳᠤ ᠪᠦᠬᠡ ᠪᠠᠷᠢᠯᠳᠤᠬᠤ ᠨᠢ ᠳᠡᠲᠡᠨ ᠤ ᠠᠯᠳᠠᠷᠳᠤ ᠲᠠᠮᠢᠷ ᠤᠨ ᠬᠦᠳᠡᠯᠭᠡᠭᠡᠨ᠂ ᠨᠡᠷᠡᠳᠤ ᠰᠤᠶᠤᠯ ᠤᠨ ᠠᠵᠢᠯᠯᠠᠭ᠎ᠠ ᠪᠠᠶᠢᠳᠠᠭ᠃ ᠡᠶᠢᠮᠦ ᠠᠴᠠ ︽ᠦᠵᠦᠮᠦᠴᠢᠨ ᠪᠦᠬᠡ ᠶᠢᠨ ᠦᠯᠦᠭᠡᠢ︾ ᠭᠡᠳᠡᠭ ᠨᠡᠷ᠎ᠡ ᠲᠠᠢ ᠪᠤᠯᠵᠠᠢ᠃ ᠦᠵᠦᠮᠦᠴᠢᠨ ᠳᠤ ᠪᠦᠬᠡ ᠪᠠᠷᠢᠯᠳᠤᠬᠤ ᠨᠢ ᠭᠤᠣᠯᠳᠠᠭᠤ ᠲᠡᠳᠡᠨ ᠤ ᠪᠠᠶᠠᠷ ᠳᠤᠷᠠᠰᠬᠠᠯ ᠤᠨ ᠪᠡᠯᠭᠡᠯᠡᠬᠦ ᠠᠵᠢᠯᠯᠠᠭ᠎ᠠ ᠶᠢᠨ ᠨᠠᠶᠢᠷ ᠨᠠᠭᠠᠳᠤᠮ ᠤᠨ ᠭᠤᠣᠯ ᠨᠢᠭᠡ ᠠᠭᠤᠯᠭ᠎ᠠ ᠪᠠᠷ ᠶᠠᠪᠤᠭᠳᠠᠳᠠᠭ᠃ ᠤᠯᠤᠰ ᠳᠦᠷᠦ ᠶᠢᠨ ᠪᠡᠯᠭᠡᠯᠡᠨ ᠳᠤᠷᠠᠰᠬᠠᠬᠤ ᠠᠵᠢᠯᠯᠠᠭ᠎ᠠ ᠪᠤᠯᠤᠨ ᠡᠯ᠎ᠡ ᠵᠦᠢᠯ ᠤᠨ ᠤᠯᠠᠨ ᠳᠦᠮᠡᠨ ᠤ ᠴᠢᠭᠤᠯᠭᠠᠨ ᠨᠠᠶᠢᠷ ᠲᠤ ᠪᠦᠷ ᠪᠦᠬᠡ ᠪᠠᠷᠢᠯᠳᠤᠭᠤᠯᠤᠨ᠎ᠠ᠃ ᠦᠵᠦᠮᠦᠴᠢᠨ ᠤ ᠪᠦᠬᠡ ᠪᠠᠷᠢᠯᠳᠤᠬᠤ ᠪᠣᠯ ᠨᠢᠭᠡᠨ ᠪᠦᠷᠢᠨ ᠳᠦᠷᠢᠮᠵᠢᠭᠰᠡᠨ ᠰᠢᠰᠲ᠋ᠧᠮᠵᠢᠭᠰᠡᠨ ᠰᠤᠶᠤᠯ ᠤᠨ ᠠᠵᠢᠯᠯᠠᠭ᠎ᠠ ᠪᠤᠯᠤᠨ᠎ᠠ᠃ ᠴᠠᠭ ᠤᠯᠠᠷᠢᠯ ᠤᠨ ᠲᠠᠯ᠎ᠠ ᠪᠠᠷ ᠵᠣᠨ ᠤ ᠤᠷᠢᠬᠠᠨ ᠰᠠᠶᠢᠬᠠᠨ ᠡᠯᠪᠡᠭ ᠳᠡᠯᠪᠡᠭ ᠴᠠᠭ ᠲᠤᠷ ᠲᠤᠩ ᠤᠯᠠᠨ ᠨᠠᠭᠠᠳᠤᠮ ᠬᠢᠵᠦ ᠪᠦᠬᠡ ᠪᠠᠷᠢᠯᠳᠤᠨ᠎ᠠ᠃ ᠭᠡᠪᠡᠴᠦ ᠤᠨᠴᠠᠭᠠᠢ ᠪᠠᠶᠢᠳᠠᠯ ᠤᠨ ᠳᠤᠤᠷ᠎ᠠ ᠡᠪᠦᠯ ᠤᠨ ᠤᠯᠠᠷᠢᠯ ᠪᠠ ᠬᠠᠪᠤᠷ ᠤᠨ ᠴᠠᠭᠠᠨ ᠰᠠᠷ᠎ᠠ ᠶᠢᠨ 15 ᠤ ᠢᠷᠦᠭᠡᠯ ᠳᠤ ᠪᠠᠰᠠ ᠪᠦᠷ ᠪᠦᠬᠡ ᠪᠠᠷᠢᠯᠳᠤᠭᠤᠯᠳᠠᠭ ᠪᠠᠶᠢᠭᠰᠠᠨ᠃ ᠪᠦᠬᠡ ᠪᠠᠷᠢᠯᠳᠤᠬᠤ ᠶᠢ ᠨᠠᠶᠢᠷ ᠨᠠᠭᠠᠳᠤᠮ ᠡᠷᠬᠢᠯᠡᠬᠦ ᠨᠢᠭᠡᠴᠡ ᠪᠤᠶᠤ ᠡᠳᠡᠭᠡᠳ ᠤᠳᠤᠷᠢᠳᠴᠦ ᠶᠠᠪᠤᠭᠤᠯᠤᠨ᠎ᠠ᠃ ᠪᠦᠬᠡ ᠶᠢᠨ ᠳᠠᠭᠠᠭᠠᠮᠠᠯ᠂ ᠳᠤᠯᠭᠠᠭᠴᠢ᠂ ᠬᠢᠨᠠᠭᠴᠢ᠂ ᠪᠦᠬᠡ ᠳᠠᠷᠤᠭᠴᠢ ᠲᠤᠰ ᠲᠤᠰ ᠲᠠᠭᠠᠨ ᠭᠠᠷᠳᠠᠭ᠃ ᠨᠤᠭᠤᠯᠤᠭ᠎ᠠ ᠪᠠᠷᠢᠯᠳᠤᠯᠭ᠎ᠠ ᠶᠢᠨ ᠠᠷᠭ᠎ᠠ ᠪᠠᠷ ᠪᠠᠷᠢᠯᠳᠤᠵᠦ᠂ ᠬᠠᠶᠠᠭᠰᠠᠨ ᠨᠢ ᠦᠯᠡᠳᠡᠵᠦ ᠬᠠᠶᠠᠭᠳᠠᠭᠰᠠᠨ ᠨᠢ ᠬᠠᠰᠤᠭᠳᠠᠵᠤ᠂ ᠳᠡᠭᠡᠭᠰᠢ ᠪᠠᠨ ᠴᠦᠬᠡᠷᠡᠵᠦ ᠳᠡᠰ ᠳᠡᠰ ᠢᠶᠠᠷ ᠬᠤᠴᠦᠷᠴᠦ ᠪᠠᠷᠢᠯᠳᠤᠨ᠂ ᠬᠠᠮᠤᠭ ᠰᠡᠬᠦᠯ ᠳᠤᠨᠢ ︽ᠳᠡᠷᠢᠬᠦᠨ ᠪᠦᠬᠡ︾ ᠭᠠᠭᠴᠠᠭᠠᠷ ᠪᠤᠰᠤᠭ᠎ᠠ ᠦᠯᠡᠳᠡᠬᠦ ᠠᠷᠭ᠎ᠠ ᠪᠠᠷ ᠪᠠᠷᠢᠯᠳᠤᠨ᠎ᠠ᠃ ᠪᠦᠬᠡ ᠶᠢᠨ ᠲᠤᠭ᠎ᠠ ᠶᠢ ᠨᠣᠭᠤᠯᠵᠦ ᠪᠠᠷᠢᠯᠳᠤᠵᠦ᠂ ᠨᠢᠭᠡᠯᠡ ᠳᠡᠷᠢᠬᠦᠨ ᠪᠦᠬᠡ ᠦᠯᠡᠳᠡᠬᠦ ᠳᠤ ᠵᠤᠬᠢᠴᠠᠭᠰᠠᠨ ᠲᠤᠭ᠎ᠠ ᠪᠠᠷ ᠲᠤᠬᠢᠷᠠᠭᠤᠯᠳᠠᠭ᠃ 8᠂ 16᠂ 32᠂ 64᠂ 128᠂ 256᠂ 512 ᠨᠡᠷ᠎ᠡ ᠪᠦᠬᠡ ᠭᠡᠵᠦ ᠳᠠᠭᠠᠷᠠᠨ᠎ᠠ᠃ ᠪᠦᠬᠡ ᠶᠢᠨ ᠲᠤᠭ᠎ᠠ ᠶᠢᠨ ᠤᠯᠠᠨ ᠴᠦᠬᠡᠨ ᠨᠢ ᠨᠠᠶᠢᠷ ᠤᠨ ᠶᠡᠭᠡ ᠪᠠᠭ᠎ᠠ ᠪᠠᠷ ᠲᠤᠭᠲᠠᠭᠠᠭᠳᠠᠵᠣ᠂ ᠶᠡᠭᠡ ᠨᠠᠶᠢᠷ ᠲᠤ ᠤᠯᠠᠨ ᠪᠦᠬᠡ ᠪᠠᠷᠢᠯᠳᠤᠭᠤᠯᠤᠨ᠎ᠠ᠃ ᠭᠡᠬᠦ ᠳᠤ 1024 ᠨᠡᠷ᠎ᠡ ᠪᠦᠬᠡ ᠪᠠᠷᠢᠯᠳᠤᠭᠰᠠᠨ ᠨᠠᠶᠢᠷ ᠬᠠᠮᠤᠭ ᠤᠨ ᠶᠡᠭᠡ ᠨᠠᠶᠢᠷ ᠪᠠᠶᠢᠵᠠᠢ᠃ ᠭᠡᠪᠡᠴᠦ ᠤᠨᠴᠠᠭᠠᠢ ᠳᠡᠭᠡᠳᠤ ᠳᠡᠰ ᠤᠨ ᠨᠠᠶᠢᠷ ᠲᠤ ᠪᠠᠰᠠ ᠰᠢᠯᠢᠳᠡᠭ ᠴᠦᠬᠡᠨ ᠪᠦᠬᠡ ᠪᠠᠷᠢᠯᠳᠤᠭᠤᠯᠬᠤ ᠳᠦᠷᠢᠮ ᠪᠠᠶᠢᠳᠠᠭ᠃ ᠲᠤᠬᠠᠶᠢᠯᠠᠪᠠᠯ ︽ᠰᠢᠯᠢᠳᠡᠭ 16 ᠨᠡᠷ᠎ᠡ ᠪᠦᠬᠡ︾᠂ ︽ᠰᠢᠯᠢᠳᠡᠭ 32 ᠨᠡᠷ᠎ᠡ ᠪᠦᠬᠡ︾ ᠪᠠᠷᠢᠯᠳᠤᠭᠤᠯᠵᠦ ᠦᠵᠡᠭᠦᠯᠦᠯᠭᠡ ᠭᠠᠷᠭᠠᠳᠠᠭ᠃      ᠦᠵᠦᠮᠦᠴᠢᠨ ᠳᠤ ᠪᠦᠬᠡ ᠪᠠᠷᠢᠯᠳᠤᠬᠤ ᠨᠢ ᠪᠡᠶ᠎ᠡ ᠪᠠᠨ ᠳᠠᠭᠠᠭᠠᠭᠰᠠᠨ ᠪᠡᠶ᠎ᠡ ᠲᠠᠮᠢᠷ ᠤᠨ ᠰᠢᠰᠲ᠋ᠧᠮᠳᠤ ᠠᠵᠢᠯᠯᠠᠭ᠎ᠠ ᠪᠤᠯᠬᠤᠷ ᠲᠤᠭᠳᠠᠭᠰᠠᠨ ᠲᠤᠭ᠎ᠠ ᠲᠠᠢ᠂ ᠠᠷᠭ᠎ᠠ ᠬᠡᠮᠵᠢᠶ᠎ᠡ ᠲᠠᠢ ᠪᠠᠷ ᠪᠠᠷᠠᠬᠤ ᠦᠭᠡᠢ ᠪᠠᠰᠠ ᠲᠤᠭᠲᠠᠭᠰᠠᠨ ᠬᠤᠶᠠᠭᠯᠠᠯ᠂ ᠲᠤᠭᠲᠠᠭᠰᠠᠨ ᠮᠡᠷᠭᠡᠵᠢᠯ᠂ ᠲᠤᠭᠲᠠᠭᠰᠠᠨ ᠶᠤᠰᠤ᠂ ᠲᠤᠭᠲᠠᠭᠰᠠᠨ ᠱᠠᠩᠨᠠᠯ ᠵᠡᠷᠭᠡ ᠪᠠᠷᠢᠮᠵᠢᠶᠠᠳᠤ ᠳᠦᠷᠢᠮ ᠲᠠᠢ᠂ ᠤᠷᠠᠯᠢᠭ ᠤᠨ ᠮᠡᠷᠭᠡᠵᠢᠯ ᠤᠨ ᠰᠤᠶᠤᠯ ᠤᠨ ᠤᠯᠠᠨ ᠳᠦᠮᠡᠨᠴᠢ ᠠᠵᠢᠯᠯᠠᠭ᠎ᠠ ᠪᠤᠯᠤᠨ᠎ᠠ᠃ ᠦᠵᠦᠮᠦᠴᠢᠨ ᠭᠡᠤᠭᠡᠳ 6 ~ 7 ᠨᠠᠰᠤᠳᠠᠢ ᠠᠴᠠ ᠪᠠᠨ ᠮᠣᠷᠢ ᠤᠨᠤᠬᠤ ᠲᠠᠢ ᠵᠡᠷᠭᠡ ᠪᠠᠷᠢᠯᠳᠤᠵᠦ ᠪᠤᠯᠪᠠᠰᠤᠷᠠᠵᠦ ᠡᠬᠢᠯᠡᠳᠡᠭ᠃ ᠭᠡᠤᠭᠡᠳ ᠤᠨ ᠪᠦᠬᠡ ᠪᠠᠷᠢᠯᠳᠤᠬᠤ ᠪᠣᠯ ᠦᠵᠦᠮᠦᠴᠢᠨ ᠪᠦᠬᠡ ᠪᠠᠷᠢᠯᠳᠤᠬᠤ ᠶᠢᠨ ᠴᠢᠬᠤᠯᠠ ᠠᠭᠤᠯᠭ᠎ᠠ ᠪᠦᠭᠡᠳ ᠮᠡᠷᠭᠡᠵᠢᠯ ᠤᠨ ᠰᠤᠷᠭᠠᠭᠤᠯᠢᠯᠠᠯ ᠮᠦᠨ᠃ ᠵᠠᠩᠭᠢᠶ᠎ᠡ᠂ ᠠᠯᠲᠠ ᠮᠦᠩᠭᠦᠨ ᠪᠤᠯᠢᠭᠠᠷᠢ ᠰᠢᠷᠢ ᠶᠢᠨ ᠵᠤᠳᠤᠭ᠂ ᠴᠠᠭᠠᠨ ᠠᠭᠤᠳᠠᠮ ᠦᠮᠦᠳᠤ ᠲᠤᠤᠰᠢᠭᠤ᠂ ᠮᠣᠩᠭᠤᠯ ᠭᠤᠲᠤᠯ᠂ ᠰᠠᠪᠰᠠᠯᠭ᠎ᠠ ᠵᠡᠷᠭᠡ ᠬᠤᠶᠠᠭᠯᠠᠯ ᠴᠢᠮᠡᠭᠯᠡᠯ ᠤᠨ ᠲᠤᠰᠬᠠᠢ ᠡᠳ᠋ᠯᠡᠯ ᠬᠢᠭᠡᠳ ᠲᠤᠯᠭᠠᠬᠤ᠂ ᠲᠠᠯᠪᠢᠬᠤ᠂ ᠲᠠᠭᠠᠷᠠᠭᠤᠯᠬᠤ ︵ᠲᠠᠯᠠᠪᠠᠢ ᠳᠤᠳᠤᠷ᠎ᠠ︶ ᠬᠠᠶᠠᠵᠦ᠂ ᠬᠠᠶᠢᠨᠴᠢᠵᠦ᠂ ᠬᠠᠶᠠᠭᠳᠠᠭᠰᠠᠨ ᠢ ᠲᠤᠭᠲᠠᠭᠠᠬᠤ ᠬᠢᠨᠠᠭᠴᠢ ᠶᠢᠨ ᠪᠠᠷᠢᠮᠵᠢᠶᠠᠳᠤ ᠳᠦᠷᠢᠮ᠂ ᠮᠦᠩᠭᠦᠨ ᠪᠤᠶᠢᠯᠠ ᠲᠠᠢ ᠴᠠᠭᠠᠨ ᠳᠡᠮᠡᠭᠡ ᠳᠦᠷᠦᠭᠦᠦ ᠲᠠᠢ ︽ᠶᠢᠰᠦ ᠶᠢᠰᠦ ᠶᠢᠨ ᠨᠠᠶᠠᠨ ᠨᠢᠭᠡᠨ ᠪᠡᠯᠡᠭ︾ ᠤᠨ ᠱᠠᠩ ᠣᠯᠭᠤᠬᠤ ᠶᠤᠰᠤ ᠵᠡᠷᠭᠡ ᠨᠢ ᠪᠦᠷ ᠦᠵᠦᠮᠦᠴᠢᠨ ᠪᠦᠬᠡ ᠶᠢᠨ ᠦᠪᠡᠷᠮᠢᠴᠡ ᠤᠨᠴᠠᠯᠢᠭ ᠪᠦᠬᠦᠢ ᠰᠤᠶᠤᠯ ᠤᠨ ᠬᠡᠪᠰᠢᠯ ᠪᠠᠶᠢᠳᠠᠭ᠃ ᠦᠵᠦᠮᠦᠴᠢᠨ ᠬᠤᠷᠸ᠎ᠠ ᠶᠢᠨ ᠳᠡᠤᠬᠡᠨ ᠳᠡᠭᠡᠷ᠎ᠡ ︽ᠪᠦᠬᠡ ᠶᠢᠨ ᠦᠯᠦᠭᠡᠢ︾ ᠭᠡᠵᠦ ᠠᠯᠳᠠᠷᠰᠢᠭᠰᠠᠨ ᠤ ᠬᠤᠪᠢ ᠳᠤ ᠬᠦᠭᠵᠢᠯ ᠤᠨ ᠴᠠᠭ ᠦᠶ᠎ᠡ ᠪᠦᠬᠦᠨ ᠳᠡᠭᠡᠨ ᠤᠯᠤᠰ ᠦᠨᠳᠦᠰᠦᠳᠡᠨ ᠪᠠ ᠳᠤᠳᠤᠭᠠᠳᠤ ᠭᠠᠳᠠᠭᠠᠳᠤ ᠳᠤ ᠠᠯᠳᠠᠷ ᠲᠠᠢ ︽ᠠᠪᠤᠷᠭᠤ ᠪᠦᠬᠡ︾ ᠳᠠᠰᠤᠷᠠᠭ᠎ᠠ ᠦᠭᠡᠢ ᠮᠡᠨᠳᠦᠯᠡᠵᠦ ᠢᠷᠡᠵᠡᠢ᠃ ᠳᠦᠬᠦᠷᠡᠩᠵᠠᠭᠠᠨ᠎ᠠ ᠪᠣᠯ ᠳᠡᠲᠡᠨ ᠤ ᠳᠤᠳᠤᠷᠠᠬᠢ ᠶᠢᠷᠳᠢᠨᠴᠦ ᠳᠤ ᠮᠦᠩᠬᠡᠷᠡᠭᠰᠡᠨ ᠳᠦᠯᠦᠭᠡᠯᠡᠭᠴᠢ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号