ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2023/4/3
   ᠡᠷᠬᠢᠯᠡᠭᠴᠢ ᠨᠠᠷ᠂ ᠭᠡᠰᠢᠭᠦᠳ ᠡ᠄          ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃      ᠨᠢᠭᠡ᠂ ᠥᠩᠭᠡᠷᠡᠭᠰᠡᠨ ᠲᠠᠪᠤᠨ ᠵᠢᠯ ᠪᠠ 2022 ᠣᠨ ᠤ ᠠᠵᠢᠯ ᠤᠨ ᠡᠷᠭᠢᠴᠡᠭᠦᠯᠦᠯ      ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠲᠠᠪᠤᠨ ᠵᠢᠯ ᠪᠣᠯ᠂ ᠲᠦᠢᠯ ᠤᠨ ᠡᠭᠡᠯ ᠪᠤᠰᠤ᠂ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠤᠨ᠎ᠠ᠃ ᠡᠭᠡᠳᠡᠷᠡᠭᠡᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠬᠤᠷᠸ᠎ᠠ ᠠᠵᠤ ᠠᠬᠤᠶ ᠶᠢᠨ ᠪᠠᠶᠢᠳᠠᠯ᠂ ᠥᠭᠡᠷᠡᠴᠢᠯᠡᠯᠲᠡ ᠬᠢᠬᠦ ᠭᠦᠭᠵᠢᠬᠦᠯᠬᠦ ᠲᠣᠭᠲᠠᠭᠤᠨ ᠪᠠᠶᠢᠯᠭᠠᠬᠤ ᠪᠡᠷᠬᠡ ᠬᠠᠲᠠᠭᠤᠵᠢᠯᠲᠠᠶ ᠨᠦᠰᠡᠷ ᠬᠦᠨᠳᠦ ᠡᠭᠦᠷᠭᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ  ᠶᠢ ᠲᠡᠭᠦᠰ ᠠᠮᠵᠢᠯᠲᠠ ᠲᠠᠢ ᠳᠡᠭᠦᠰᠭᠡᠵᠣ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠪᠦᠬᠦ ᠠᠶᠢᠮᠠᠭ ᠤᠨ ᠡᠯ᠎ᠡ ᠲᠦᠷᠦᠯ ᠤᠨ ᠠᠵᠢᠯ ᠦᠢᠯᠡᠰ ᠴᠢᠬᠤᠯᠠ ᠶᠡᠭᠡ ᠠᠮᠵᠢᠯᠲᠠ ᠤᠯᠪᠠ᠃        ︵ᠨᠢᠭᠡ︶ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠪᠦᠬᠦ ᠠᠶᠢᠮᠠᠭ ᠳᠠᠶᠠᠭᠠᠷ ᠬᠦᠴᠦᠨ ᠢᠶᠠᠨ ᠲᠦᠪᠯᠡᠷᠡᠭᠦᠯᠦᠨ ᠶᠠᠳᠠᠭᠤ ᠠᠴᠠ ᠠᠩᠬᠢᠵᠢᠷᠠᠭᠤᠯᠣᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ 5.2 ᠲᠦᠮᠡᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 8 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 228 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠬᠦ ᠤᠯᠤᠰ᠂ ᠪᠦᠬᠦ ᠣᠷᠣᠨ ᠲᠠᠢ ᠬᠠᠮᠲᠤᠪᠠᠷ ᠴᠢᠨᠡᠭᠡᠯᠢᠭᠵᠢᠬᠦ ᠬᠦᠰᠡᠯ ᠢᠶᠠᠨ ᠲᠡᠷᠭᠡᠯᠰᠢᠭᠦᠯᠪᠡ᠃ ᠡᠨᠡᠬᠦ ᠰᠠᠭᠤᠷᠢᠨ ᠳᠡᠭᠡᠷ᠎ᠡ᠂ ᠶᠠᠳᠠᠭᠤ ᠠᠴᠠ ᠠᠩᠬᠢᠵᠢᠷᠠᠭᠤᠯᠣᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠨᠡᠶᠢᠳᠡ 18.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ᠂ 1009 ᠲᠦᠷᠦᠯ ᠵᠦᠢᠯ ᠢ ᠬᠡᠷᠡᠭᠵᠢᠭᠦᠯᠵᠦ ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠵᠡᠷᠭᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠢᠳᠡᠷᠡᠭᠦᠨ ᠣᠷᠣᠭᠰᠢᠯᠠᠪᠠ᠃      ︵ᠬᠤᠶᠠᠷ︶  ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 694 ᠳ᠋ᠦᠩᠰᠢᠭᠤᠷ ᠲᠥᠭᠦᠷᠢᠭ ᠠᠴᠠ 1149 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠲᠠᠪᠤᠨ ᠵᠢᠯ ᠳᠤ ᠵᠢᠯ ᠪᠦᠷᠢ ᠳᠤᠮᠳᠠᠴᠢ ᠪᠠᠷ 4.4% ᠪᠠᠷ ᠨᠡᠮᠡᠭᠳᠡᠪᠡ ᠃ ᠨᠡᠶᠢᠲᠡ 485 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 1500 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ︽ᠬᠤᠶᠠᠷ ᠶᠡᠭᠡ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠰᠢᠯᠢ ᠶᠢᠨ ᠭᠤᠤᠯ ᠬᠤᠨᠢ᠂ ᠰᠢᠯᠢ ᠶᠢᠨ ᠭᠤᠤᠯ ᠴᠠᠭᠠᠨ ᠢᠳᠡᠭᠡᠨ  ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠣᠨ ᠪᠠᠶᠢᠭᠤᠯᠣᠨ᠎ᠠ᠃ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠠᠵᠢᠯ ᠢᠯᠡᠳᠲᠡ ᠦᠷ᠎ᠡ ᠪᠦᠲᠦᠮᠵᠢ ᠣᠯᠵᠣ᠂ ᠮᠢᠬᠠᠨ ᠤ ᠦᠬᠡᠷ ᠤᠨ ᠲᠤᠭ᠎ᠠ ᠶᠢ 212 ᠲᠦᠮᠡ ᠪᠣᠯᠭᠠᠨ ᠨᠡᠮᠡᠭᠳᠡᠭᠦᠯᠵᠣ᠂ 2017 ᠣᠨ ᠤ ᠬᠢ ᠠᠴᠠ 73 ᠲᠦᠮᠡ ᠨᠡᠮᠡᠭᠳᠡᠨ ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 97 % ᠳᠤ ᠬᠥᠷᠪᠡ᠃ ᠡᠨᠧᠷᠭᠢ ᠶᠢᠨ ᠠᠵᠤ ᠦᠢᠯᠡᠰ ᠦᠳᠲᠡᠷ ᠲᠦᠷᠭᠡᠨ ᠢᠶᠠᠷ ᠪᠤᠵᠠᠭᠠᠶᠢᠷᠠᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 1755 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 950 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠪᠦᠬᠦ ᠣᠷᠣᠨ ᠳᠤ ᠮᠢᠩᠭᠠᠨ ᠲᠦᠮᠡᠨ ᠺᠢᠯᠣᠸᠠᠲ ᠤᠨ ᠳᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠤᠷᠢᠳᠠᠪᠠᠷ ᠪᠠᠶᠢᠭᠤᠯᠪᠠ︔ ᠲᠠᠪᠤᠨ ᠵᠢᠯ ᠳᠤ ᠨᠡᠶᠢᠳᠡ 6 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 3148 ᠳ᠋ᠦᠩᠰᠢᠭᠤᠷ ᠭᠷᠠᠳᠦ᠋ᠰ ᠤᠨ ᠴᠠᠬᠢᠯᠭᠠᠨ ᠭᠠᠷᠭᠠᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠦᠴᠦᠲᠡᠶ ᠪᠠᠲᠤᠯᠠᠪᠠ᠃     ︵ᠭᠤᠷᠪᠠ︶ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢ ᠨᠡᠶᠢᠲᠡ 1000 ᠲᠦᠮᠡᠨ ᠮᠥ ᠠᠴᠠ ᠳᠠᠪᠠᠭᠤᠯᠤᠨ ᠪᠡᠶᠡᠯᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠳᠤᠮᠳᠠᠴᠢ ᠪᠦᠷᠬᠦᠴᠡ ᠶᠢ 46.2% ᠲᠤ  ᠬᠦᠷᠭᠡᠵᠣ᠂ ᠠᠷᠪᠠᠨ ᠵᠢᠯ ᠤᠨ ᠡᠮᠦᠨᠡᠬᠢ ᠠᠴᠠ 5.9 ᠵᠠᠭᠤᠨ ᠤ ᠨᠢᠭᠡᠴᠢ ᠪᠠᠷ ᠳᠡᠭᠡᠭᠰᠢᠯᠡᠬᠦᠯᠪᠡ᠃ ᠠᠭᠤᠷᠬᠠᠶ ᠮᠠᠯᠲᠠᠬᠤ ᠦᠨᠡᠮᠯᠡᠯ ᠨᠢ ᠬᠦᠴᠦᠨ ᠲᠠᠢ ᠬᠤᠭᠤᠴᠠᠭᠠᠨ ᠳᠤ ᠪᠠᠶᠢᠭ᠎ᠠ ᠠᠭᠤᠷᠬᠠᠶ ᠶᠢ ᠨᠡᠶᠢᠳᠡ 175.7 ᠬᠠᠪᠳᠠᠭᠠᠢ ᠳᠥᠷᠪᠡᠯᠵᠢᠨ ᠺᠢᠯᠣᠮᠧᠲᠷ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ 97.5 ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠪᠠ᠃ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ ᠣᠷᠣᠨ  ᠳᠤ ᠲᠡᠷᠢᠭᠦᠯᠡᠵᠦ᠂  ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶᠠᠨ ᠳᠤ ᠬᠦᠷᠴᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 73 ᠠᠭᠤᠷᠬᠠᠶ ᠬᠠᠶᠢᠬᠤ ᠡᠷᠬᠡ᠂ 77 ᠠᠭᠤᠷᠬᠠᠶ ᠮᠠᠯᠲᠠᠬᠤ ᠡᠷᠬᠡ ᠶᠢ ᠪᠦᠬᠦᠨ ᠢ ᠬᠠᠰᠤᠭᠰᠠᠨ ᠪᠥᠭᠡᠳ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠬᠤᠭᠤᠴᠠᠭ᠎ᠠ ᠨᠢ ᠨᠢᠭᠡᠨᠲᠡ ᠥᠩᠭᠡᠷᠡᠭᠰᠡᠨ ᠪᠥᠭᠡᠳ ᠦᠷᠭᠦᠯᠵᠢᠯᠡᠬᠦᠯᠬᠦ ᠨᠥᠬᠦᠴᠡᠯ ᠳᠤ ᠨᠡᠶᠢᠴᠡᠬᠦ ᠦᠭᠡᠢ 393 ᠠᠭᠤᠷᠬᠠᠶ ᠮᠠᠯᠲᠠᠬᠤ ᠡᠷᠬᠡ ᠶᠢ ᠴᠡᠭᠴᠡᠯᠡᠪᠡ᠃ ᠲᠥᠪ ᠤᠨ ᠨᠢᠭᠡᠳᠦᠭᠡᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠪᠠ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠣᠷᠣᠨ ᠳᠤ ᠲᠦᠷᠦᠭᠦᠯᠡᠨ ᠪᠦᠬᠦᠨ ᠢ ᠴᠡᠭᠴᠡᠯᠡᠨ ᠰᠠᠶᠢᠵᠢᠷᠠᠭᠤᠯᠪᠠ᠃     ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠣᠨ ᠨᠡᠭᠡᠭᠡᠯᠲᠡ ᠬᠢᠭᠰᠡᠨ ᠦᠷ᠎ᠡ ᠪᠦᠲᠦᠭᠡᠯ ᠦᠯᠡᠮᠵᠢ ᠡᠯᠪᠡᠭ ᠪᠣᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠤᠯᠤᠰ ᠤᠨ ᠦᠮᠴᠢᠯᠡᠯᠳᠣ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠪᠡ᠃  ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠨᠡᠶᠢᠲᠡ 260 ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠲᠣᠰ ᠲᠣᠰ 5 ᠪᠠ 40 ᠪᠣᠯᠪᠠ᠃ ᠡᠷᠢᠶᠡᠨ ᠬᠤᠳᠠ᠂ ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 9211 ᠲᠦᠮᠡᠨ ᠲᠣᠨ ᠳᠤ ᠬᠦᠷᠴᠦ᠂ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠲᠦᠮᠡᠨ ᠴᠤᠪᠤᠭ᠎ᠠ ᠶᠢ ᠳᠠᠪᠠᠪᠠ︔ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ 889 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠣ ᠪᠣᠳᠠᠳᠠᠶᠢᠵᠢᠭᠤᠯᠪᠠ᠃      ︵ᠲᠠᠪᠤ︶ ᠬᠥᠭᠵᠢᠯᠲᠡ ᠶᠢᠨ ᠳᠠᠭᠠᠭᠠᠴᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠪᠥᠬᠦ ᠠᠶᠢᠮᠠᠭ ᠤᠨ ᠲᠡᠮᠦᠷ ᠵᠠᠮ ᠤᠨ ᠡᠵᠡᠩᠨᠡᠯᠲᠡ ᠶᠢᠨ ᠶᠡᠷᠦᠩᠬᠡᠶ ᠣᠷᠳᠣ 2320 ᠺᠢᠯᠣᠮᠧᠲᠷ ᠲᠤ ᠬᠦᠷᠴᠦ᠂ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ 16 ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠵᠠᠰᠠᠮᠠᠯ ᠵᠠᠮ ᠤᠨ ᠤᠷᠲᠤ ᠶᠢ 2818 ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠂ ᠣᠷᠣᠨ ᠠᠴᠠ ᠭᠠᠷᠬᠤ ᠴᠢᠬᠤᠯᠠ ᠵᠠᠮ ᠳᠤ ᠲᠦᠷᠭᠡᠨ ᠬᠤᠷᠳᠣᠴᠠᠳᠣ ᠵᠠᠰᠠᠮᠠᠯ ᠵᠠᠮ ᠨᠡᠪᠲᠡᠷᠡᠭᠦᠯᠬᠦ᠂ ᠭᠤᠤᠯᠳᠠᠯᠭ᠎ᠠ ᠲᠠᠢ ᠪᠣᠭᠤᠮᠲᠠ ᠳᠤ ᠨᠢᠭᠡᠳᠦᠭᠡᠷ ᠳᠡᠰ ᠤᠨ ᠵᠠᠰᠠᠮᠠᠯ ᠵᠠᠮ ᠨᠡᠪᠲᠡᠷᠡᠭᠦᠯᠬᠦ ᠬᠠᠷᠠᠯᠲᠠ ᠶᠢ ᠠᠩᠬ᠎ᠠ ᠠᠯᠬᠤᠮ ᠪᠡᠶᠡᠯᠡᠭᠦᠯᠪᠡ᠃ ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢᠶᠠᠨ ᠡᠮᠬᠢ ᠴᠡᠭᠴᠡ ᠲᠠᠢ ᠠᠬᠢᠭᠤᠯᠵᠤ᠂  ᠬᠦᠪᠡᠭᠡᠳᠣ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ  ᠤᠨ 21 ᠵᠤᠷᠪᠤᠰ ᠠᠭᠠᠷ ᠠᠶᠠᠯᠠᠯ ᠤᠨ ᠱᠤᠭᠤᠮ ᠢ ᠠᠰᠢᠭᠯᠠᠯᠳᠠ ᠳᠤ ᠣᠷᠣᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ ᠪᠣᠯᠤᠨ ᠠᠶᠢᠮᠠᠭ ᠤᠨ ᠳᠣᠲᠣᠷᠠᠬᠢ ᠴᠠᠬᠢᠯᠭᠠᠨ ᠲᠣᠣᠷ ᠤᠨ ᠪᠦᠲᠦᠴᠡ ᠲᠠᠰᠤᠷᠠᠯᠳᠠ ᠥᠭᠡᠢ ᠰᠢᠯᠢᠳᠡᠭᠵᠢᠵᠦ᠂ ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠵᠢᠨ‌ᠨᠥ᠋ᠬᠦᠴᠡᠯ ᠢᠯᠡᠳᠲᠡ ᠰᠠᠶᠢᠵᠢᠷᠠᠪᠠ᠃       ︵ᠵᠢᠷᠭᠤᠭ᠎ᠠ︶   ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 5.7% ᠪᠠ 9.8% ᠪᠠᠷ ᠨᠡᠮᠡᠭᠳᠡᠵᠦ᠂ ᠠᠵᠤ ᠠᠬᠤᠶ ᠶᠢᠨ ᠬᠥᠭᠵᠢᠯᠲᠡ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠤ ᠬᠡᠷᠡᠭᠯᠡᠭᠰᠡᠨ ᠪᠡᠯᠡ ᠮᠥᠩᠭᠦ ᠨᠡᠶᠢᠳᠡ 972 ᠳ᠋ᠦᠩᠰᠢᠭᠤᠷ ᠲᠥᠭᠦᠷᠢᠭ ᠲᠤ ᠬᠦᠷᠴᠦ᠂  ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ 68.4% ᠶᠢ ᠡᠵᠡᠯᠡᠪᠡ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ ᠵᠢᠯ ᠳᠤᠮᠳᠠᠴᠢ ᠪᠠᠷ 1.4 ᠲᠦᠮᠡ ᠳᠤ ᠬᠦᠷᠴᠦ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠣᠶᠣᠯ ᠲᠠᠮᠢᠷ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ ᠨᠡᠶᠢᠳᠡ 278 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ 4 ᠲᠦᠮᠡ ᠭᠠᠷᠤᠶ ᠢᠵᠢ ᠥᠭᠡᠷᠡᠴᠢᠯᠡᠨ ᠰᠢᠨᠡᠳᠬᠡᠵᠦ᠂ 1.91 ᠲᠦᠮᠡᠨ ᠢᠵᠢ ᠨᠡᠶᠢᠲᠡ ᠶᠢᠨ ᠲᠦᠷᠢᠶᠡᠰᠦᠨ ᠭᠡᠷ ᠬᠤᠪᠢᠶᠠᠷᠢᠯᠠᠵᠤ᠂ 4.9 ᠲᠦᠮᠡᠨ ᠢᠵᠢ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠦᠨᠡᠮᠯᠡᠯ ᠢ ᠰᠢᠢᠳᠪᠦᠷᠢᠯᠡᠪᠡ᠃      ︵ᠳᠣᠯᠤᠭ᠎ᠠ︶ ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠤ ᠬᠦᠷᠢᠶᠡᠨ ᠳᠤ ᠬᠤᠯᠪᠣᠭᠳᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠢᠷᠣᠮᠵᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠤᠯᠤᠰ ᠤᠨ ᠲᠠᠰ ᠤᠨ 4᠂ ᠥᠪᠡᠷᠲᠡᠭᠡᠨ ᠵᠠᠰᠠᠬᠤ ᠣᠷᠣᠨ ᠤ ᠲᠠᠰ ᠤᠨ 41᠂ 10 ᠬᠠᠮᠲᠤ ᠨᠡᠶᠢᠲᠡ᠂ 13 ᠬᠤᠪᠢ ᠬᠥᠮᠦᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠭᠥᠷᠳᠡᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢ ᠨᠢᠮᠪᠠᠢ ᠬᠠᠮᠠᠭᠠᠯᠠᠪᠠ᠃      ︵ᠨᠠᠢᠮᠠ︶ ᠣᠨᠴᠠ ᠶᠡᠭᠡ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠴᠠᠭ ᠤᠨ ᠪᠠᠶᠢᠳᠠᠯ ᠳᠤ ᠲᠣᠬᠢᠷᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠡᠷᠢᠶᠡᠨ ᠬᠤᠳᠠ᠂ ᠰᠢᠯᠢ ᠶᠢᠨ ᠬᠤᠳᠠ ᠵᠡᠷᠭᠡ ᠭᠠᠵᠠᠷ ᠤᠨ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠣ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠤᠯᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠳᠡ 276 ᠳ᠋ᠦᠩᠰᠢᠭᠤᠷ ᠲᠥᠭᠦᠷᠢᠭ ᠰᠢᠢᠳᠪᠦᠷᠢᠯᠡᠪᠡ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠳᠥᠯᠥᠵᠦ ᠳᠠᠭᠤᠰᠬᠠᠭᠰᠠᠨ ᠲᠤᠭ᠎ᠠ 70 ᠳ᠋ᠦᠩᠰᠢᠭᠤᠷ ᠲᠥᠭᠦᠷᠢᠭ ᠢ ᠳᠠᠪᠠᠵᠤ᠂ ᠲᠡᠦᠬᠡ ᠶᠢᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ︔ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 2017 ᠣᠨ ᠤ ᠡᠴᠦᠰ ᠤᠨ ᠬᠢ ᠠᠴᠠ 2.68 ᠵᠠᠭᠤᠨ ᠤ ᠨᠢᠭᠡᠴᠢ ᠪᠠᠭᠤᠷᠠᠵᠤ᠂ ᠠᠷᠠᠳ ᠤᠨ ᠲᠣᠮᠳᠠᠬᠢ ᠵᠢᠭᠡᠯᠡᠯᠭᠡ ᠶᠢᠨ ᠦᠯᠡᠳᠡᠪᠦᠷᠢ ᠲᠤᠭ᠎ᠠ 2017 ᠣᠨ ᠤ ᠡᠴᠦᠰ ᠤᠨ ᠬᠢ ᠠᠴᠠ 88.2% ᠪᠠᠭᠤᠷᠠᠪᠠ᠃ ᠠᠶᠤᠯᠭᠦᠢ ᠦᠢᠯᠡᠳᠪᠦᠷᠢᠯᠡᠯ ᠤᠨ ᠠᠳᠡᠯ ᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠠᠵᠢᠯᠯᠠᠭ᠎ᠠ ᠡᠯᠪᠡᠭ ᠦᠷ᠎ᠡ ᠪᠦᠲᠦᠭᠡᠯ ᠣᠯᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ᠃      ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ  ᠭᠡᠰᠢᠭᠦᠨ ᠤ  ᠳᠤᠷᠠᠳᠤᠯᠭ᠎ᠠ ᠶᠢ ᠭᠦᠢᠴᠡᠳᠬᠡᠨ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠵᠡᠷᠭᠡ ᠠᠵᠢᠯ ᠴᠢᠩᠭᠠᠳᠬᠠᠭᠳᠠᠵᠤ᠂ ᠡᠪ ᠬᠠᠮᠲᠤ ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠲᠦᠷᠭᠡᠨ ᠳᠠᠪᠰᠢᠯᠲᠠ ᠲᠠᠢ ᠪᠣᠯᠪᠠ᠃      ᠡᠷᠬᠢᠯᠡᠭᠴᠢ ᠨᠠᠷ᠂ ᠭᠡᠰᠢᠭᠦᠳ ᠡ︕ 2022 ᠣᠨ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ ᠨᠢᠭᠡ ᠵᠢᠯ ᠪᠣᠯᠤᠨ᠎ᠠ᠂ ᠮᠥᠨᠴᠦ ᠪᠦᠬᠦ ᠠᠶᠢᠮᠠᠭ ᠳᠠᠶᠠᠭᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠶ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ ᠢ ᠰᠦᠷᠦᠨ ᠣᠷᠣᠭᠰᠢᠯᠠᠵᠣ᠂ ᠦᠨᠡᠨᠬᠦ ᠠᠳᠬᠤᠨ ᠪᠣᠳᠠᠲᠠᠶ ᠠᠵᠢᠯᠯᠠᠨ᠂ ᠬᠢᠯᠪᠡᠷ ᠪᠤᠰᠤ ᠠᠵᠢᠯ ᠤᠨ ᠠᠮᠵᠢᠯᠲᠠ ᠪᠦᠲᠦᠮᠵᠢ ᠤᠯᠪᠠ᠃       ᠨᠢᠭᠡ ᠳᠤ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠪᠠᠶᠢᠳᠠᠯ ᠦᠷᠭᠦᠯᠵᠢᠯᠡᠨ ᠪᠠᠬᠢᠵᠢᠪᠡ᠃ ᠲᠥᠪ ᠤᠨ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠠᠨ ᠤ ᠠᠶᠢᠮᠠᠭ 38 ᠵᠤᠷᠪᠤᠰ ᠠᠵᠤ ᠠᠬᠤᠶ ᠶᠢ ᠲᠣᠭᠲᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 185 ᠵᠤᠷᠪᠤᠰ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 23 ᠵᠤᠷᠪᠤᠰ᠂ ᠰᠢᠨ᠎ᠡ ᠡᠨᠧᠷᠭᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠷᠮᠠᠰᠢᠭᠤᠯᠬᠤ 8 ᠵᠤᠷᠪᠤᠰ ᠵᠡᠷᠭᠡ ᠲᠥᠷᠥ ᠶᠢᠨ ᠪᠣᠳᠣᠯᠭ᠎ᠠ ᠶᠢᠨ ᠳᠠᠭᠠᠭᠠᠴᠢᠯᠠᠯᠲᠠ ᠶᠢ ᠢᠵᠢ ᠪᠥᠷᠢᠳᠦᠭᠦᠯᠦᠨ ᠲᠣᠭᠲᠠᠭᠠᠵᠤ᠂ ᠰᠢᠭᠤᠳ ᠰᠢᠯᠣᠭᠤᠨ᠂ ᠪᠣᠳᠠᠲᠠᠶ ᠳᠤ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠪᠠ᠃ ᠲᠥᠷᠥᠯ ᠵᠦᠢᠯ ᠤᠨ ᠪᠠᠯᠠ ᠣᠷᠣᠭᠤᠯᠤᠯᠲᠠ ᠪᠠᠨ ᠲᠣᠭᠲᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 150 ᠴᠢᠬᠤᠯᠠ ᠶᠡᠭᠡ ᠲᠥᠷᠥᠯ ᠵᠦᠢᠯ ᠢ ᠵᠢᠭᠰᠠᠭᠠᠨ ᠣᠷᠣᠭᠤᠯᠵᠤ᠂ 365 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠬᠠᠷᠠᠯᠲᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠬᠤᠳᠠᠯᠳᠤᠭᠠᠴᠢᠨ ᠤᠷᠢᠵᠤ  ᠪᠡᠯᠡ ᠣᠷᠣᠭᠤᠯᠬᠤ ᠠᠵᠢᠯ ᠢ ᠯᠠᠪᠳᠠᠭᠤᠨ ᠪᠠᠳᠣᠳᠠᠢ ᠦᠷᠨᠢᠭᠦᠯᠦᠨ᠂ 162 ᠲᠥᠷᠥᠯ ᠵᠦᠢᠯ ᠳᠤ ᠭᠡᠷ᠎ᠡ ᠲᠣᠭᠲᠠᠵᠤ᠂ 255 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ 10.5 % ᠪᠠᠷ ᠨᠡᠮᠡᠭᠳᠡᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠵᠤ᠂ ᠦᠷᠳᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠣ ᠲᠣᠯᠭᠠᠨ ᠪᠣᠴᠠᠭᠠᠬᠤ᠂ ᠭᠠᠶᠢᠯᠢ ᠬᠥᠩᠭᠡᠷᠡᠭᠦᠯᠵᠦ ᠰᠦᠢᠳᠬᠡᠯ ᠪᠠᠭᠤᠷᠠᠭᠤᠯᠬᠤ ᠵᠡᠷᠭᠡ 40 ᠳ᠋ᠦᠩᠰᠢᠭᠤᠷ ᠲᠥᠭᠦᠷᠢᠭ ᠢ ᠰᠢᠨ᠎ᠡ ᠪᠠᠷ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠠᠭ᠎ᠠ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠦᠯᠡᠳᠡᠪᠦᠷᠢ 120 ᠳ᠋ᠦᠩᠰᠢᠭᠤᠷ ᠲᠥᠭᠦᠷᠢᠭ ᠪᠠᠶᠢᠵᠣ᠂ ᠵᠢᠭᠡᠯᠡᠯᠭᠡ ᠶᠢᠨ ᠡᠬᠡ ᠮᠥᠩᠭᠦ ᠪᠠ ᠬᠦᠦ ᠮᠥᠩᠭᠦ ᠶᠢ 12.5 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠥᠯᠥᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ 4.4 ᠳ᠋ᠦᠩᠰᠢᠭᠤᠷ ᠲᠥᠭᠦᠷᠢᠭ ᠲᠦᠯᠦᠪᠡ᠃ ︽ᠲᠠᠪᠤ ᠶᠢ ᠲᠣᠶᠢᠯᠪᠣᠷᠢᠲᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠬᠡ ᠳᠠᠩᠰᠠᠨ ᠳᠤ ᠣᠷᠣᠭᠤᠯᠤᠭᠰᠠᠨ 401 ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ 100 ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠨ᠂ ᠵᠥᠪᠰᠢᠶᠡᠷᠡᠭᠡᠳ ᠪᠠᠶᠢᠭᠤᠯᠣᠭᠰᠠᠨ ᠦᠭᠡᠢ ᠪᠣᠶᠣ ᠰᠤᠯᠠ ᠪᠠᠶᠢᠭ᠎ᠠ 851.2 ᠾᠧᠺᠲ᠋ᠠᠷ ᠭᠠᠵᠠᠷ ᠰᠢᠷᠣᠶ ᠶᠢ ᠰᠢᠢᠳᠪᠦᠷᠢᠯᠡᠵᠦ᠂ 3.57 ᠳ᠋ᠦᠩᠰᠢᠭᠤᠷ ᠲᠥᠭᠦᠷᠢᠭ ᠤᠨ ᠲᠣᠨᠣᠮᠠᠯ ᠪᠡᠯᠡ ᠮᠥᠩᠭᠦ ᠶᠢ ᠲᠤᠰᠢᠶᠠᠯᠭᠠᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠂ ᠲᠥᠷᠥᠯ ᠵᠦᠢᠯ ᠪᠠ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ 13 ᠶᠢ ᠠᠮᠢᠳᠤᠯᠢᠭᠵᠢᠭᠤᠯᠪᠠ᠃ 2022 ᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3.8 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7.2 % ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 12.9 % ᠪᠠᠷ ᠨᠡᠮᠡᠭᠳᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠬᠡᠪ  ᠤᠨ ᠬᠡᠪᠴᠢᠶᠡᠨ ᠳᠤ ᠪᠠᠶᠢᠬᠤ ᠶᠢ ᠪᠠᠳᠣᠯᠠᠪᠠ᠃        ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠠᠯᠬᠤᠴᠠ ᠯᠠᠪᠳᠠᠭᠤᠨ ᠪᠠᠲᠤᠲᠠᠶ ᠠᠬᠢᠪᠠ᠃ ᠰᠢᠯᠢ ᠶᠢᠨ ᠭᠤᠤᠯ ᠬᠤᠨᠢ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠨᠢ ᠬᠦᠳᠡᠭᠡ ᠠᠵᠣ ᠠᠬᠤᠢ ᠬᠦᠳᠡᠭᠡ ᠲᠣᠰᠬᠤᠨ ᠤ ᠶᠠᠮᠣᠨ ᠤ  ︽2022 ᠣᠨ ᠤ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠦᠨ ᠭᠦᠭᠵᠢᠭᠦᠯᠦᠭᠰᠡᠨ ᠨᠡᠶᠢᠲᠡᠯᠢᠭ ᠵᠢᠱᠢᠶ᠎ᠡ︾ ᠪᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ︽ᠪᠥᠬᠦ ᠤᠯᠤᠰ ᠤᠨ ᠲᠠᠸᠠᠷ ᠤᠨ ᠲᠡᠮᠳᠡᠭ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠢᠯᠢᠳᠡᠭ ᠵᠢᠱᠢᠶ᠎ᠡ︾ ᠳᠤ ᠰᠣᠩᠭᠤᠭᠳᠠᠵᠣ᠂ 21.66 ᠲᠦᠮᠡᠨ ᠪᠡᠯᠴᠢᠭᠡᠷ ᠤᠨ ᠬᠤᠨᠢ ᠶᠢ ᠮᠥᠷᠳᠡᠨ ᠪᠠᠶᠢᠴᠠᠭᠠᠵᠤ᠂ ᠲᠥᠷᠥᠯ ᠲᠡᠮᠳᠡᠭᠲᠦ ᠶᠢᠨ ᠪᠦᠲᠦᠭᠡᠭᠳᠡᠬᠦᠨ ᠤ ᠶᠡᠷᠦᠩᠬᠡᠶ ᠥᠰᠦᠭᠰᠡᠨ ᠦᠨ᠎ᠡ ᠶᠢ 5.5% ᠠᠴᠠ ᠳᠡᠭᠡᠭᠰᠢ ᠪᠣᠯᠭᠠᠪᠠ︔ ᠬᠤᠸᠠᠰᠢ ᠦᠬᠡᠷ ᠤᠨ ᠰᠢᠨ᠎ᠡ ᠡᠭᠦᠯᠳᠡᠷ ᠢ ᠵᠢᠩᠬᠢᠨᠢ ᠪᠠᠷ ᠨᠡᠶᠢᠲᠡᠯᠡᠪᠡ︔ ᠰᠢᠯᠢ ᠶᠢᠨ ᠭᠤᠤᠯ ᠴᠠᠭᠠᠨ ᠢᠳᠡᠭᠡᠨ ᠨᠢ ᠭᠠᠵᠠᠷ ᠵᠦᠶ ᠶᠢᠨ ᠢᠯᠡᠳᠬᠡᠮᠵᠢᠳᠣ ᠲᠠᠸᠠᠷ ᠤᠨ ᠲᠡᠮᠳᠡᠭ ᠢᠶᠠᠷ ᠠᠮᠵᠢᠯᠲᠠ ᠲᠠᠢ ᠳᠠᠩᠰᠠᠯᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠦᠵᠦ ᠲᠥᠯᠥᠪᠯᠡᠭᠡ ᠶᠢ ᠪᠡᠶᠡᠯᠡᠬᠦᠯᠵᠣ᠂ ᠠᠩᠬᠠᠨ ᠤ ᠪᠦᠯᠦᠭ ᠤᠨ 17 ᠡᠵᠡᠩᠨᠡᠯᠲᠡ ᠶᠢᠨ ᠪᠡᠶᠡᠴᠢ ᠴᠣᠭᠴᠠ ᠳᠤ ᠤᠷᠢᠳᠴᠢᠯᠠᠨ ᠡᠷᠬᠡ ᠣᠯᠭᠤᠪᠠ︔ ᠠᠮᠤ ᠪᠤᠳᠠᠭᠠᠨ ᠤ ᠲᠠᠷᠢᠮᠠᠯ ᠤᠨ ᠲᠠᠯᠠᠪᠠᠶ 278 ᠲᠦᠮᠡᠨ ᠮᠦ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠶᠢᠨ 128 % ᠶᠢ ᠪᠡᠶᠡᠯᠡᠭᠦᠯᠪᠡ᠃ ᠤᠯᠤᠰ ᠤᠨ ᠠᠩᠬᠠᠳᠠᠭᠴᠢ ᠪᠦᠯᠦᠭ ᠲᠣᠮᠣ ᠬᠡᠯᠪᠡᠷᠢ ᠶᠢᠨ ᠨᠠᠷᠠ ᠰᠠᠯᠬᠢᠨ ᠬᠦᠴᠦᠨ ᠤ ᠰᠠᠭᠤᠷᠢᠨ ᠭᠠᠵᠠᠷ ᠤᠨ 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠭᠤᠴᠠᠭᠠᠨ ᠳᠤ ᠣᠷᠣᠵᠤ᠂ ᠡᠭᠦᠨ ᠳᠤ ᠱᠠᠩᠳᠤ ᠶᠢᠨ 200 ᠲᠦᠮᠡᠨ ᠺᠢᠯᠣᠸᠠᠲ ᠤᠨ ᠲᠥᠷᠥᠯ ᠵᠦᠢᠯ ᠤᠨ ᠬᠡᠰᠡᠭ ᠰᠠᠯᠬᠢᠨ ᠬᠦᠴᠦᠨ ᠤ ᠮᠠᠰᠢᠨ ᠢ ᠲᠤᠤᠷ ᠲᠤ ᠨᠡᠶᠢᠯᠡᠭᠦᠯᠵᠦ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ 1345 ᠲᠦᠮᠡᠨ ᠺᠢᠯᠣᠸᠠᠲ ᠲᠤ ᠬᠥᠷᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠳᠠᠬᠢ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ︽ᠬᠤᠣᠰ ᠪᠡᠯᠡ ᠣᠷᠣᠭᠤᠯᠤᠯᠲᠠ︾ ᠶᠢ ᠪᠡᠶᠡᠯᠡᠭᠦᠯᠵᠦ᠂ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠨᠢ ᠭᠡᠳᠡᠷᠭᠦ ᠴᠠᠬᠢᠯᠭᠠᠨ ᠬᠦᠷᠭᠡᠬᠦ ᠨᠥᠬᠦᠴᠡᠯ ᠢ ᠪᠦᠷᠢᠯᠳᠦᠭᠦᠯᠦᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ᠂ ᠵᠢᠶᠠᠩᠰᠦ ᠶᠢᠨ ᠡᠨᠧᠷᠭᠢ ᠶᠢᠨ ᠤᠯᠠᠭᠠᠢ ᠶᠢᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠵᠤ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ 1435 ᠲᠦᠮᠡᠨ ᠺᠢᠯᠣᠸᠠᠲ ᠲᠤ ᠬᠦᠷᠪᠡ︔ ᠰᠢᠨ᠎ᠡ ᠪᠠᠷ ᠨᠡᠮᠡᠭᠳᠡᠭᠰᠡᠨ ︵ᠲᠣᠬᠢᠷᠠᠭᠤᠯᠣᠨ ᠨᠡᠮᠡᠭᠳᠡᠭᠦᠯᠦᠭᠰᠡᠨ︶ ᠴᠢᠨᠠᠷ ᠰᠠᠶᠢᠲᠠᠢ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 1375 ᠲᠦᠮᠡᠨ ᠲᠣᠨ ᠨᠡᠮᠡᠭᠳᠡᠭᠦᠯᠵᠦ᠂ ᠬᠡᠰᠢᠭ ᠠᠭᠤᠯᠠ ᠨᠡᠭᠦᠷᠡᠰᠦᠨ ᠠᠭᠤᠷᠬᠠᠢ᠂ ᠬᠤᠸᠠ ᠷᠦᠨ ᠺᠣᠮᠫᠠᠨᠢ ᠶᠢᠨ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠬᠠᠮᠲᠤᠷᠠᠨ ᠲᠤᠷᠰᠢᠨ ᠠᠵᠢᠯᠯᠠᠭᠤᠯᠬᠤ ᠳᠤ ᠰᠢᠯᠵᠢᠭᠦᠯᠵᠣ᠂ ᠳ᠋ᠠ ᠠᠨ᠂ ᠴᠠᠭᠠᠨᠨᠠᠭᠤᠷ ᠨᠡᠭᠦᠷᠡᠰᠦᠨ ᠠᠭᠤᠷᠬᠠᠢ ᠶᠢᠨ ᠠᠵᠢᠯ ᠦᠢᠯᠡᠳᠪᠦᠷᠢᠯᠡᠯ ᠢ ᠰᠡᠷᠭᠦᠭᠡᠵᠦ᠂ ᠳ᠋ᠠ ᠳᠠᠩ ᠤᠨ ᠢᠯᠡᠯᠳᠠ ᠵᠡᠭᠦᠨ ᠬᠤᠶᠠᠳᠤᠭᠠᠷ ᠠᠭᠤᠷᠬᠠᠢ ᠶᠢᠨ ᠪᠠᠷᠢᠯᠭ᠎ᠠ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠡᠬᠢᠯᠡᠭᠦᠯᠵᠦ᠂ ᠯᠦ ᠰᠢᠨ ᠨᠡᠭᠦᠷᠡᠰᠦᠨ ᠠᠭᠤᠷᠬᠠᠢ ᠶᠢᠨ ᠠᠶᠣᠯᠬᠦᠢ ᠶᠢᠨ ᠲᠥᠬᠦᠭᠡᠷᠦᠮᠵᠢ ᠶᠢᠨ ᠳᠦᠰᠦᠪ ᠲᠥᠯᠥᠪᠯᠡᠭᠡ᠂ ᠠᠵᠢᠯ ᠡᠬᠢᠯᠡᠭᠦᠯᠬᠦ ᠳᠠᠩᠰᠠᠯᠠᠯ ᠵᠥᠪᠰᠢᠶᠡᠷᠡᠭᠳᠡᠪᠡ᠃ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.36 ᠳ᠋ᠦᠩᠰᠢᠭᠤᠷ ᠲᠣᠨ ᠳᠤ ᠬᠦᠷᠭᠡᠵᠦ᠂ 11 % ᠪᠠᠷ ᠨᠡᠮᠡᠭᠳᠡᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 888 ᠳ᠋ᠦᠩᠰᠢᠭᠤᠷ ᠭᠷᠠᠳᠦ᠋ᠰ ᠲᠤ ᠬᠦᠷᠭᠡᠵᠦ᠂ 15% ᠪᠠᠷ ᠨᠡᠮᠡᠭᠳᠡᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠵᠤ᠂ ᠯᠢᠶᠠᠨ ᠳ᠋ᠦᠩ ᠲᠢᠶᠠᠨ ᠢ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠪᠠ ᠬᠦᠨᠳᠦ ᠠᠴᠢᠶᠠᠨ ᠤ ᠮᠠᠰᠢᠨ ᠤ ᠯᠢᠲ᠋ᠢ ᠶᠢᠨ ᠴᠠᠬᠢᠯᠭᠠᠨ ᠴᠡᠨᠡᠭ ᠤᠨ ᠦᠢᠯᠡᠳᠪᠦᠷᠢᠯᠡᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠠᠨ ᠳ᠋ᠠ ᠯᠢᠲ᠋ᠢ ᠢᠶᠣᠨ ᠤ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠰᠢᠨ ᠮᠧᠩ ᠰᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠮᠠᠨ ᠤ ᠠᠶᠢᠮᠠᠭ ᠤᠨ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠤᠨ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠪᠡ︔ ᠬᠡᠪᠴᠢᠶᠡᠵᠢᠯ ᠠᠴᠠ ᠳᠡᠭᠡᠭᠰᠢᠬᠢ ᠰᠠᠯᠬᠢᠨ ᠬᠦᠴᠦᠨ ᠤ ᠮᠠᠰᠢᠨ ᠤ ᠲᠣᠨᠣᠭᠯᠠᠯ ᠦᠢᠯᠡᠳᠬᠦ ᠠᠵᠤ ᠠᠬᠤᠶᠢᠯᠠᠯ ᠢ 12 ᠡᠷᠦᠬᠡ ᠳᠤ ᠬᠦᠷᠦᠭᠦᠯᠵᠦ᠂ ᠰᠠᠯᠬᠢᠨ ᠬᠦᠴᠦᠨ ᠤ ᠮᠠᠰᠢᠨ ᠤ ᠵᠢᠯ ᠤᠨ ᠤᠭᠰᠠᠷᠠᠬᠤ ᠴᠢᠳᠠᠪᠤᠷᠢ ᠶᠢ 600 ᠲᠦᠮᠡᠨ ᠺᠢᠯᠣᠸᠠᠲ ᠲᠤ ᠬᠦᠷᠦᠭᠦᠯᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠵᠢᠯ ᠳᠤ 40 ᠲᠦᠮᠡᠨ ᠲᠣᠨ ᠳᠡᠭᠡᠳᠣ ᠨᠠᠷᠢᠯᠢᠭ ᠬᠥᠩᠭᠡᠨᠴᠠᠭᠠᠨ ᠬᠠᠪᠲᠠᠰᠤᠨ ᠪᠦᠰᠡ ᠦᠢᠯᠡᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ︽ᠨᠡᠭᠦᠷᠡᠰᠦ - ᠴᠠᠬᠢᠯᠭᠠᠨ - ᠬᠦᠩᠭᠡᠨᠴᠠᠭᠠᠨ - ᠬᠦᠩᠭᠡᠨᠴᠠᠭᠠᠨ ᠤ ᠰᠡᠭᠦᠯᠴᠢ ᠶᠢᠨ ᠪᠣᠯᠪᠠᠰᠤᠷᠠᠭᠤᠯᠤᠯᠲᠠ︾ ᠶᠢ ᠨᠢᠭᠡ ᠴᠤᠭᠴᠠᠵᠢᠭᠤᠯᠤᠭᠰᠠᠨ ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠪᠦᠷᠢᠯᠳᠦᠭᠦᠯᠪᠡ᠃ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 5 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠲᠤᠯᠤᠨ ᠨᠠᠭᠤᠷ᠂ ᠤᠯᠠᠭᠠᠶ ᠶᠢᠨ ᠵᠢᠦ ᠴᠢᠦᠶ ᠸᠠᠨ ᠤ ᠦᠵᠡᠮᠵᠢ ᠶᠢᠨ ᠣᠷᠣᠨ ᠢ ᠲᠠᠰ ᠳᠡᠪᠰᠢᠭᠦᠯᠵᠣ᠂ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠰᠢᠯᠢ ᠶᠢᠨ ᠭᠤᠤᠯ ᠤᠨ ᠵᠢᠭᠤᠯᠴᠢᠯᠠᠯ ᠤᠨ ᠪᠥᠬᠦ ᠰᠦᠯᠵᠢᠶ᠎ᠡ ᠪᠠᠷ ᠳᠡᠯᠭᠡᠨ ᠬᠠᠷᠠᠭᠤᠯᠣᠭᠰᠠᠨ ᠬᠡᠮᠵᠢᠶ᠎ᠡ 5 ᠳ᠋ᠦᠩᠰᠢᠭᠤᠷ ᠤᠳᠠᠭ᠎ᠠ ᠶᠢ ᠳᠠᠪᠠᠪᠠ᠃      ᠭᠤᠷᠪᠠ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃  ᠰᠢᠯᠢ ᠶᠢᠨ ᠭᠤᠣᠯ ᠠᠶᠢᠮᠠᠭ ᠨᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ ᠨᠡᠷᠡᠶᠢᠳᠦᠭᠳᠡᠵᠦ᠂ ᠤᠯᠠᠭᠠᠢ ᠬᠠᠮᠢᠶᠠᠷᠤᠯᠲᠠ ᠶᠢᠨ ᠣᠷᠣᠨ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ ᠪᠥᠬᠦ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠭᠠᠳ᠂ ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠭᠦᠯᠪᠡ᠃ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠳᠠᠭᠠᠨ ᠲᠣᠬᠢᠷᠠᠭᠤᠯᠤᠯᠲᠠ ᠬᠢᠵᠦ ᠳᠠᠭᠤᠰᠬᠠᠭᠠᠳ ᠣᠳᠣ ᠶᠠᠭ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ ᠭᠤᠶᠤᠴᠢᠯᠠᠵᠤ ᠪᠤᠶ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠢᠶᠠᠨ ᠪᠡᠶᠡᠯᠡᠭᠦᠯᠵᠦ᠂ ᠤᠯᠤᠰ ᠠᠴᠠ ᠴᠤᠬᠤᠯᠠᠪᠤᠷᠢᠯᠠᠬᠤ ᠶᠢ ᠭᠦᠯᠢᠶᠡᠵᠣ ᠪᠣᠢ᠃ 38 ᠲᠦᠮᠡᠨ ᠮᠤ᠋ ᠲᠠᠴᠢᠷᠳ᠋ᠬᠠᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ 47.5 ᠲᠦᠮᠡᠨ ᠮᠤ᠋ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ 50  ᠬᠠᠪᠳᠠᠭᠠᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ 91 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠤᠨ 2022 ᠣᠨ ᠳᠤ ᠴᠡᠭᠴᠡᠯᠡᠨ ᠰᠠᠶᠢᠵᠢᠷᠠᠭᠤᠯᠬᠤ ᠪᠠᠷ ᠲᠣᠳᠣᠷᠬᠠᠶ ᠲᠣᠭᠲᠠᠭᠠᠭᠰᠠᠨ 9 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃     ᠳᠥᠷᠪᠡ ᠳᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠰᠢᠪᠲᠤᠯᠤᠯᠲᠠ ᠲᠠᠢ ᠪᠣᠯᠪᠠ᠃  ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠤᠨ ᠲᠥᠷᠥᠯ ᠵᠦᠢᠯ  ᠢ ᠵᠢᠩᠬᠢᠨᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠰᠢᠯᠢ ᠶᠢᠨ ᠭᠤᠤᠯ ᠠᠶᠢᠮᠠᠭ ᠤᠨ ᠬᠡᠰᠡᠭ  ᠤᠨ ᠲᠥᠷᠥᠯ ᠵᠦᠢᠯ ᠤᠨ ᠢᠵᠢ ᠪᠥᠷᠢᠳᠦᠭᠦᠯᠦᠨ ᠴᠠᠬᠢᠯᠭᠠᠨ ᠬᠠᠩᠭᠠᠬᠤ ᠵᠡᠷᠭᠡ ᠲᠤᠰᠬᠠᠶ ᠢᠨᠵᠧᠨᠧᠷᠢᠩ ᠢ ᠳᠠᠭᠤᠰᠬᠠᠵᠤ᠂ ᠵᠢᠨᠢᠩ ᠠᠴᠠ ᠡᠷᠢᠶᠡᠨ ᠬᠤᠳᠠ ᠬᠦᠷᠬᠦ ᠲᠡᠮᠦᠷ ᠵᠠᠮ ᠤᠨ ᠪᠤᠩᠬᠤᠨ ᠠᠴᠠ ᠡᠷᠢᠶᠡᠨ ᠬᠤᠲᠠ ᠬᠥᠷᠬᠦ ᠬᠡᠰᠡᠭ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ︔ ᠵᠠᠰᠠᠮᠠᠯ ᠵᠠᠮ ᠤᠨ ᠲᠥᠷᠥᠯ ᠵᠦᠢᠯ ᠳᠤ 20.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ᠂ 4 ᠵᠤᠷᠪᠤᠰ ᠵᠠᠰᠠᠮᠠᠯ ᠵᠠᠮ ᠤᠨ ᠭᠤᠣᠯ ᠴᠣᠭᠴᠠ ᠶᠢ ᠨᠡᠪᠲᠡᠷᠡᠭᠦᠯᠵᠦ᠂ 4 ᠵᠤᠷᠪᠤᠰ ᠵᠠᠰᠠᠮᠠᠯ ᠵᠠᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ︔  ᠰᠢᠯᠢ ᠶᠢᠨ ᠬᠤᠳᠠ ᠨᠢᠰᠭᠡᠯ ᠤᠨ ᠪᠠᠭᠤᠳᠠᠯ ᠤᠨ ᠨᠢᠰᠦᠯᠳᠡ ᠶᠢᠨ ᠲᠣᠭᠤᠷᠢᠭ ᠤᠨ ᠵᠠᠮ ᠤᠨ ᠭᠠᠳᠠᠷᠭᠤ ᠶᠢ ᠪᠠᠬᠢᠵᠢᠬᠦᠯᠬᠦ ᠠᠵᠢᠯ ᠢ ᠳᠠᠭᠤᠰᠬᠠᠪᠠ᠃ 11 ᠵᠦᠢᠯ ᠤᠨ ᠰᠢᠨ᠎ᠡ ᠡᠨᠧᠷᠭᠢ ᠶᠢᠨ ᠢᠵᠢ ᠪᠦᠷᠢᠳᠦᠭᠦᠯᠦᠨ ᠲᠣᠣᠷ ᠲᠤ ᠵᠠᠯᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠢᠯᠠᠯᠲᠠ ᠠᠴᠠ ᠵᠠᠩᠪᠸᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠲᠥᠷᠥᠯ ᠵᠦᠢᠯ ᠨᠢ ᠬᠢᠨᠠᠨ ᠵᠥᠪᠰᠢᠶᠡᠷᠡᠯ ᠢ ᠣᠯᠪᠠ᠃ 4.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠬᠦ 13 ᠲᠥᠷᠥᠯ ᠵᠦᠢᠯ ᠢ ᠬᠡᠷᠡᠭᠵᠢᠭᠦᠯᠵᠦ᠂ ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠪᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ 96 ᠲᠥᠷᠥᠯ ᠵᠦᠢᠯ ᠢ ᠬᠡᠷᠡᠭᠵᠢᠭᠦᠯᠵᠦ᠂ 128 ᠺᠢᠯᠣᠮᠧᠲᠷ ᠭᠠᠵᠠᠷ ᠳᠣᠣᠷᠠᠬᠢ ᠬᠤᠭᠤᠯᠠᠶ ᠲᠣᠣᠷ ᠢ ᠥᠭᠡᠷᠡᠴᠢᠯᠡᠨ ᠵᠠᠰᠠᠵᠤ᠂ 117 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 600 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠤ 2.19 ᠲᠦᠮᠡᠨ ᠬᠥᠮᠦᠨ ᠤ ᠤᠰᠤ ᠣᠮᠳᠠ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠤ 845 ᠺᠢᠯᠣᠮᠧᠲᠷ ᠵᠠᠰᠠᠮᠠᠯ ᠵᠠᠮ ᠳᠡᠪᠢᠰᠴᠦ᠂ ᠪᠤᠶᠢᠳᠠ ᠪᠥᠭᠯᠡᠭᠦᠤ ᠣᠷᠣᠨ ᠤ 1947 ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠳᠡᠷᠡᠭᠦᠯᠦᠨ᠂ 3200 ᠡᠷᠦᠬᠡ ᠬᠢᠯᠢ ᠬᠢᠵᠠᠭᠠᠷ ᠤᠨ ᠮᠠᠯᠵᠢᠬᠤ ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠪᠡ᠃     ᠲᠠᠪᠤ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠡᠭᠡᠭᠡᠯᠳᠡ ᠶᠢᠨ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠬᠦᠢᠴᠡᠳᠭᠡᠬᠦ︾᠂ ᠡᠯᠧᠺᠲᠷᠣᠨ ᠦᠨᠡᠮᠯᠡᠯ ᠤᠨ ᠬᠡᠷᠡᠭᠯᠡᠯᠲᠡ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠭᠡᠷᠡᠴᠢᠯᠡᠯᠲᠡ ᠵᠡᠷᠭᠡ ᠠᠵᠢᠯ ᠢ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠭᠤᠯᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ  ᠨᠢ ᠨᠡᠶᠢᠲᠡ 29 ᠲᠦᠮᠡ ᠭᠠᠷᠤᠶ ᠬᠤᠪᠢ ᠠᠵᠢᠯ ᠤᠨ ᠬᠠᠭᠤᠳᠠᠰᠤ ᠶᠢ  ᠭᠦᠢᠴᠡᠳᠬᠡᠨ᠂ ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠪᠡᠷᠬᠡ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠪᠡ᠃ ᠪᠦᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ ᠶᠡᠭᠡ ᠬᠤᠷᠠᠯ ᠡᠷᠬᠢᠯᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠤᠰ ᠲᠤᠰ 56 %  ᠪᠠ 262 % ᠢᠶᠠᠷ ᠨᠡᠮᠡᠭᠳᠡᠭᠦᠯᠪᠡ᠃ ᠪᠥᠬᠦ ᠵᠢᠯ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1431 ᠲᠦᠮᠡᠨ ᠲᠣᠨ ᠪᠠᠶᠢᠵᠣ᠂ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ 2555 ᠴᠤᠪᠤᠭ᠎ᠠ ᠪᠣᠯᠪᠠ᠃      ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠣᠯᠠᠮ ᠳᠡᠭᠡᠭᠰᠢᠯᠡᠭᠦᠯᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 5.1%  ᠪᠠ 7.2%  ᠪᠠᠷ ᠨᠡᠮᠡᠭᠳᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ ᠤᠨ ᠪᠠᠯᠠ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢ ᠨᠡᠶᠢᠲᠡ 10.33 ᠳ᠋ᠦᠩᠰᠢᠭᠤᠷ ᠲᠥᠭᠦᠷᠢᠭ ᠣᠷᠣᠭᠤᠯᠵᠤ᠂ 577 ᠲᠥᠷᠥᠯ ᠵᠦᠢᠯ ᠢ ᠬᠡᠷᠡᠭᠵᠢᠭᠦᠯᠪᠡ᠃ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠤᠨ ᠲᠣᠮᠳᠠᠴᠢ ᠬᠤᠪᠢ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠳᠠᠪᠰᠢᠭᠰᠠᠨ ᠨᠣᠷᠮ᠎ᠠ᠂ ᠵᠢᠩᠬᠢᠨᠢ ᠠᠩᠭᠢ ᠳᠤ ᠳᠠᠪᠰᠢᠭᠰᠠᠨ ᠨᠣᠷᠮ᠎ᠠ ᠵᠡᠷᠭᠡ ᠭᠤᠷᠪᠠᠨ ᠲᠦᠷᠦᠯ ᠤᠨ  ᠬᠦᠢᠴᠡᠳᠭᠡᠯ ᠲᠤᠭ᠎ᠠ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔16 ᠬᠡᠦᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠥᠷᠭᠡᠳᠬᠡᠨ ᠪᠠᠶᠢᠭᠤᠯᠵᠤ᠂ 3240 ᠬᠡᠦᠬᠡᠳ ᠤᠨ ᠣᠷᠣ ᠶᠢ ᠰᠢᠨ᠎ᠡ ᠪᠠᠷ ᠨᠡᠮᠡᠭᠳᠡᠭᠦᠯᠪᠡ︔ 7 ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ︵ᠴᠡᠴᠡᠷᠯᠢᠭ︶ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠪᠡ᠃ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠵᠠᠰᠠᠯ ᠤᠨ ᠠᠰᠠᠷ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠬᠤᠲᠠ ᠪᠠᠯᠭᠠᠰᠣᠨ ᠤ 1.04 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ ᠤ ᠬᠢᠵᠠᠭᠠᠷᠯᠠᠭᠰᠠᠨ ᠭᠦᠢᠴᠡᠳᠬᠡᠯ ᠲᠣᠭᠠᠨ ᠠᠴᠠ 1.74 ᠵᠠᠭᠤᠨ ᠤ ᠨᠢᠭᠡᠴᠢ ᠳᠤᠤᠷ᠎ᠠ ᠪᠣᠯᠪᠠ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠪᠠᠶᠢᠭ᠎ᠠ ︽ᠦᠨᠡᠮᠯᠡᠯ ᠬᠦᠢᠴᠡᠳᠭᠡᠬᠦ ᠳᠤ ᠬᠦᠴᠢᠷᠲᠡᠶ︾ ᠠᠰᠠᠭᠤᠳᠠᠯ ᠢ ᠦᠷᠭᠦᠯᠵᠢᠯᠡᠨ ᠪᠣᠭᠤᠮᠲᠠ ᠰᠢᠪᠲᠤᠯᠤᠨ ᠰᠢᠢᠳᠪᠦᠷᠢᠯᠡᠵᠦ᠂ ᠡᠷᠦᠬᠡ ᠬᠤᠪᠢᠶᠠᠨ 1.1 ᠲᠦᠮᠡᠨ ᠢᠵᠢ ᠳᠠᠩᠰᠠᠯᠠᠭᠤᠯᠪᠠ᠃       ᠲᠤᠯᠤᠭ᠎ᠠ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠪᠠᠶᠢᠳᠠᠯ ᠢ ᠪᠦᠬᠦ ᠲᠠᠯ᠎ᠠ ᠪᠠᠷ ᠪᠠᠬᠢᠵᠢᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠡᠬᠢᠯᠡᠭᠦᠯᠵᠦ᠂ 56 ᠵᠦᠢᠯ ᠤᠨ ᠭᠤᠤᠯᠳᠠᠯᠭ᠎ᠠ ᠲᠠᠢ ᠡᠭᠦᠷᠭᠡ᠂ 200 ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠰᠢᠯᠭᠠᠷᠠᠭᠤᠯᠤᠨ ᠬᠥᠬᠢᠭᠦᠯᠬᠦ ᠶᠡᠭᠡ ᠬᠤᠷᠠᠯ ᠢ ᠡᠷᠭᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠪᠠ ᠪᠡᠭᠡᠵᠢᠩ ᠤᠨ ᠡᠪᠦᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠠᠵᠢᠯᠯᠠᠭᠠᠨ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠥᠷᠪᠡ ᠶᠢ ᠥᠯᠥ ᠡᠭᠦᠰᠭᠡᠬᠦ ︾ ᠠᠵᠢᠯ ᠤᠨ ᠬᠠᠷᠠᠯᠲᠠ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃ ᠳᠣᠲᠣᠭᠠᠳᠤ ᠶᠢ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠠᠵᠢᠯ ᠢᠶᠠᠨ ᠲᠤᠷᠰᠢᠨ ᠠᠵᠢᠯᠯᠠᠭᠤᠯᠬᠤ ᠱᠠᠲᠤᠨ ᠳᠤ ᠣᠷᠣᠭᠤᠯᠵᠣ᠂ ︽ᠲᠣᠷᠠᠨᠳᠣ ᠢᠨᠵᠧᠨᠧᠷᠢᠩ︾ ᠨᠢ ᠤᠯᠤᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠡᠷᠡᠭᠦᠤ ᠶᠢᠨ ᠬᠡᠷᠡᠭ᠂ ᠠᠮᠤᠷ ᠲᠦᠪᠰᠢᠨ ᠤ ᠪᠠᠶᠢᠳᠠᠯ ᠤᠨ ︽ᠬᠤᠤᠰ ᠪᠠᠭᠤᠷᠠᠯᠲᠠ︾ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃ ᠠᠭᠤᠷᠬᠠᠶ ᠶᠢᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ  ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠣ᠂ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠶᠢ ᠲᠣᠰᠪᠣᠷᠢ 57.8% ᠪᠠ 37.5% ᠪᠠᠷ ᠪᠠᠭᠤᠷᠠᠭᠤᠯᠪᠠ᠃      ᠡᠷᠬᠢᠯᠡᠭᠴᠢ ᠨᠠᠷ᠂ ᠭᠡᠰᠢᠭᠦᠳ ᠡ︕ ᠦᠢ ᠣᠯᠠᠨ ᠵᠥᠷᠢᠴᠡᠯ ᠳᠠᠪᠬᠤᠴᠠᠵᠤ᠂ ᠠᠶᠤᠯ ᠲᠦᠭᠰᠢᠭᠦᠷᠢ ᠥᠷᠢᠰᠥᠯᠳᠦᠭᠡᠨ ᠨᠡᠮᠡᠭᠳᠡᠵᠦ ᠪᠠᠶᠢᠭ᠎ᠠ ᠪᠠᠶᠢᠳᠠᠯ ᠳᠣᠣᠷ᠎ᠠ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠡᠷ ᠪᠣᠰᠣ ᠪᠠᠷ ᠣᠯᠤᠭᠰᠠᠨ ᠶᠣᠮ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠮᠦᠨᠴᠣ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ ᠬᠦᠴᠦᠨ ᠢᠶᠠᠷ ᠢᠶᠠᠨ ᠬᠠᠪᠰᠤᠷᠤᠯᠴᠠᠵᠤ᠂ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠵᠦᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠰᠡᠷᠭᠡᠭ ᠢᠶᠠᠷ ᠣᠯᠵᠤ ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠪᠠᠲᠤ ᠪᠢᠰᠢ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ  ᠳᠤ ᠲᠤᠯᠭᠠᠭᠤᠷᠢᠯᠠᠬᠤ ᠰᠢᠨ᠎ᠡ ᠲᠥᠷᠥᠯ ᠵᠦᠢᠯ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠴᠥᠭᠡᠨ ᠪᠠᠶᠢᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠰᠠ ᠦᠷᠭᠦᠯᠵᠢᠯᠡᠨ ᠴᠢᠩᠭᠠᠳᠬᠠᠬᠤ ᠴᠢᠬᠤᠯᠠᠲᠠᠶ︔ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠮᠦᠨᠬᠦ ᠪᠠᠭᠤᠷᠠᠶ ᠪᠠᠶᠢᠵᠤ ᠂ ᠴᠠᠬᠢᠯᠭᠠᠨ ᠲᠣᠤᠷ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠥᠷᠢ ᠥᠭᠴᠡᠭᠡ ᠨᠡᠯᠢᠶᠡᠳ ᠣᠯᠠᠨ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠨᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠠᠴᠠ ᠪᠠᠰᠠ ᠪᠠᠭ᠎ᠠ ᠪᠤᠰᠤ ᠵᠦᠷᠢᠶ᠎ᠡ ᠲᠠᠢ ᠪᠠᠶᠢᠵᠤ᠂ ᠨᠡᠶᠢᠭᠡᠮ ᠤᠨ ᠠᠵᠢᠯ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ ᠪᠠ ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠴᠢᠬᠤᠯᠠᠲᠠᠢ ᠪᠠᠶᠢᠨ᠎ᠠ᠃ ᠬᠡᠰᠡᠭ ᠬᠤᠰᠢᠭᠤ ᠰᠢᠶᠠᠨ ᠤ ᠥᠷᠢ ᠦᠭᠴᠡᠭᠡᠨ ᠤ ᠲᠦᠭᠰᠢᠭᠦᠷᠢ ᠶᠢᠨ ᠵᠡᠷᠭᠡ ᠳᠡᠰ ᠨᠡᠯᠢᠶᠡᠳ ᠥᠨᠳᠥᠷ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ᠃ ᠡᠭᠦᠨ ᠤ ᠬᠠᠮᠳᠣ᠂ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠳᠤ ᠪᠠᠰᠠ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠣᠷᠣᠨ ᠪᠠᠶᠢᠷᠢ ᠳᠠᠪᠰᠢᠬᠤ ᠪᠠᠷ ᠮᠡᠷᠡᠶᠢᠬᠦ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠬᠦᠷᠦᠯᠴᠡᠬᠦ ᠥᠬᠡᠶ ᠪᠠᠶᠢᠵᠣ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠯᠡ ᠣᠷᠣᠰᠢᠵᠣ᠂ ᠰᠤᠷᠲᠠᠯ ᠤᠨ ᠪᠠᠶᠢᠭᠤᠯᠤᠯᠲᠠ ᠶᠢ ᠮᠦᠨᠬᠦ ᠴᠢᠩᠭᠠᠳᠬᠠᠬᠤ ᠬᠡᠷᠡᠭᠲᠠᠢ ᠪᠠᠶᠢᠵᠣ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ  ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠬᠡᠬᠦ ᠮᠡᠳᠦ᠃ ᠡᠲᠡᠭᠡᠷ ᠠᠰᠠᠭᠤᠳᠠᠯ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠴᠢᠬᠤᠯᠠᠲᠠᠢ ᠶᠣᠮ᠃      ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠵᠠᠬᠢᠷᠭ᠎ᠠ ᠵᠢᠨ‌ᠠᠵᠢᠯ ᠤᠨ ᠶᠡᠷᠦᠩᠬᠡᠶ ᠪᠠᠶᠢᠷᠢᠯᠠᠭᠤᠯᠣᠯᠳᠠ      ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ᠂ ᠮᠥᠨᠴᠦ ᠮᠠᠨ ᠤ ᠠᠶᠢᠮᠠᠭ ᠤᠨ ᠰᠢᠨ᠎ᠡ ᠭᠠᠷᠤᠭ᠎ᠠ ᠳᠡᠭᠡᠷ᠎ᠡ ᠬᠥᠭᠵᠢᠯᠲᠡ ᠪᠠᠨ ᠲᠦᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠪᠳᠣᠯᠣᠯᠳᠠ ᠶᠢᠨ ᠴᠠᠭ ᠬᠤᠭᠤᠴᠠᠭ᠎ᠠ ᠪᠣᠯᠤᠨ᠎ᠠ᠃ ᠬᠤᠶᠢᠰᠢᠳᠠ ᠶᠢᠨ ᠲᠠᠪᠤᠨ ᠵᠢᠯ ᠤᠨ ᠵᠠᠬᠢᠷᠭ᠎ᠠ ᠶᠢᠨ ᠠᠵᠢᠯ ᠢ ᠰᠠᠶᠢᠲᠤᠷ ᠬᠢᠬᠦ ᠳᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠲᠤ ᠪᠥᠭᠡᠳ ᠤᠬᠠᠮᠰᠠᠷ ᠠᠴᠠ ᠪᠠᠨ ᠪᠡᠶᠡᠯᠡᠭᠦᠯᠦᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠣᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠣᠨᠣᠪᠴᠢᠲᠠᠶ᠂ ᠪᠦᠬᠦ ᠲᠠᠯ᠎ᠠ ᠪᠠᠷ ᠳᠣᠭᠤᠰᠢᠯᠠᠭᠤᠯᠵᠣ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢᠶᠠᠨ ᠲᠠᠰᠤᠷᠠᠯᠲᠠ ᠥᠬᠡᠶ  ᠪᠠᠳᠣᠳᠬᠠᠵᠣ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠵᠤ᠂ ᠣᠳᠣᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠶᠡᠷᠦᠩᠬᠡᠶ ᠬᠠᠷᠠᠯᠲᠠ ᠪᠣᠯ᠄ ᠪᠥᠬᠦ ᠠᠶᠢᠮᠠᠭ ᠤᠨ ᠭᠤᠤᠯ ᠪᠣᠯᠬᠤ ᠠᠵᠤ ᠠᠬᠤᠶ ᠶᠢᠨ  ᠬᠦᠢᠴᠡᠳᠭᠡᠯ ᠲᠣᠭᠠᠨ ᠤ ᠨᠡᠮᠡᠭᠳᠡᠯ ᠤᠨ ᠬᠡᠮᠵᠢᠶ᠎ᠡ ᠶᠢ ᠪᠥᠬᠦ ᠣᠷᠣᠨ ᠤ ᠳᠤᠮᠳᠠᠴᠢ ᠲᠦᠪᠰᠢᠨ ᠳᠤ ᠬᠦᠷᠦᠭᠦᠯᠵᠦ᠂ ᠬᠤᠲᠠ ᠬᠦᠳᠡᠭᠡᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠪᠠᠨ ᠪᠡᠶᠡᠯᠡᠬᠦᠯᠦᠨ᠂ ᠠᠵᠤ ᠠᠬᠤᠶ ᠶᠢᠨ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠪᠢᠳᠡ ᠪᠦᠬᠦ ᠲᠠᠯ᠎ᠠ ᠪᠠᠷ ᠨᠢᠭᠡᠳᠦᠯᠲᠡᠢ ᠲᠦᠯᠦᠪᠵᠢᠬᠦᠯᠦᠨ ᠠᠷᠭ᠎ᠠ ᠪᠦᠬᠦᠨ ᠢ ᠰᠦᠪᠡᠭᠴᠢᠯᠡᠵᠦ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ  ᠪᠣᠵᠠᠭᠠᠶᠢᠷᠠᠭᠤᠯᠵᠣ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠨᠠᠢᠮᠠᠨ ᠲᠠᠯ᠎ᠠ ᠪᠠᠷ ᠳᠠᠪᠠᠯᠳᠠ ᠲᠠᠢ ᠪᠣᠯᠭᠠᠬᠤ ᠶᠢ ᠭᠤᠣᠯᠳᠠᠯᠭ᠎ᠠ ᠲᠠᠢ ᠪᠡᠶᠡᠯᠡᠭᠦᠯᠦᠨ᠎ᠡ᠃      ᠨᠢᠭᠡ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠬᠢᠯᠳᠠ ᠲᠠᠢ ᠪᠣᠯᠭᠠᠨ᠎ᠠ ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠪᠠ ︽ᠭᠤᠷᠪᠠᠨ ᠣᠷᠣᠨ ᠵᠠᠢ ᠭᠤᠷᠪᠠᠨ ᠱᠤᠭᠤᠮ︾ ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃      ᠬᠤᠶᠠᠷ ᠲᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ ︽ᠬᠤᠶᠠᠷ ᠰᠠᠭᠤᠷᠢᠨ ᠭᠠᠵᠠᠷ︾ ᠢ ᠴᠢᠨᠠᠷ ᠰᠠᠶᠢᠲᠠᠶ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠠᠩᠬᠠᠨ ᠤ ᠪᠦᠲᠦᠭᠡᠭᠳᠡᠬᠦᠨ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠣᠳᠣ ᠦᠶ᠎ᠡ ᠶᠢᠨ ᠡᠨᠧᠷᠭᠢ᠂ ᠲᠣᠨᠣᠭᠯᠠᠯ ᠦᠢᠯᠡᠳᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ ᠪᠦᠲᠦᠮᠵᠢᠲᠡᠶ ᠠᠰᠢᠭᠯᠠᠬᠤ᠂ ᠪᠣᠬᠢᠷᠲᠤᠯ ᠥᠬᠡᠶ ᠮᠠᠯ  ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠵᠢᠴᠢ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶᠡᠵᠢᠯ᠂ ᠠᠵᠤ ᠦᠢᠯᠡᠰ ᠤᠨ ᠪᠦᠯᠦᠭᠵᠢᠯ ᠢ ᠭᠤᠤᠯᠳᠠᠯᠭ᠎ᠠ ᠲᠠᠢ ᠪᠣᠶ ᠪᠣᠯᠭᠠᠵᠤ᠂ ᠪᠣᠬᠢᠷᠲᠤᠯ ᠥᠬᠡᠶ ᠦᠪᠡᠷᠮᠢᠴᠡ ᠤᠨᠴᠠᠯᠢᠭᠳᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃      ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠠᠬᠤᠢ ᠪᠠᠶᠢᠳᠠᠯ ᠢ ᠪᠤᠢ ᠪᠣᠯᠭᠠᠨ᠎ᠠ᠃ᠲᠡᠷᠢᠭᠦᠨ ᠤ ᠬᠢ ᠪᠠᠷ ᠪᠠᠷᠢᠮᠵᠢᠶᠠᠯᠠᠬᠤ᠂ ᠲᠡᠷᠢᠭᠦᠨ ᠤ ᠬᠢ ᠠᠴᠠ ᠰᠤᠷᠤᠯᠴᠠᠬᠤ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠭᠡ ᠪᠠᠷ ᠭᠦᠪᠴᠢᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ  ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      ᠲᠦᠷᠪᠡ ᠳᠤ ᠭᠠᠳᠠᠭᠠᠳᠤ ᠨᠡᠭᠡᠭᠡᠯᠳᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠪᠣᠭᠤᠮᠲᠠ ᠳᠤ ᠬᠢᠵᠠᠭᠠᠷᠯᠠᠭᠳᠠᠬᠤ᠂ ᠪᠠᠷᠠᠭᠠᠨ ᠤ ᠠᠷᠠᠯᠵᠢᠶᠠᠨ ᠳᠤ ᠬᠢᠵᠠᠭᠠᠷᠯᠠᠭᠳᠠᠬᠤ᠂ ᠮᠣᠩᠭᠤᠯ ᠤᠷᠤᠰ ᠲᠤ ᠬᠢᠵᠠᠭᠠᠷᠯᠠᠭᠳᠠᠬᠤ ᠲᠣᠭᠲᠠᠮᠠᠯ ᠬᠡᠯᠪᠡᠷᠢ ᠶᠢ ᠡᠪᠳᠡᠵᠦ᠂ ᠬᠥᠭᠦᠷᠭᠡᠨ ᠪᠠᠬᠢᠯᠡᠯᠲᠡ ᠶᠢᠨ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠾᠧᠪᠸᠢ᠂ ᠪᠦᠸᠧᠬᠠᠢ ᠲᠠᠩᠭᠢᠰ ᠳᠠᠭᠠᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠪᠣᠯᠤᠨ       ︽ᠵᠡᠭᠦᠨ ᠬᠤᠶᠢᠲᠤ ᠶᠢᠨ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ︾ ᠳᠠᠭᠠᠤ ᠶᠢᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠭᠠᠳᠠᠭᠠᠳᠤ ᠲᠠᠢ ᠬᠤᠯᠪᠣᠭᠠᠯᠠᠨ ᠳᠣᠲᠣᠭᠠᠳᠤ ᠳᠠᠭᠠᠨ ᠳᠠᠳᠠᠨ ᠣᠷᠣᠭᠤᠯᠬᠤ᠂ ᠬᠢᠯᠢ ᠬᠢᠵᠠᠭᠠᠷ ᠣᠷᠣᠨ ᠳᠤ ᠨᠡᠪᠳᠡᠷᠡᠭᠦᠯᠬᠦ ᠪᠦᠬᠦ ᠲᠠᠯ᠎ᠠ ᠪᠠᠷ ᠨᠡᠭᠡᠭᠡᠯᠳᠡ ᠬᠢᠬᠦ ᠲᠠᠪᠴᠠᠩ ᠢ ᠲᠦᠷᠭᠡᠳᠬᠡᠨ ᠪᠠᠶᠢᠭᠤᠯᠤᠨ᠎ᠠ᠃      ᠲᠠᠪᠤ ᠳᠤ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠦᠯᠦᠪᠵᠢᠬᠦᠯᠬᠦ ᠲᠠᠯ᠎ᠠ ᠪᠠᠷ ᠰᠢᠨ᠎ᠡ ᠲᠦᠷᠢ ᠳᠦᠷᠬᠦ ᠲᠠᠢ ᠪᠣᠯᠭᠠᠨ᠎ᠠ᠃ ᠣᠷᠣᠨ ᠪᠦᠰᠡ ᠶᠢᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠪᠠ ᠬᠤᠳᠠ ᠬᠥᠳᠡᠭᠡ ᠶᠢ ᠨᠢᠭᠡ ᠴᠤᠬᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠬᠤᠲᠠ ᠶᠢᠨ ᠬᠥᠮᠦᠨ ᠠᠮᠠ ᠶᠢᠨ ᠲᠠᠲᠠᠬᠤ ᠬᠦᠴᠦᠨ ᠪᠠ ᠠᠵᠤ ᠠᠬᠤᠶ ᠶᠢᠨ ᠳᠠᠭᠠᠭᠠᠴᠠ ᠶᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠣᠯᠠᠨ ᠲᠥᠪ ᠢᠶᠠᠷ ᠳᠠᠶᠢᠴᠢᠯᠠᠭᠰᠠᠨ᠂ ᠣᠯᠠᠨ ᠱᠠᠳᠤ ᠳᠠᠪᠬᠤᠷᠭ᠎ᠠ ᠪᠠᠷ ᠬᠤᠯᠪᠣᠭᠠᠯᠠᠨ ᠬᠥᠳᠡᠯᠦᠯᠴᠡᠭᠰᠡᠨ᠂ ᠣᠯᠠᠨ ᠵᠠᠩᠭᠢᠯᠠᠭ᠎ᠠ ᠶᠢᠨ ᠴᠡᠭ ᠢᠶᠠᠷ ᠬᠤᠷᠰᠢᠯᠴᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠣ᠂ ︽ᠠᠶᠢᠮᠠᠭ ᠤᠨ ᠨᠤᠲᠤᠭ ᠳᠡᠪᠢᠰᠬᠡᠷ ᠤᠨ 87 % ᠶᠢ ᠡᠵᠡᠯᠡᠬᠦ ᠡᠪᠡᠰᠣᠳᠣ ᠭᠠᠵᠠᠷ ᠪᠠ ᠬᠤᠶᠠᠷ ᠶᠡᠭᠡ ᠡᠯᠡᠰᠦᠷᠭᠡᠭ ᠣᠷᠣᠨ ᠬᠤᠶᠠᠷ ᠭᠦᠭᠵᠢᠯᠳᠡ ᠶᠢᠨ ᠲᠣᠭᠤᠷᠢᠭ᠂ ᠰᠢᠯᠢ ᠶᠢᠨ ᠬᠤᠳᠠ ᠪᠠᠷ ᠭᠤᠣᠯ ᠪᠣᠯᠭᠠᠭᠰᠠᠨ ᠭᠤᠷᠪᠠᠨ ᠳᠡᠳ᠋ ᠭᠤᠷᠪᠠᠨ ᠪᠦᠰᠡ︾ ᠪᠠᠷ ᠨᠢᠷᠤᠭᠤᠪᠴᠢ ᠪᠣᠯᠭᠠᠭᠰᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠪᠠᠶᠢᠷᠢᠰᠢᠯ ᠢ   ᠪᠦᠷᠢᠯᠳᠣᠭᠦᠯᠦᠨ᠎ᠡ᠃      ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠭᠠᠷᠭᠠᠨ᠎ᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠣ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠡ ᠶᠢ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢᠨ ᠬᠠᠨᠳᠤᠯᠭᠠᠲᠤ ᠴᠢᠨᠠᠷ ᠪᠠ ᠵᠣᠬᠢᠴᠠᠯᠳᠣ ᠴᠢᠨᠠᠷ ᠢ ᠴᠢᠩᠭᠠᠳᠬᠠᠵᠤ᠂ ᠬᠤᠳᠠ ᠬᠥᠳᠡᠭᠡ ᠶᠢ ᠬᠠᠮᠤᠷᠤᠭᠰᠠᠨ᠂ ᠪᠣᠳᠠᠲᠤ ᠬᠡᠷᠡᠭ ᠨᠢ ᠠᠳᠠᠯᠢ ᠲᠡᠭᠰᠢ᠂ ᠬᠠᠷᠢᠴᠠᠩᠭᠤᠢ ᠲᠡᠩᠴᠡᠭᠦᠷᠢᠲᠡᠢ᠂ ᠵᠠᠪᠳᠤᠭᠤᠰᠢᠲᠠᠢ ᠪᠠᠶᠢᠬᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃      ᠲᠣᠯᠤᠭ᠎ᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠯ᠎ᠠ ᠪᠠᠷ ᠰᠢᠨ᠎ᠡ ᠪᠠᠶᠢᠳᠠᠯ ᠢ ᠡᠭᠦᠳᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠣᠭᠤᠷᠢᠨ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠴᠢᠨᠠᠷᠲᠠᠢ᠂ ᠬᠥᠲᠥᠯᠦᠮᠵᠢ ᠶᠢᠨ ᠴᠢᠨᠠᠷᠲᠠᠢ ᠠᠵᠢᠯ ᠢ ᠰᠠᠶᠢᠲᠤᠷ ᠠᠳᠬᠤᠬᠤ ᠪᠠᠷ ᠳᠠᠮᠵᠢᠭᠤᠯᠤᠨ᠂ ᠵᠢᠱᠢᠶᠡᠴᠢ ᠶᠢ ᠡᠯ᠎ᠡ ᠬᠦᠷᠢᠶ᠎ᠡ  ᠴᠠᠷᠠᠭ᠎ᠠ᠂ ᠡᠯ᠎ᠡ ᠲᠠᠯ᠎ᠠ ᠳᠤ ᠢᠯᠡᠷᠡᠭᠦᠯᠦᠨ᠎ᠡ᠃      ᠨᠠᠢᠮᠠ ᠳᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠭᠠᠨ᠎ᠠ᠃ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠦᠷᠭᠦᠯᠵᠢᠯᠡᠨ ᠴᠡᠭᠴᠡᠯᠡᠨ ᠵᠠᠰᠠᠵᠤ᠂ ᠠᠮᠤᠷ ᠲᠦᠪᠰᠢᠨ ᠤ ᠵᠠᠰᠠᠯᠲᠠ᠂ ᠨᠡᠶᠢᠭᠡᠮ ᠤᠨ ᠵᠠᠰᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠨᠠᠩ ᠥᠨᠳᠥᠷ ᠲᠦᠪᠰᠢᠨ ᠪᠥᠬᠦᠶ ᠠᠮᠤᠭᠤᠯᠠᠩ ᠰᠢᠯᠢ ᠶᠢᠨ ᠭᠤᠤᠯ ᠢ ᠪᠥᠲᠥᠭᠡᠨ ᠪᠠᠶᠢᠭᠤᠯᠤᠨ᠎ᠠ᠃      ᠭᠤᠷᠪᠠ᠂ 2023 ᠤᠨ ᠤ ᠠᠵᠢᠯ ᠤᠨ ᠪᠠᠶᠢᠷᠢᠯᠠᠭᠤᠯᠣᠯᠳᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ  ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ 2023 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠩ ᠰᠠᠶᠢᠨ ᠬᠢᠷᠢ ᠪᠦᠲᠦᠮᠵᠢ ᠭᠠᠷᠭᠠᠬᠤ ᠪᠠᠷ ᠴᠢᠷᠮᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠠᠴᠠ ᠳᠡᠭᠡᠭᠰᠢ ᠨᠡᠮᠡᠭᠳᠡᠭᠦᠯᠵᠦ ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ 1 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ︔ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠪᠣᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠢᠴᠡᠳᠭᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠣᠰᠣᠭᠠᠷ ᠲᠣᠬᠢᠷᠠᠭᠤᠯᠤᠨ᠎ᠠ᠃ ᠵᠢᠱᠢᠭᠰᠡᠨ ᠬᠠᠷᠠᠯᠲᠠ ᠶᠢ ᠲᠣᠭᠲᠠᠭᠠᠬᠤ ᠳᠠᠭᠠᠨ ᠭᠤᠣᠯᠳᠠᠭᠤ ᠳᠠᠯᠳᠠ ᠪᠠᠶᠢᠭ᠎ᠠ ᠠᠵᠤ ᠠᠬᠤᠶ ᠶᠢᠨ ᠨᠡᠮᠡᠭᠳᠡᠯ ᠤᠨ ᠲᠦᠪᠰᠢᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠭᠵᠢᠭᠡᠬᠦ ᠵᠡᠷᠭᠡ ᠬᠦᠴᠦᠨ ᠵᠦᠢᠯ ᠢ ᠪᠣᠳᠣᠯᠬᠢᠯᠠᠭᠰᠠᠨ ᠶᠤᠮ᠂ ᠡᠨᠡ ᠨᠢ ᠨᠠᠶᠢᠳᠠᠪᠣᠷᠢᠲᠠᠢ ᠪᠥᠭᠡᠳ ᠢᠳᠡᠪᠬᠢᠲᠡᠶ ᠪᠠᠶᠢᠵᠤ᠂ ᠰᠢᠷᠭᠠᠭᠤ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠴᠢᠬᠤᠯᠠᠲᠠᠶ ᠪᠠᠶᠢᠨ᠎ᠠ᠃ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠨᠡᠮᠡᠭᠳᠡᠯ ᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ ᠂ ᠠᠵᠤ ᠠᠬᠤᠢ ᠶᠢ ᠲᠣᠭᠲᠠᠭᠤᠨ ᠤ ᠲᠣᠮᠳᠠ ᠲᠦᠷᠭᠡᠨ ᠬᠦᠭᠵᠢᠬᠦᠯᠬᠦ᠂ ᠲᠣᠭᠲᠠᠭᠤᠨ ᠤ ᠲᠣᠮᠳᠠ ᠰᠢᠯᠢᠳᠡᠭᠵᠢᠭᠦᠯᠦᠨ ᠭᠦᠭᠵᠢᠬᠦᠯᠬᠦ ᠶᠢ ᠦᠷᠭᠦᠯᠵᠢᠯᠡᠨ ᠪᠠᠲᠤᠯᠠᠨ᠎ᠠ᠃      ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2023 ᠣᠨ ᠳᠤ ᠠᠶᠢᠮᠠᠭ ᠤᠨ ᠲᠠᠰ ᠤᠨ 168 ᠭᠤᠤᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠳᠣᠭᠢᠷᠠᠭᠤᠯᠵᠤ᠂ 370 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 13% ᠠᠴᠠ ᠳᠡᠭᠡᠭᠰᠢ ᠨᠡᠮᠡᠭᠳᠡᠭᠦᠯᠦᠨ᠎ᠡ᠃  ᠭᠠᠷᠳᠠᠮ ᠢ ︽ᠪᠦᠬᠦᠨ ᠢ ᠬᠦᠢᠴᠡᠳᠭᠡᠬᠦ ᠪᠣᠭᠤᠮᠲᠠ ᠰᠢᠪᠲᠤᠯᠬᠤ︾ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠲᠤᠬᠠᠶ ᠶᠢᠨ ᠲᠠᠯᠠᠪᠤᠷ ᠲᠤ  ᠱᠠᠯᠠᠪᠳᠠᠭᠤᠯᠣᠨ ᠰᠢᠢᠳᠪᠦᠷᠢᠯᠡᠵᠣ ᠬᠠᠪᠰᠤᠷᠤᠨ ᠬᠦᠢᠴᠡᠳᠭᠡᠬᠦ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠨ ᠬᠦᠢᠴᠡᠳᠭᠡᠬᠦ᠂ ᠲᠤᠰᠬᠠᠶ ᠠᠩᠭᠢ ᠶᠢ ᠲᠥᠪᠯᠡᠷᠡᠭᠦᠯᠦᠨ ᠬᠤᠯᠪᠣᠭᠠᠯᠠᠨ ᠬᠦᠢᠴᠡᠳᠭᠡᠬᠦ ᠵᠡᠷᠭᠡ ᠠᠵᠢᠯ ᠤᠨ ᠲᠣᠭᠲᠠᠴᠠ ᠪᠠᠷ ᠳᠠᠮᠵᠢᠭᠤᠯᠤᠨ᠂ 4 ᠳ᠋ᠣᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠭᠠᠷᠳᠠᠮ ᠢᠶᠠᠨ ᠪᠦᠬᠦᠨ ᠢ ᠪᠡᠶᠡᠯᠡᠭᠦᠯᠵᠣ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠣᠳᠣ ᠶᠢᠨ ᠪᠠᠶᠢᠭ᠎ᠠ ᠨᠥᠭᠡᠴᠡᠯᠡᠬᠦ ᠲᠥᠷᠥᠯ ᠵᠦᠢᠯ ᠤᠨ ᠪᠣᠯᠤᠮᠵᠢᠲᠤ ᠴᠢᠨᠠᠷ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠵᠡᠷᠭᠡ ᠶᠢ ᠲᠦᠷᠦᠯ ᠬᠤᠪᠢᠶᠠᠨ ᠵᠢᠭᠰᠠᠭᠠᠵᠤ᠂ ᠨᠠᠷᠢᠯᠢᠭ ᠣᠨᠣᠴᠠᠲᠠᠶ ᠪᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ ᠶᠠᠰᠤ ᠴᠢᠨᠠᠷ ᠪᠠ ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠶᠢ ᠳᠡᠭᠡᠭᠰᠢᠯᠡᠭᠦᠯᠦᠨ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠢᠯᠠᠩᠭᠤᠶ᠎ᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠣ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠰᠠᠶᠢᠲᠤᠷ  ᠪᠠᠳᠠᠷᠠᠭᠤᠯᠣᠨ᠎ᠠ᠃ ᠰᠠᠭᠤᠷᠢ ᠲᠥᠬᠦᠭᠡᠷᠦᠮᠵᠢ᠂ ᠬᠤᠳᠠ ᠶᠢᠨ ᠰᠢᠨᠡᠴᠢᠯᠡᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠤ ᠲᠣᠭᠤᠷᠢᠨ ᠳᠤ᠂  ᠳᠠᠬᠢᠨ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠭᠡᠳᠤ ᠳᠤ ᠠᠰᠢᠭᠲᠠᠢ᠂ ᠳᠤᠲᠠᠭᠤᠳᠠᠯ ᠢ ᠨᠥᠬᠦᠪᠥᠷᠢᠯᠡᠬᠦ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ᠂ ᠨᠢᠭᠡ ᠪᠦᠯᠦᠭ ᠠᠷᠪᠠᠨ ᠳ᠋ᠦᠩᠰᠢᠭᠤᠷ  ᠳᠡᠰ  ᠂ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠤᠨ ᠪᠦᠯᠦᠭᠵᠢᠯ ᠪᠠ ᠰᠠᠭᠤᠷᠢᠨ ᠭᠠᠵᠠᠷ ᠢ ᠪᠠᠶᠢᠭᠤᠯᠵᠤ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠳᠦᠭᠡᠨ ᠪᠠᠶᠢᠭᠤᠯᠬᠤ ᠦᠷᠭᠦᠯᠵᠢᠯᠡᠭᠰᠡᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠣᠨ᠎ᠠ᠃    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠡᠷᠢᠭᠦᠨ ᠵᠡᠷᠭᠡ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾ ᠢ ᠯᠠᠪᠳᠠᠭᠤᠨ ᠪᠠᠲᠤᠲᠠᠶ ᠥᠷᠨᠢᠭᠦᠯᠵᠦ᠂ ︽ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠪᠣᠬᠢᠷᠳᠣᠯ ᠦᠭᠡᠢ ᠴᠠᠬᠢᠯᠭᠠᠨ + ᠴᠢᠨᠠᠷ ᠰᠠᠶᠢᠲᠠᠶ ᠲᠡᠷᠢᠭᠦᠨ ᠤ ᠥᠨᠳᠥᠷ ᠡᠨᠧᠷᠭᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠣᠬᠢᠷᠲᠤᠯ ᠦᠭᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠣᠶᠣᠯ ᠵᠢᠭᠤᠯᠴᠢᠯᠠᠯ︾ ᠵᠡᠷᠭᠡ ᠠᠵᠤ ᠦᠢᠯᠡᠰ ᠤᠨ ᠬᠡᠯᠬᠢᠶᠡᠵᠢᠯ ᠤᠨ ᠲᠣᠭᠤᠷᠢᠨ ᠳᠤ᠂ ᠳᠡᠯᠡᠬᠡᠢ ᠶᠢᠨ 500 ᠬᠦᠴᠦᠷᠬᠡᠭ᠂ ᠤᠯᠤᠰ ᠤᠨ ᠳᠣᠲᠣᠭᠠᠳᠤ ᠶᠢᠨ 500 ᠬᠦᠴᠦᠷᠬᠡᠭ᠂ ᠠᠷᠠᠳ ᠠᠴᠠ ᠡᠵᠡᠩᠨᠡᠭᠰᠡᠨ 500 ᠬᠦᠴᠦᠷᠬᠡᠭ ᠪᠠ ︽ᠲᠣᠯᠣᠭᠠᠶᠢᠯᠠᠭᠴᠢ ᠠᠵᠤ ᠠᠬᠤᠶᠢᠯᠠᠯ  ︾᠂ ︽ᠬᠡᠯᠬᠢᠶᠡᠵᠢᠯ ᠤᠨ ᠭᠤᠤᠯ ᠠᠵᠤ ᠠᠬᠤᠶᠢᠯᠠᠯ︾᠂ ︽ ᠪᠦᠯᠦᠭᠵᠢᠯ ᠤᠨ ᠭᠤᠤᠯ ᠠᠵᠤ ᠠᠬᠤᠶᠢᠯᠠᠯ︾ ᠵᠡᠷᠭᠡ ᠬᠠᠨᠳᠤᠯᠭᠠᠲᠤ ᠠᠵᠤ ᠠᠬᠤᠶᠢᠯᠠᠯ ᠳᠤ ᠬᠠᠷᠠᠯᠳᠠ ᠲᠣᠭᠳᠠᠭᠠᠵᠣ᠂ ︽ᠲᠠᠩ ᠭᠠᠭᠴᠠ ᠲᠦᠷᠦᠯ ᠵᠦᠢᠯ᠂ ᠲᠠᠩ ᠭᠠᠭᠴᠠ ᠠᠵᠤ ᠠᠬᠤᠶᠢᠯᠠᠯ︾ ᠢ ᠣᠷᠢᠨ ᠣᠷᠣᠭᠤᠯᠬᠤ ᠠᠴᠠ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠬᠤ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ︾ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠵᠢᠯ ᠤᠨ ᠳᠣᠲᠣᠷ᠎ᠠ 4 ᠲᠠᠯᠠᠪᠤᠷ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠪᠠ 15 ᠲᠠᠯᠠᠪᠤᠷ ᠲᠤᠰᠬᠠᠶ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠭᠢᠯᠡᠬᠦ ᠪᠠᠷ ᠲᠥᠯᠥᠪᠯᠡᠵᠦ᠂ 1500 ᠠᠴᠠ ᠳᠡᠭᠡᠭᠰᠢᠬᠢ ᠠᠵᠤ ᠠᠬᠤᠶᠢᠯᠠᠯ ᠲᠠᠢ ᠵᠣᠯᠭᠠᠭᠤᠯᠤᠨ᠂ 300 ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠲᠠᠢ ᠭᠡᠷ᠎ᠡ ᠲᠣᠭᠲᠠᠵᠤ᠂ ᠤᠯᠤᠰ ᠤᠨ ᠳᠣᠲᠣᠭᠠᠳᠤ ᠶᠢᠨ ᠪᠠᠯᠠ ᠮᠥᠩᠭᠦ ᠶᠢ 290 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ︔ ᠭᠠᠳᠠᠭᠠᠳᠤ ᠪᠡᠯᠡ ᠶᠢ 4 ᠳ᠋ᠦᠩᠰᠢᠭᠤᠷ ᠲᠥᠭᠦᠷᠢᠭ ᠪᠣᠳᠠᠲᠠᠶ ᠠᠰᠢᠭᠯᠠᠬᠤ ᠪᠠᠷ ᠴᠢᠷᠮᠠᠶᠢᠨ᠎ᠠ᠃    ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠡᠳᠬᠦᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠰᠢᠢᠳᠪᠦᠷᠢᠯᠡᠬᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠵᠢᠴᠢ ᠮᠠᠨ ᠤ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠲᠣᠰ ᠱᠠᠲᠤᠨ ᠠᠴᠠ ᠠᠵᠤ ᠦᠢᠯᠡᠳᠪᠦᠷᠢ ᠶᠢᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠠᠯᠠ ᠮᠥᠩᠭᠦ 5000 ᠲᠦᠮᠡᠨ ᠲᠥᠭᠦᠷᠢᠭ᠂ ᠦᠢᠯᠡᠴᠢᠯᠡᠭᠡᠨ ᠤ ᠦᠢᠯᠡᠰ ᠢ ᠬᠥᠲᠥᠯᠦᠨ ᠵᠢᠯᠣᠭᠤᠳᠬᠤ ᠪᠠᠯᠠ ᠮᠥᠩᠭᠦ 3000 ᠲᠦᠮᠡᠨ ᠲᠥᠭᠦᠷᠢᠭ ᠵᠢᠴᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠥᠲᠥᠯᠦᠨ ᠵᠢᠯᠣᠭᠤᠳᠬᠤ ᠪᠠᠯᠠ ᠮᠥᠩᠭᠦ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠢᠯ ᠤᠨ ᠳᠣᠲᠣᠷ᠎ᠠ ᠰᠢᠨ᠎ᠡ ᠪᠠᠷ 16 ᠠᠵᠤ ᠦᠢᠯᠡᠳᠪᠦᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ 15 ᠠᠵᠤ ᠠᠬᠤᠶᠢᠯᠠᠯ ᠢ ᠬᠠᠷᠢᠶ᠎ᠠ ᠭᠠᠵᠠᠷ ᠲᠤᠨᠢ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠭᠡᠯ ᠳᠤ ᠳᠠᠩᠰᠠᠯᠠᠭᠤᠯᠬᠤ ᠶᠢ ᠦᠨᠡᠨᠬᠦ ᠪᠠᠲᠤᠯᠠᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ ᠴᠣᠭᠴᠠ ᠶᠢᠨ ᠠᠵᠤ ᠠᠬᠤᠶ ᠳᠤ ᠠᠰᠢᠭ ᠣᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠵᠤ᠂ ᠡᠨᠡ ᠵᠢᠯ ᠤᠨ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ 10% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃      ᠬᠡᠷᠡᠭᠯᠡᠭᠡᠨ ᠤ ᠪᠦᠬᠦ ᠲᠠᠯ᠎ᠠ ᠪᠠᠷ ᠬᠦᠭᠵᠢᠬᠦ ᠶᠢ ᠶᠡᠭᠡ ᠪᠠᠷ ᠠᠬᠢᠭᠤᠯᠣᠨ᠎ᠠ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠴᠢᠨᠠᠷᠯᠢᠭ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠵᠢᠵᠢᠭᠯᠡᠨ ᠪᠣᠷᠣᠯᠠᠭᠤᠯᠬᠤ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠣᠨᠴᠢᠯᠠᠭᠰᠠᠨ ᠭᠡᠷ ᠤᠨ ᠡᠳ᠋ᠯᠡᠯ ᠬᠡᠷᠡᠭᠰᠡᠯ ᠪᠠ ᠴᠠᠬᠢᠯᠭᠠᠨ ᠬᠡᠷᠡᠭᠰᠡᠯ ᠵᠡᠷᠭᠡ ᠶᠢᠨ ᠬᠡᠷᠡᠭᠯᠡᠭᠡ ᠶᠢ ᠬᠥᠭᠵᠢᠭᠡᠵᠦ᠂ ᠬᠡᠷᠡᠭᠯᠡᠭᠡᠨ ᠤ ᠳᠠᠯᠳᠠ ᠬᠦᠴᠦᠨ ᠢ ᠲᠦᠷᠭᠡᠬᠡᠨ ᠬᠦᠭᠵᠢᠭᠡᠨ᠎ᠡ᠃ ᠭᠤᠤᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠠᠳᠠᠭᠠᠳᠤ ᠣᠷᠣᠭᠤᠯᠣᠯᠳᠠ ᠶᠢᠨ ᠦᠵᠡᠰᠬᠦᠯᠡᠩ᠂ ᠬᠡᠷᠡᠭᠯᠡᠭᠡᠨ ᠤ ᠵᠦᠢᠯ ᠤᠨ ᠦᠵᠡᠰᠬᠦᠯᠡᠩ ᠵᠡᠷᠭᠡ ᠴᠢᠬᠤᠯᠠ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠤᠯᠵᠤ᠂ ᠮᠠᠨ ᠤ ᠠᠶᠢᠮᠠᠭ ᠤᠨ ︽ᠨᠠᠷᠠᠲᠤ ᠰᠢᠯᠢᠳᠡᠭ ᠣᠨᠴᠠ︾ ᠦᠢᠯᠡᠳᠬᠦᠨ ᠤ ᠪᠣᠷᠤᠯᠠᠭᠤᠯᠭ᠎ᠠ ᠰᠣᠯᠢᠯᠴᠠᠭᠠᠨ ᠤ ᠠᠷᠭ᠎ᠠ ᠵᠠᠮ ᠢ ᠥᠷᠭᠡᠳᠬᠡᠨ᠎ᠡ᠃ ᠰᠦᠯᠵᠢᠶᠡᠨ ᠣᠳᠣᠳ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠦᠷᠭᠦᠯᠵᠢᠯᠡᠨ ᠲᠡᠳᠬᠦᠵᠦ᠂ ᠣᠷᠣᠨ ᠨᠤᠲᠤᠭ ᠤᠨ ᠰᠦᠯᠵᠢᠶᠡᠨ ᠣᠳᠣᠳ ᠢ ᠭᠦᠮᠦᠵᠢᠭᠦᠯᠦᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠨ᠂ ᠪᠣᠬᠢᠷᠲᠤᠯ ᠥᠬᠡᠶ ᠦᠪᠡᠷᠮᠢᠴᠡ ᠤᠨᠴᠠᠯᠢᠭᠳᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ      ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠯᠲᠠ ᠶᠢ ᠶᠡᠬᠡᠪᠡᠷ ᠠᠬᠢᠭᠤᠯᠣᠨ᠎ᠠ᠃ ᠨᠢᠭᠡ ᠳᠤ ᠮᠢᠩᠭᠠᠨ ᠳ᠋ᠦᠩᠰᠢᠭᠤᠷ ᠲᠡᠰ ᠤᠨ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠤᠨ᠎ᠠ᠃  ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠵᠡᠷᠭᠡᠳᠡ ᠬᠦᠭᠵᠢᠬᠦᠯᠬᠦ ᠶᠢ ᠪᠠᠷᠢᠮᠲᠠᠯᠠᠵᠤ᠂ ︽ᠨᠡᠭᠦᠷᠡᠰᠦ ᠮᠠᠯᠲᠠᠨ ᠨᠡᠭᠦᠷᠡᠰᠦ ᠬᠤᠳᠠᠯᠳᠤᠬᠤ᠂ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ︾ ᠲᠥᠬᠦᠮ ᠬᠥᠭᠵᠢᠯᠲᠡ ᠶᠢᠨ ᠵᠠᠭᠪᠤᠷ ᠢ ᠲᠦᠷᠭᠡᠳᠬᠡᠨ ᠬᠤᠪᠢᠷᠠᠭᠤᠯᠵᠤ᠂ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠂  ᠬᠡᠯᠬᠢᠶᠡᠵᠢᠯ ᠢ  ᠣᠷᠳᠣᠳᠬᠠᠵᠣ᠂ ᠳᠠᠪᠠᠭᠤᠯᠢᠭ ᠢ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠤᠷᠢᠳᠠᠪᠠᠷ ᠪᠠᠶᠢᠭᠤᠯᠬᠤ︾ ︽ᠬᠤᠶᠠᠷ ᠢ ᠳᠠᠪᠠᠭᠤᠯᠬᠤ︾ ᠬᠠᠷᠠᠯᠲᠠ ᠶᠢᠨ ᠲᠣᠭᠤᠷᠢᠨ ᠳᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠦᠬᠦᠨ ᠢ ᠲᠣᠣᠷ ᠲᠤ ᠨᠡᠶᠢᠯᠡᠭᠦᠯᠬᠦ ᠶᠢ ᠠᠬᠢᠭᠤᠯᠵᠤ᠂ ᠵᠡᠭᠦᠨ ᠰᠥᠨᠢᠳ ᠤᠨ ᠮᠧᠩ ᠨᠧᠩ ᠡᠨᠧᠷᠭᠢ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠢᠨᠵᠧᠨᠧᠷᠢᠩ ᠪᠠᠶᠢᠭᠤᠯᠵᠣ᠂ ᠡᠷᠢᠶᠡᠨ ᠤ ᠪᠢᠴᠢᠯ ᠴᠠᠬᠢᠯᠭᠠᠨ ᠲᠣᠤᠷ ᠤᠨ ᠬᠠᠳᠠᠭᠠᠯᠠᠯᠲᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠠᠮᠢᠳᠣᠯᠢᠭᠵᠢᠭᠤᠯᠵᠣ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢ 1700 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ 300 ᠳ᠋ᠦᠩᠰᠢᠭᠤᠷ ᠭᠷᠠᠳᠦ᠋ᠰ ᠠᠴᠠ ᠳᠠᠪᠠᠭᠤᠯᠤᠨ᠂ ᠪᠥᠬᠦ ᠣᠷᠣᠨ ᠳᠤ ᠣᠷᠢᠳᠠᠪᠡᠷ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠣᠨ᠎ᠠ᠃ ᠡᠭᠦᠨ ᠤ ᠬᠠᠮᠲᠤ᠂ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠷᠭᠡᠬᠡᠨ ᠵᠥᠪᠰᠢᠶᠡᠷᠡᠭᠦᠯᠬᠦ ᠶᠢᠨ ᠬᠠᠮᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠪᠣᠬᠢᠷᠲᠤᠯ ᠥᠬᠡᠶ ᠴᠠᠬᠢᠯᠭᠠᠨ ᠢ ᠪᠡᠭᠡᠵᠢᠩ ᠳᠤ ᠣᠷᠣᠭᠤᠯᠬᠤ ᠂ ᠥᠪᠥᠷ ᠮᠣᠩᠭᠤᠯ ᠤᠨ ᠴᠠᠬᠢᠯᠭᠠᠨ ᠢ ᠾᠧᠨᠠᠨ ᠳᠤ ᠣᠷᠣᠭᠤᠯᠬᠤ᠂ ᠰᠥᠨᠢᠳ ᠤᠨ ᠴᠦᠯᠡᠷᠭᠡᠭ ᠲᠠᠯ᠎ᠠ ᠨᠤᠲᠤᠭ ᠵᠡᠷᠭᠡ ᠮᠢᠩᠭᠠᠨ ᠲᠦᠮᠡᠨ ᠺᠢᠯᠣᠸᠠᠲ ᠤᠨ ᠲᠠᠰ ᠤᠨ ᠪᠣᠬᠢᠷᠳᠤᠯ ᠦᠭᠡᠢ ᠴᠠᠬᠢᠯᠭᠠᠨ ᠤ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠵᠢᠷᠣᠮᠯᠠᠭᠰᠠᠨ ᠤᠷᠢᠲᠠᠯ ᠳᠣᠣᠷ᠎ᠠ᠂ ᠰᠢᠨ᠎ᠡ ᠪᠠᠷ ᠨᠡᠮᠡᠭᠳᠡᠭᠦᠯᠬᠦ  ︵ᠳᠣᠭᠢᠷᠠᠭᠤᠯᠤᠨ ᠨᠡᠮᠡᠭᠳᠡᠭᠦᠯᠬᠦ︶ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.42 ᠳ᠋ᠦᠩᠰᠢᠭᠤᠷ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠵᠢᠩ ᠨᠧᠩ ᠴᠠᠭᠠᠨᠨᠠᠭᠤᠷ ᠴᠠᠬᠢᠯᠭᠠᠨ ᠦᠢᠯᠡᠳᠪᠦᠷᠢ ᠶᠢ ᠪᠠᠶᠢᠭᠤᠯᠤᠨ ᠲᠣᠣᠷ ᠲᠤ ᠨᠡᠶᠢᠯᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ  ᠲᠠᠬᠢ ᠴᠠᠬᠢᠯᠭᠠᠨ ᠦᠢᠯᠡᠳᠪᠦᠷᠢ ᠶᠢ ᠲᠤᠬᠢᠷᠠᠭᠤᠯᠤᠨ ᠲᠤᠷᠰᠢᠬᠤ ᠨᠥᠬᠦᠴᠡᠯ ᠢ ᠪᠦᠷᠢᠯᠳᠦᠭᠦᠯᠵᠦ᠂ ᠵᠢᠶᠠᠩᠰᠦ ᠶᠢᠨ ᠡᠨᠧᠷᠭᠢ ᠶᠢᠨ ᠤᠯᠠᠭᠠᠢ ᠶᠢᠨ ᠴᠠᠬᠢᠯᠭᠠᠨ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠂ ᠵᠢᠶᠠᠩᠰᠦ ᠶᠢᠨ ᠡᠨᠧᠷᠭᠢ ᠶᠢᠨ ᠪᠠᠶᠠᠨᠬᠤᠸᠠ ᠴᠠᠬᠢᠯᠭᠠᠨ ᠦᠢᠯᠡᠳᠪᠦᠷᠢ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠴᠠᠬᠢᠯᠭᠠᠨ ᠦᠢᠯᠡᠳᠪᠦᠷᠢ ᠶᠢ ᠪᠦᠬᠦ ᠲᠠᠯ᠎ᠠ ᠪᠠᠷ ᠠᠵᠢᠯ ᠡᠬᠢᠯᠡᠭᠦᠯᠦᠨ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 1567 ᠲᠦᠮᠡᠨ ᠺᠢᠯᠣᠸᠠᠲ ᠲᠤ ᠬᠦᠷᠦᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 570 ᠳ᠋ᠦᠩᠰᠢᠭᠤᠷ ᠭᠷᠠᠳᠦ᠋ᠰ ᠲᠤ ᠬᠦᠷᠦᠭᠦᠯᠬᠦ ᠪᠠᠷ ᠴᠢᠷᠮᠠᠶᠢᠨ᠎ᠠ᠃ 400 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠢ ᠢᠵᠢ ᠪᠦᠷᠢᠳᠦᠭᠦᠯᠬᠦ ︽ᠳᠥᠷᠪᠡᠨ ᠥᠷᠲᠡᠭᠡ ᠳᠥᠷᠪᠡᠨ ᠱᠤᠭᠤᠮ ᠳᠥᠷᠪᠡᠨ ᠨᠥᠭᠡᠴᠡ︾ ᠶᠢᠨ ᠲᠥᠷᠥᠯ ᠵᠦᠢᠯ ᠪᠠ ᠤᠯᠤᠰ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠢᠯᠡᠯᠳᠠ ᠠᠴᠠ ᠵᠠᠩᠪᠸᠢ ᠳᠤ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠤ ᠱᠤᠭᠤᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠵᠢᠶᠠᠩᠰᠦ ᠶᠢᠨ ᠡᠨᠧᠷᠭᠢ ᠶᠢᠨ ᠤᠯᠠᠭᠠᠢ ᠶᠢᠨ ᠴᠠᠬᠢᠯᠭᠠᠨ ᠦᠢᠯᠡᠳᠪᠦᠷᠢ ᠪᠠ ᠪᠠᠶᠠᠨᠬᠤᠸᠠ ᠴᠠᠬᠢᠯᠭᠠᠨ ᠦᠢᠯᠡᠳᠪᠦᠷᠢ  ᠶᠢᠨ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ︔ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠣᠸᠠᠲ ᠤᠨ ᠴᠠᠬᠢᠯᠭᠠᠨ ᠬᠤᠪᠢᠰᠬᠠᠬᠤ ᠦᠷᠳᠡᠭᠡᠨ ᠤ ᠠᠵᠢᠯ ᠡᠬᠢᠯᠡᠭᠦᠯᠬᠦ ᠶᠢ ᠠᠬᠢᠭᠤᠯᠵᠤ᠂ ᠪᠤᠯᠠᠭ ᠤᠨ 500 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠪᠠᠶᠢᠭᠤᠯᠤᠨ ᠳᠠᠭᠤᠰᠬᠠᠬᠤ ᠪᠠᠨ ᠦᠨᠡᠨᠬᠦ ᠪᠠᠲᠤᠯᠠᠵᠤ᠂ ᠰᠢᠯᠢ ᠶᠢᠨ ᠭᠤᠣᠯ ᠤᠨ ᠪᠠᠷᠠᠭᠤᠨ ᠬᠡᠰᠡᠭ — ᠵᠡᠭᠦᠨ ᠰᠥᠨᠢᠳ — ᠲᠠᠯ᠎ᠠ ᠬᠦᠷᠬᠦ 500 ᠺᠢᠯᠣᠸᠠᠲ ᠤᠨ ᠬᠤᠶᠢᠲᠤ ᠬᠡᠰᠡᠭ ᠤᠨ ᠨᠡᠪᠲᠡᠷᠡᠬᠦ ᠵᠠᠮ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠠᠶᠢᠮᠠᠭ ᠤᠨ ᠳᠣᠲᠣᠷᠠᠬᠢ 500 ᠺᠢᠯᠣᠸᠠᠲ ᠤᠨ ᠴᠠᠬᠢᠯᠭᠠᠨ ᠲᠣᠤᠷ ᠤᠨ ᠰᠢᠰᠲ᠋ᠧᠮ ᠢ ᠲᠦᠷᠭᠡᠬᠡᠨ ᠪᠦᠷᠢᠯᠳᠣᠭᠦᠯᠦᠨ᠎ᠡ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠠᠭᠤᠷᠬᠠᠶ ᠶᠢᠨ ᠦᠢᠯᠡᠰ ᠤᠨ ᠡᠷᠬᠡ ᠶᠢ ᠶᠡᠬᠡᠪᠡᠷ ᠠᠮᠢᠳᠣᠯᠢᠭᠵᠢᠭᠤᠯᠵᠣ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠦᠭᠡᠢ ᠠᠶᠤᠯᠭᠦᠶ ᠪᠥᠭᠡᠳ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠬᠤᠶᠠᠷ ᠲᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶᠡᠵᠢᠯ ᠢ ᠬᠦᠴᠦᠷᠬᠡᠭᠵᠢᠭᠦᠯᠦᠨ᠎ᠡ᠃ ᠡᠬᠢ ᠪᠠᠶᠠᠯᠢᠭ ᠢᠶᠠᠷ ᠮᠡᠷᠭᠡᠵᠢᠯ ᠰᠣᠯᠢᠬᠤ᠂ ᠪᠥᠬᠦ ᠬᠡᠯᠬᠢᠶᠡᠵᠢᠯ  ᠢᠶᠠᠷ ᠳᠠᠭᠠᠭᠤᠯᠤᠭᠴᠢ ᠪᠣᠯᠭᠠᠬᠤ ᠪᠠᠷ ᠳᠠᠮᠵᠢᠭᠤᠯᠣᠨ᠂ ᠰᠠᠶ᠎ᠠ ᠸᠠᠲ ᠤᠨ ᠲᠠᠰ ᠤᠨ ᠤᠶᠤᠨᠲᠤ ᠰᠠᠯᠬᠢᠨ ᠬᠦᠴᠦᠨ ᠤ ᠮᠠᠰᠢᠨ ᠤ ᠲᠣᠮᠣ ᠤᠭᠰᠠᠷᠠᠭ᠎ᠠ ᠲᠣᠨᠤᠭ᠂ ᠭᠤᠤᠯ ᠰᠡᠯᠪᠢᠭ ᠲᠣᠨᠤᠭ ᠵᠡᠷᠭᠡ ᠥᠨᠳᠥᠷ ᠨᠡᠮᠡᠯᠲᠡ ᠥᠷᠲᠡᠭ ᠪᠥᠬᠦᠶ᠂ ᠮᠡᠷᠭᠡᠵᠢᠯ ᠨᠢᠭᠲᠠᠷᠬᠠᠰᠠᠨ ᠬᠡᠯᠪᠡᠷᠢ ᠶᠢᠨ ᠨᠦᠬᠦᠪᠦᠷᠢ ᠬᠡᠯᠬᠢᠶᠡᠵᠢᠯ ᠤᠨ ᠲᠥᠷᠥᠯ ᠵᠦᠢᠯ ᠢ ᠰᠠᠭᠤᠷᠢᠰᠢᠭᠤᠯᠣᠨ᠂ ᠰᠠᠯᠬᠢᠨ ᠬᠦᠴᠦᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠲᠠᠰ ᠳᠡᠪᠰᠢᠬᠦ ᠶᠢ ᠳᠡᠮᠵᠢᠵᠦ᠂ ᠴᠠᠬᠢᠯᠭᠠᠨ ᠭᠠᠷᠭᠠᠬᠤ ᠮᠠᠰᠢᠨ᠂ ᠠᠷᠠᠭᠠᠲᠤ ᠬᠦᠷᠳᠣᠨ ᠤ ᠬᠠᠶᠢᠷᠴᠠᠭ᠂ ᠬᠤᠯᠬᠤᠪᠴᠢ ᠵᠡᠷᠭᠡ ᠤᠭᠰᠠᠷᠠᠭ᠎ᠠ ᠲᠣᠨᠤᠭ ᠦᠢᠯᠡᠳᠬᠦ ᠲᠥᠷᠦᠯ ᠵᠦᠢᠯ ᠢ ᠣᠷᠣᠭᠤᠯᠤᠨ ᠠᠪᠴᠢᠷᠠᠵᠤ᠂ ᠪᠦᠬᠦᠯᠢ ᠮᠠᠰᠢᠨ ᠠᠴᠠ ᠵᠠᠩᠭᠢᠯᠠᠭ᠎ᠠ ᠶᠢᠨ ᠰᠡᠯᠪᠢᠭ ᠲᠣᠨᠤᠭ ᠬᠦᠷᠲᠡᠯᠡᠬᠢ ᠪᠥᠬᠦ ᠶᠠᠪᠤᠴᠠ ᠶᠢ ᠢᠵᠢ ᠪᠥᠷᠢᠳᠦᠭᠦᠯᠬᠦ ᠶᠢ ᠪᠡᠶᠡᠯᠡᠭᠦᠯᠦᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ︽ᠰᠢᠯᠢ ᠶᠢᠨ ᠭᠤᠤᠯ ᠠᠶᠢᠮᠠᠭ ᠲᠤ ᠤᠭᠰᠠᠷᠠᠵᠤ︾ ᠪᠠᠶᠢᠭᠰᠠᠨ ᠠᠴᠠ ᠨᠢ ︽ᠰᠢᠯᠢ ᠶᠢᠨ ᠭᠤᠤᠯ ᠠᠶᠢᠮᠠᠭ ᠲᠤ ᠦᠢᠯᠡᠳᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢ ᠢᠯᠴᠢ ᠶᠢᠨ ᠴᠠᠬᠢᠯᠭᠠᠨ ᠤ ᠰᠠᠭᠤᠷᠢᠨ ᠭᠠᠵᠠᠷ ᠤᠨ ᠢᠵᠢ ᠪᠥᠷᠢᠳᠦᠭᠰᠡᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠨᠢᠭᠡ ᠪᠦᠯᠦᠭ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ᠂ ᠯᠢᠲ᠋ᠢ ᠢᠶᠣᠨ ᠤ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠠᠴᠠ ᠭᠠᠵᠠᠷ ᠤᠨ ᠭᠠᠳᠠᠷᠭᠤ ᠶᠢᠨ ᠡᠨᠧᠷᠭᠢ ᠬᠠᠳᠠᠭᠠᠯᠠᠬᠤ ᠥᠷᠲᠡᠭᠡ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶᠡᠵᠢᠭᠰᠡᠨ ᠡᠨᠧᠷᠭᠢ ᠬᠠᠳᠠᠭᠠᠯᠠᠬᠤ ᠠᠵᠤ ᠦᠢᠯᠡᠰ ᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠠᠯᠤᠰ ᠡᠵᠡᠮᠰᠢᠯᠲᠦ ᠤᠶᠤᠨᠲᠤ ᠲᠣᠬᠢᠷᠠᠭᠤᠯᠬᠤ ᠲᠠᠪᠴᠠᠩ ᠪᠠ ᠠᠵᠢᠯᠯᠠᠭᠤᠯᠵᠤ ᠬᠠᠮᠠᠭᠠᠯᠠᠬᠤ ᠲᠥᠪ ︵ᠶᠡᠷᠦᠩᠬᠡᠢ ᠬᠡᠯᠲᠡᠰ︶ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠵᠢᠯᠯᠠᠭᠤᠯᠵᠤ ᠬᠠᠮᠠᠭᠠᠯᠠᠬᠤ ᠰᠡᠯᠪᠢᠨ ᠵᠠᠰᠠᠬᠤ᠂ ᠮᠡᠷᠭᠡᠵᠢᠯ ᠤᠨ ᠦᠢᠯᠡᠴᠢᠯᠡᠭᠡ ᠪᠠ ᠪᠣᠭᠤᠳᠠᠯᠯᠠᠵᠤ ᠲᠡᠭᠡᠭᠡᠪᠦᠷᠢᠯᠡᠬᠦ᠂ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠤ ᠦᠢᠯᠡᠰ ᠤᠨ ᠬᠡᠯᠬᠢᠶᠡᠵᠢᠯ ᠢ ᠨᠥᠬᠦᠪᠥᠷᠢᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠦᠢᠯᠡᠳᠬᠦ ᠪᠠ ᠠᠵᠢᠯᠯᠠᠭᠤᠯᠬᠤ ᠦᠢᠯᠡᠴᠢᠯᠡᠭᠡᠨ ᠤ ᠰᠠᠭᠤᠷᠢᠨ ᠢ ᠪᠠᠶᠢᠭᠤᠯᠤᠨ᠎ᠠ᠃ ᠭᠤᠷᠪᠠ ᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠯᠥᠭᠯᠡᠯ ᠤᠨ ᠬᠥᠭᠵᠢᠯᠲᠡ ᠶᠢ ᠬᠦᠴᠦᠲᠡᠢ ᠠᠬᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠤ 6 ᠲᠥᠷᠥᠯ ᠤᠨ ᠵᠠᠬ᠎ᠠ ᠲᠡᠯᠭᠡᠭᠦᠷᠴᠢᠯᠡᠭᠰᠡᠨ ᠲᠣᠤᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠥᠢᠯ ᠢ ᠤᠷᠢᠳᠠᠪᠡᠷ ᠰᠣᠩᠭᠤᠬᠤ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ  ᠦᠢᠯᠡᠰ ᠤᠨ ᠴᠠᠬᠢᠯᠭᠠᠨ ᠬᠦᠴᠦᠨ ᠤ ᠠᠷᠠᠯᠵᠢᠶ᠎ᠠ ᠶᠢ ᠥᠷᠨᠢᠭᠦᠯᠬᠦ ᠠᠰᠢᠭᠲᠠᠶ ᠴᠠᠭ ᠲᠣᠬᠢᠶᠠᠯ ᠢ ᠭᠥᠢᠴᠡᠳ ᠠᠰᠢᠭᠯᠠᠨ᠂ ᠴᠠᠬᠢᠯᠭᠠᠨ ᠰᠤᠷᠪᠤᠯᠵᠢ ᠶᠢᠨ ᠴᠡᠨᠡᠭ ᠨᠥᠭᠡᠴᠡ ᠶᠢ ᠨᠢᠭᠡ ᠴᠣᠠᠠᠴᠠᠵᠢᠭᠤᠯᠥᠠᠠᠰᠠᠨ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ ᠵᠥᠢᠯ ᠢ ᠳᠡᠯᠭᠡᠷᠡᠭᠦᠯᠵᠦ᠂ ᠨᠢᠭᠡ ᠪᠦᠯᠦᠭ ︽ᠴᠠᠬᠢᠯᠭᠠᠨ ᠤ ᠦᠨ᠎ᠡ ᠳᠤ ᠰᠡᠷᠭᠡᠭ︾ ᠪᠠᠶᠢᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠥᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ ᠪᠤᠶᠢᠵᠢᠭᠤᠯᠤᠨ᠎ᠠ᠃ ᠵᠢᠩ ᠨᠧᠩ ᠴᠠᠭᠠᠨᠨᠠᠭᠤᠷ ᠤᠨ ᠨᠠᠷᠠ ᠢᠯᠴᠢ ᠰᠠᠯᠬᠢᠨ ᠡᠨᠧᠷᠭᠢ ᠪᠠᠷ ᠤᠰᠤᠲᠥ᠋ᠷᠥᠭᠴᠢ ᠨᠥᠭᠡᠴᠡᠯᠡᠬᠦ ᠶᠢ ᠨᠢᠭᠡ ᠴᠤᠭᠴᠠᠵᠢᠭᠤᠯᠬᠤ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠲᠤᠯᠤᠨ ᠨᠤᠤᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠯᠬᠢᠨ ᠡᠨᠧᠷᠭᠢ ᠪᠠᠷ ᠤᠰᠤᠲᠥ᠋ᠷᠥᠭᠴᠢ ᠥᠢᠯᠡᠳᠬᠦ᠂ ᠳ᠋ᠠ ᠲᠠᠩ ᠤᠨ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠩ ᠨᠧᠩ ᠤᠨ ᠨᠠᠷᠠ ᠰᠠᠯᠬᠢᠨ ᠡᠨᠧᠷᠭᠢ ᠪᠠᠷ ᠤᠰᠤᠲᠥ᠋ᠷᠥᠭᠴᠢ ᠨᠥᠭᠡᠴᠡᠯᠡᠵᠥ ᠨᠣᠭᠤᠭᠠᠨ ᠰᠢᠪᠲᠦᠷ  ᠦᠢᠯᠡᠳᠬᠦ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠨᠢᠭᠡ ᠪᠦᠯᠦᠭ ᠠᠯᠮᠠᠰ ᠤᠨ ᠲᠠᠩ ᠲᠠᠯᠠᠰᠲᠤ ᠵᠢᠴᠢ ᠲᠦᠭᠦᠬᠡᠶ ᠪᠠ ᠲᠤᠰᠠᠯᠠᠬᠤ ᠮᠠᠲ᠋ᠧᠷᠢᠶᠠᠯ᠂ ᠨᠠᠷᠢᠯᠢᠭ ᠱᠦᠷᠭᠦᠯᠳᠡ ᠶᠢᠨ ᠮᠠᠲ᠋ᠧᠷᠢᠶᠠᠯ᠂ ᠱᠦᠷᠭᠦᠨ ᠵᠣᠷᠭᠤᠬᠤ ᠪᠠᠭᠠᠵᠢ ᠪᠠ ᠴᠤᠯᠤ ᠴᠡᠪᠡᠷ ᠪᠠᠯ ᠴᠢᠯᠠᠭᠤ ᠵᠡᠷᠭᠡ ᠢᠵᠢ ᠪᠥᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠮᠠᠨ ᠤ ᠤᠯᠤᠰ ᠤᠨ ᠪᠠᠷᠠᠭᠤᠨ ᠬᠡᠰᠡᠭ ᠤᠨ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠲᠤᠯᠤᠨ ᠨᠤᠤᠷ ᠤᠨ ᠬᠢᠮᠢ ᠶᠢᠨ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠢ ᠲᠣᠭᠲᠠᠭᠠᠬᠤ ᠠᠵᠢᠯ ᠢᠶᠠᠨ ᠠᠬᠢᠭᠤᠯᠵᠤ᠂ ᠳ᠋ᠠ ᠳᠠᠩ ᠤᠨ MTP ᠲᠣᠨᠣᠭᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠥ ᠳᠡᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠡᠷᠢᠬᠦᠨ ᠤ ᠦᠢᠯᠡᠳᠬᠦᠨ ᠲᠡᠰᠢ ᠨᠠᠷᠢᠯᠢᠭᠵᠢᠭᠤᠯᠣᠯᠳᠠ ᠶᠢᠨ ᠴᠢᠭᠯᠡᠯ ᠲᠡᠰᠢ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠣᠨ᠎ᠠ᠃ ᠪᠠᠶᠠᠨᠬᠤᠸᠠ ᠬᠥᠩᠭᠡᠨᠴᠠᠭᠠᠨ ᠬᠠᠪᠲᠠᠰᠤᠨ ᠪᠦᠰᠡ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠭᠥᠢᠴᠡᠳ ᠳᠠᠭᠠᠭᠠᠴᠠ ᠲᠠᠢ ᠦᠢᠯᠡᠳᠪᠦᠷᠢᠯᠡᠬᠦ ᠶᠢ ᠬᠦᠴᠦᠯᠡᠨ ᠠᠬᠢᠭᠤᠯᠵᠤ᠂ ᠨᠠᠷᠢᠯᠢᠭ ᠮᠠᠰᠢᠨ ᠮᠧᠬᠠᠨᠢᠭ ᠦᠢᠯᠡᠳᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠨ᠎ᠠ᠃ ᠲᠦᠷᠪᠡ ᠳᠤ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ ᠶᠢᠨ ᠵᠢᠱᠢᠶ᠎ᠡ ᠦᠵᠡᠭᠦᠯᠬᠦ ᠬᠡᠷᠡᠭᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠠᠭᠠᠯᠠᠯᠲᠠ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ 150 ᠠᠵᠤ ᠥᠢᠯᠡᠳᠪᠥᠷᠢ ᠶᠢᠨ ᠠᠵᠤ ᠠᠬᠤᠶᠢᠯᠠᠯ ᠤᠨ ︽ᠡᠭᠦᠯᠡᠨ ᠳᠤ ᠭᠠᠷᠬᠤ ᠲᠠᠪᠴᠠᠩ ᠳᠤ ᠭᠠᠷᠬᠤ︾ ᠢ ᠠᠬᠢᠭᠤᠯᠤᠨ᠎ᠠ ᠃ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠢ ᠲᠥᠯᠥᠪᠵᠢᠭᠦᠯᠥᠨ ᠠᠬᠢᠭᠤᠯᠵᠤ᠂ ᠤᠶᠤᠨᠲᠤ ᠡᠨᠧᠷᠭᠢ᠂ ᠤᠶᠤᠨᠲᠤ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠵᠣᠯᠭᠠᠭᠤᠯᠣᠯᠳᠠ ᠶᠢ ᠠᠯᠬᠤᠮ ᠬᠤᠪᠢᠶᠠᠨ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠤᠨᠴᠠᠯᠢᠭᠳᠤ ᠬᠡᠷᠡᠭᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃      ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢᠵᠢᠯᠲᠡ ᠶᠢᠨ ᠣᠶᠢᠯᠠᠭᠠᠭᠳᠠᠬᠤᠨ᠂ ᠬᠡᠯᠬᠢᠶᠡᠵᠢᠯ ᠤᠨ ᠬᠡᠯᠪᠡᠷᠢ ᠶᠢᠨ ᠰᠡᠳᠬᠢᠬᠦᠶ᠂ ᠲᠥᠪᠯᠡᠷᠡᠩᠭᠦᠶ ᠮᠠᠶ᠋ᠢᠭ ᠢᠶᠠᠷ ᠪᠤᠶᠢᠵᠢᠭᠤᠯᠬᠤ ᠶᠢ ᠪᠠᠷᠢᠮᠲᠠᠯᠠᠨ᠂ ᠴᠢᠨᠠᠷ ᠰᠠᠶᠢᠲᠠᠶ ᠮᠢᠬᠠᠨ ᠤ ᠦᠬᠡᠷ ᠮᠢᠬᠠᠨ ᠤ ᠬᠤᠨᠢ ᠪᠠ ᠤᠯᠠᠮᠵᠢᠯᠠᠯᠲᠤ ᠴᠠᠭᠠᠨ ᠢᠳᠡᠭᠡᠨ ᠵᠡᠷᠭᠡ ᠣᠨᠴᠠᠯᠢᠠᠠᠳᠣ ᠠᠵᠤ ᠦᠢᠯᠡᠰ ᠤᠨ ᠬᠡᠯᠬᠢᠶᠡᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠮᠠᠯ  ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠥᠢᠯᠡᠰ ᠤᠨ ᠪᠥᠯᠥᠭᠯᠡᠯ ᠢ ᠬᠦᠴᠦᠯᠡᠨ ᠴᠤᠭᠴᠠᠯᠠᠨ᠎ᠠ᠃ ᠨᠢᠭᠡ ᠳᠤ ᠨᠠᠷᠠᠲᠤ ᠲᠥᠷᠥᠯ ᠲᠡᠮᠳᠡᠭᠲᠦ ᠵᠢᠨ‌‍ᠪᠠᠶᠢᠭᠤᠯᠤᠯᠲᠠ ᠶᠢᠨ ᠪᠣᠷᠣᠯᠠᠭᠤᠯᠭ᠎ᠠ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠳᠠᠲᠠᠶᠢᠵᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠡᠷᠬᠡ ᠤᠯᠭᠤᠭᠰᠠᠨ ᠠᠵᠤ ᠠᠬᠤᠶᠢᠯᠠᠯ ᠢ ᠵᠤᠬᠢᠶᠠᠨ ᠪᠠᠶᠢᠭᠤᠯᠤᠨ 25 ᠲᠦᠮᠡᠨ ᠲᠣᠯᠣᠭᠠᠢ ᠠᠴᠠ ᠳᠡᠭᠡᠭᠰᠢᠬᠢ ᠪᠡᠯᠴᠢᠭᠡᠷ ᠤᠨ ᠬᠤᠨᠢ ᠶᠢ ᠮᠥᠷᠳᠡᠨ ᠨᠡᠬᠡᠮᠵᠢᠯᠡᠵᠥ᠂ ᠪᠥᠲᠥᠭᠡᠭᠳᠡᠭᠦᠨ ᠤ ᠦᠨ᠎ᠡ ᠶᠢ 8 % ᠠᠴᠠ ᠳᠡᠭᠡᠭᠰᠢ ᠥᠰᠬᠡᠬᠦ ᠶᠢ ᠪᠡᠶᠡᠯᠡᠭᠦᠯᠦᠨ᠎ᠡ︔ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠡᠶᠢᠲᠡᠯᠡᠬᠦ ᠬᠤᠷᠠᠯ ᠬᠤᠷᠠᠯᠳᠤᠭᠤᠯᠵᠤ᠂ ᠡᠷᠬᠡ ᠣᠯᠭᠤᠭᠰᠠᠨ ᠠᠵᠤ ᠠᠬᠤᠶᠢᠯᠠᠯ ᠪᠠ ᠵᠢᠵᠢᠭ ᠥᠢᠯᠡᠳᠬᠡᠯ ᠤᠨ ᠭᠠᠵᠠᠷ ᠢ 25 ᠠᠴᠠ ᠳᠡᠭᠡᠭᠰᠢ ᠳᠤ ᠬᠦᠷᠦᠭᠦᠯᠵᠦ᠂ ᠰᠢᠯᠢ ᠶᠢᠨ ᠭᠤᠤᠯ  ᠴᠠᠭᠠᠨ ᠢᠳᠡᠭᠡᠨ ᠤ ᠨᠠᠷᠠᠲᠤ ᠲᠡᠮᠳᠡᠭ ᠤᠨ ᠬᠤᠰᠢᠭᠤᠴᠢ ᠳᠡᠯᠭᠡᠭᠦᠷ ᠢ ᠨᠡᠭᠡᠭᠡᠨ ᠡᠵᠡᠩᠨᠡᠨ᠎ᠡ᠃ ᠬᠤᠶᠠᠷ ᠲᠤ  ᠡᠭᠦᠯᠳᠡᠷ ᠤᠨ ᠦᠢᠯᠡᠰ ᠢ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ ᠤᠯᠤᠰ ‍ᠤᠨ‌ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠣᠭᠤᠷᠢᠨ ᠳᠤ᠂ ︽ᠰᠢᠯᠢ ᠶᠢᠨ ᠭᠤᠣᠯ ᠠᠶᠢᠮᠠᠭ ᠤᠨ ᠬᠤᠸᠠᠰᠢ ᠦᠬᠡᠷ ᠤᠨ ᠠᠵᠤ ᠦᠢᠯᠡᠰ ᠤᠨ ᠳᠠᠪᠠᠭᠤᠯᠢᠭ ᠢ ᠲᠦᠷᠭᠡᠭᠡᠨ ᠪᠤᠶ ᠪᠣᠯᠭᠠᠬᠤ ᠠᠵᠢᠯ ᠤᠨ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠣ᠂ ᠮᠢᠬᠠᠨ ᠤ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠳᠠᠭᠠᠯᠠᠵᠤ ᠠᠰᠢᠭᠯᠠᠬᠤ ᠰᠢᠨ᠎ᠡ ᠶᠢ ᠡᠭᠦᠳᠬᠦ ᠲᠥᠪ ᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠸᠠᠰᠢ ᠦᠬᠡᠷ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠪᠠᠨ ᠲᠦᠷᠭᠡᠳᠬᠡᠨ᠂ ᠵᠢᠯ ᠤᠨ ᠳᠣᠲᠣᠷ᠎ᠠ ᠬᠤᠸᠠᠰᠢ ᠦᠬᠡᠷ ᠤᠨ ᠢᠴᠡᠭᠡᠯ ᠦᠷ᠎ᠡ ᠶᠢᠨ ᠬᠡᠭᠡᠯᠳᠥᠭᠦᠯᠭᠡ 10 ᠲᠥᠮᠡᠨ ᠰᠢᠷᠬᠡᠭ ᠳᠡᠯᠭᠡᠷᠡᠭᠦᠯᠦᠨ ᠬᠡᠷᠡᠭᠯᠡᠵᠦ᠂ ᠰᠢᠨ᠎ᠡ ᠪᠠᠷ ᠨᠡᠮᠡᠭᠳᠡᠭᠰᠡᠨ ᠡᠭᠦᠯᠳᠡᠷ ᠪᠤᠶᠢᠵᠢᠭᠤᠯᠬᠤ ᠰᠥᠷᠥᠭᠵᠢᠯ ᠤᠨ ᠬᠡᠪᠴᠢᠶ᠎ᠡ ᠶᠢ 3000 ᠲᠣᠯᠣᠭᠠᠶ ᠳᠤ ᠭᠦᠷᠦᠭᠦᠯᠦᠨ᠎ᠠ᠃ ︽ᠰᠢᠯᠢ ᠶᠢᠨ ᠭᠤᠤᠯ ᠠᠶᠢᠮᠠᠭ ᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶ᠎ᠡ ᠶᠢ 11 ᠲᠦᠮᠡᠨ ᠲᠣᠯᠣᠭᠠᠶ ᠳᠤ ᠬᠦᠷᠦᠭᠦᠯᠵᠦ᠂ ᠪᠥᠬᠦ ᠠᠶᠢᠮᠠᠭ ᠤᠨ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ ᠲᠣᠯᠣᠭᠠᠶ ᠶᠢ 220 ᠲᠦᠮᠡ ᠳᠤ ᠬᠦᠷᠦᠭᠦᠯᠦᠨ᠎ᠡ᠃ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠤ ᠬᠤᠨᠢᠨ ᠤ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ ᠶᠢ 3 ᠳᠤ ᠬᠦᠷᠦᠭᠦᠯᠵᠦ᠂ ᠥᠷᠭᠡᠳᠬᠡᠨ ᠦᠷᠡᠵᠢᠭᠦᠯᠬᠦ ᠲᠠᠯᠠᠪᠠᠢ ᠶᠢ 120 ᠳᠤ ᠬᠦᠷᠦᠭᠦᠯᠵᠦ᠂ ᠭᠤᠣᠯᠳᠠᠯᠭᠠᠲᠤ ᠰᠦᠷᠦᠭ ᠢ 1500 ᠳᠤ ᠬᠦᠷᠦᠭᠦᠯᠵᠦ᠂ ᠮᠠᠯᠵᠢᠯ ᠤᠨ ᠣᠨ ᠤ ᠪᠠᠶᠢᠭᠠᠯᠢᠯᠢᠭ ᠢᠶᠠᠷ ᠪᠡᠯᠴᠢᠭᠡᠷᠯᠡᠭᠦᠯᠬᠦ ᠬᠤᠨᠢᠨ ᠤ ᠲᠤᠭ᠎ᠠ ᠶᠢ 1100 ᠲᠦᠮᠡᠨ ᠲᠣᠯᠣᠭᠠᠢ ᠳᠤ ᠲᠣᠭᠲᠠᠪᠤᠷᠢᠵᠢᠭᠤᠯᠵᠤ᠂ 80 ᠲᠦᠮᠡᠨ ᠬᠤᠨᠢ ᠶᠢ ᠬᠠᠰᠢᠶᠠᠯᠠᠨ ᠪᠣᠷᠳᠣᠨ᠎ᠠ᠃ ᠮᠣᠩᠭᠤᠯ ᠠᠳᠤᠭᠤ᠂ ᠨᠤᠳᠤᠭ ᠤᠨ ᠦᠬᠡᠷ᠂ ᠰᠥᠨᠢᠳ ᠬᠤᠣᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠣᠷᠣᠨ ᠨᠤᠲᠤᠭ ᠤᠨ ᠡᠭᠦᠯᠳᠡᠷ ᠢ ᠪᠦᠬᠦᠨ ᠢ ᠤᠯᠤᠰ ᠤᠨ ᠮᠠᠯ ᠵᠢᠭᠦᠷᠲᠡᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠡᠭᠦᠯᠳᠡᠷ ᠤᠨ ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃ ᠭᠤᠷᠪᠠ ᠳᠤ ᠡᠳ᠋ᠰᠢᠭᠦᠯᠥᠨ ᠪᠣᠯᠪᠠᠰᠤᠷᠠᠭᠤᠯᠬᠤ ᠳᠠᠪᠬᠤᠷᠭ᠎ᠠ ᠶᠢ ᠲᠡᠰ ᠲᠡᠪᠰᠢᠭᠦᠯᠬᠦ ᠢᠨᠵᠧᠨᠧᠷᠢᠩ ᠬᠡᠷᠡᠭᠵᠢᠭᠦᠯᠦᠨ᠎ᠡ᠃ ᠨᠢᠭᠡ ᠪᠦᠯᠦᠭ ᠪᠠᠶᠢᠭᠤᠯᠵᠣ ᠪᠠᠶᠢᠭ᠎ᠠ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠠᠬᠤᠶᠢᠯᠠᠯ ᠢ ᠣᠷᠢᠨ ᠣᠷᠣᠭᠤᠯᠬᠤ ᠪᠠ ᠪᠤᠶᠢᠵᠢᠭᠤᠯᠬᠤ ᠶᠢ ᠴᠢᠬᠤᠯᠠᠴᠢᠯᠠᠨ᠂ ᠦᠬᠡᠷ ᠬᠤᠨᠢᠨ ᠮᠢᠬ᠎ᠠ ᠶᠢ ᠨᠠᠷᠢᠯᠢᠭ ᠭᠡᠰᠡᠭᠯᠡᠨ ᠬᠤᠪᠢᠶᠠᠬᠤ᠂ ᠣᠬᠢ ᠰᠣᠳᠣᠨ ᠪᠣᠭᠤᠳᠠᠯᠯᠠᠬᠤ ᠪᠠ ᠪᠣᠯᠭᠤᠭᠰᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠪᠦᠬᠦ ᠠᠶᠢᠮᠠᠭ ᠤᠨ ᠮᠠᠯ ᠨᠢᠳᠤᠯᠵᠤ ᠡᠳ᠋ᠰᠢᠭᠦᠯᠬᠦ ᠬᠡᠮᠵᠢᠶ᠎ᠡ ᠶᠢ 400 ᠲᠦᠮᠡᠨ ᠬᠤᠨᠢᠴᠢᠯᠠᠭᠰᠠᠨ ᠨᠢᠭᠡᠴᠡ ᠠᠴᠠ ᠳᠡᠭᠡᠭᠰᠢ ᠲᠣᠭᠲᠠᠪᠤᠷᠢᠵᠢᠭᠤᠯᠵᠤ᠂ ᠨᠠᠷᠢᠯᠢᠭ ᠡᠳ᠋ᠰᠢᠭᠦᠯᠬᠦ ᠨᠣᠷᠮ᠎ᠠ ᠶᠢ 80 % ᠳᠤ ᠬᠦᠷᠦᠭᠦᠯᠦᠨ᠎ᠡ᠃      ︽ᠬᠤᠨᠢᠨ ᠠᠷᠠᠰᠤ ᠬᠤᠨᠢᠨ ᠰᠡᠭᠦᠯ ᠢ ᠡᠳ᠋ᠰᠢᠭᠦᠯᠦᠨ ᠠᠰᠢᠭᠯᠠᠬᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠰᠠᠶᠢᠲᠤᠷ ᠨᠠᠶᠢᠳᠠᠪᠤᠷᠢᠵᠢᠭᠤᠯᠵᠤ᠂ ᠰᠢᠯᠢ ᠶᠢᠨ ᠬᠤᠲᠠ ᠶᠢᠨ ᠬᠤᠨᠢᠨ ᠠᠷᠠᠰᠤ ᠪᠠᠷ ᠴᠠᠪᠠᠤᠯᠢᠭ ᠤᠭᠤᠷᠠᠭ ᠵᠢᠴᠢ ᠲᠤᠩᠭᠠᠯᠠᠭ ᠴᠠᠪᠠᠤ ᠶᠢᠨ ᠪᠦᠲᠦᠭᠡᠭᠳᠡᠬᠦᠨ 1000 ᠲᠣᠨ ᠭᠠᠷᠭᠠᠨ ᠠᠪᠬᠤ ᠲᠥᠷᠥᠯ ᠵᠥᠢᠯ ᠤᠨ  ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠤᠨ ᠬᠤᠨᠢᠨ ᠠᠷᠠᠰᠤ ᠂ ᠬᠤᠨᠢᠨ ᠰᠡᠭᠦᠯ ᠵᠡᠷᠭᠡ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85 % ᠳᠤ ᠬᠦᠷᠦᠭᠦᠯᠦᠨ᠎ᠡ᠃ ᠴᠠᠭᠠᠨ ᠢᠳᠡᠭᠡᠨ ᠤ ᠥᠢᠯᠡᠰ ᠤᠨ ᠥᠢᠯᠡᠳᠪᠥᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠰᠢᠶᠠᠨ ᠢᠶᠠᠷ ᠠᠬᠢᠭᠤᠯᠬᠤ ᠲᠥᠷᠥᠯ ᠵᠥᠢᠯ ᠢ ᠢᠳᠡᠪᠬᠢᠲᠡᠶ ᠭᠤᠶᠤᠴᠢᠯᠠᠨ ᠮᠡᠳᠡᠭᠦᠯᠵᠦ᠂  ᠰᠢᠯᠣᠭᠤᠨ ᠬᠥᠬᠡ ᠬᠤᠰᠢᠭᠤᠨ ᠤ 6000 ᠲᠣᠯᠣᠭᠠᠶ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠤᠨ ᠰᠠᠭᠠᠯᠢ ᠶᠢᠨ ᠥᠨᠢᠶᠡᠨ  ᠤ ᠲᠤᠭ᠎ᠠ ᠶᠢ 29 ᠲᠦᠮᠡ ᠳᠤ ᠬᠦᠷᠦᠭᠦᠯᠵᠦ᠂ ᠰᠥᠨ ᠤ ᠭᠠᠷᠤᠯᠲᠠ ᠶᠢ 59 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ︔ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠠᠮᠵᠢᠵᠤ ᠂ ᠰᠢᠯᠢ ᠶᠢᠨ ᠬᠤᠲᠠ ᠶᠢᠨ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 50 ᠪᠠᠷᠢᠮᠵᠢᠶᠠᠵᠢᠭᠰᠠᠨ ᠵᠢᠵᠢᠭ ᠥᠢᠯᠡᠳᠬᠡᠯ ᠤᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠰᠦᠨᠢᠳ ᠪᠠᠷᠠᠭᠤᠨ ᠬᠤᠰᠢᠭᠤᠨ ᠤ ᠲᠡᠮᠡᠭᠡ ᠲᠡᠵᠢᠭᠡᠨ ᠦᠷᠡᠵᠢᠭᠦᠯᠬᠦ ᠵᠢᠴᠢ ᠲᠡᠮᠡᠭᠡᠨ ᠰᠦ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ  ᠵᠦᠢᠯ ᠢ ᠰᠠᠶᠢᠲᠤᠷ ᠬᠡᠷᠡᠭᠵᠢᠭᠦᠯᠦᠨ᠎ᠡ᠃  ᠲᠦᠷᠪᠡ ᠳᠤ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠢᠨᠵᠧᠨᠧᠷᠢᠩ ᠬᠡᠷᠡᠭᠵᠢᠭᠦᠯᠦᠨ᠎ᠡ᠃  ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ 2 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠲᠠᠷᠢᠮᠠᠯ ᠤᠨ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠲᠠᠳ ᠡᠮ ᠤᠨ ᠮᠠᠲ᠋ᠧᠷᠢᠶᠠᠯ᠂ ᠰᠢᠬᠢᠷᠯᠢᠭ᠂ ᠲᠥᠮᠥᠰᠥ ᠵᠡᠷᠭᠡ ᠶᠢᠨ ᠲᠠᠷᠢᠮᠠᠯ ᠤᠨ ᠲᠠᠯᠠᠪᠠᠶ ᠶᠢ ᠲᠣᠭᠲᠠᠭᠤᠨ ᠢᠶᠠᠷ ᠥᠷᠭᠡᠳᠬᠡᠨ᠎ᠡ︔  ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠬᠡᠯᠬᠢᠶᠡᠵᠢᠯ ᠢ ᠤᠷᠲᠤᠳᠬᠠᠵᠤ᠂ ᠠᠷᠢᠬᠢ᠂ ᠲᠤᠰᠤ᠂ ᠰᠢᠬᠢᠷ᠂ ᠡᠮ᠂ ᠵᠢᠮᠢᠰ ᠢᠳᠡᠰᠢᠨ ᠨᠣᠭᠤᠭ᠎ᠠ ᠵᠡᠷᠭᠡ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ︔ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠡᠪᠡᠰᠦ ᠲᠠᠷᠢᠬᠤ ᠲᠠᠯᠠᠪᠠᠶ ᠶᠢ ᠥᠷᠭᠡᠳᠬᠡᠵᠦ᠂ 4 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠨ᠎ᠠ᠃     ᠪᠥᠬᠦ ᠤᠯᠤᠰ ᠤᠨ ᠲᠠᠯ᠎ᠠ ᠨᠤᠲᠤᠭ ᠤᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠢ ᠬᠦᠴᠦᠯᠡᠨ ᠴᠣᠭᠴᠠᠯᠠᠨ᠎ᠠ᠃ ᠪᠦᠬᠦ ᠠᠶᠢᠮᠠᠭ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠪᠡ ᠵᠢᠴᠢ ᠴᠢᠬᠤᠯᠠ ᠵᠠᠩᠭᠢᠯᠠᠭ᠎ᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠲᠠᠭᠤᠰᠬᠠᠵᠤ᠂  ᠶᠤᠸᠠᠨ ᠤ ᠲᠡᠭᠡᠳᠥ ᠨᠡᠶᠢᠰᠯᠡᠯ ᠤᠨ ᠪᠠᠭᠤᠷᠢ᠂ ᠲᠤᠯᠤᠨ ᠨᠠᠭᠤᠷ᠂ ᠤᠯᠠᠭᠠᠢ ᠶᠢᠨ ᠵᠢᠤ ᠴᠢᠥᠢ ᠸᠠᠨ ᠵᠡᠷᠭᠡ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂  ᠤᠯᠤᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠰᠡᠯᠡᠭᠦᠴᠡᠨ ᠠᠮᠠᠷᠠᠬᠤ ᠣᠷᠣᠨ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠡᠭᠦᠳᠦᠨ ᠪᠠᠶᠢᠭᠤᠯᠬᠤ ᠠᠵᠢᠯ ᠢᠶᠠᠨ ᠪᠦᠬᠦ ᠲᠠᠯ᠎ᠠ ᠪᠠᠷ ᠠᠬᠢᠭᠤᠯᠤᠨ᠎ᠠ  ︔ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠰᠢᠯᠢ ᠶᠢᠨ ᠬᠤᠲᠠ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠣᠷᠣᠨ ᠂ ᠪᠠᠶᠠᠨᠰᠢᠯᠢ ᠠᠳᠤᠭᠤᠨ ᠤ ᠠᠵᠤ ᠦᠢᠯᠡᠰ ᠤᠨ ᠬᠥᠳᠡᠭᠡ ᠠᠬᠤᠢ ᠶᠢᠨ ᠶᠡᠷᠦᠩᠬᠡᠶᠢᠯᠡᠭᠰᠡᠨ ᠴᠣᠭᠴᠠ᠂ ᠲᠤᠯᠤᠨ ᠨᠣᠣᠷ ᠤᠨ ᠮᠠᠰᠢᠨ ᠲᠡᠷᠭᠡᠨ ᠤ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂  ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠭᠤᠶᠤᠴᠢᠯᠠᠨ ᠡᠷᠭᠢᠯᠡᠵᠦ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠤᠶᠤᠲᠠᠳ ᠤᠨ ᠮᠥᠰᠥᠨ ᠳᠡᠭᠡᠷᠡᠬᠢ ᠯᠤᠤᠲᠤ ᠣᠩᠭᠤᠴᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠮᠠᠰᠢᠨ ᠲᠡᠷᠭᠡᠨ ᠤ ᠨᠠᠭᠠᠳᠤᠮ᠂ ᠲᠠᠯ᠎ᠠ ᠨᠤᠲᠤᠭ ᠤᠨ ᠵᠢᠭᠤᠯᠴᠢᠯᠠᠯ ᠤᠨ ᠵᠢᠷᠤᠭᠯᠠᠨ ᠰᠡᠭᠦᠳᠡᠷᠯᠡᠬᠦ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯ ᠤᠨ ᠤᠷᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠵᠤ᠂ ᠬᠦᠴᠦᠨ ᠵᠦᠢᠯ ᠤᠨ ᠴᠢᠨᠠᠷ ᠴᠢᠨᠰᠠᠭ᠎ᠠ  ᠶᠢ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠶᠢ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠣ᠂ OTA ᠠᠵᠤ ᠠᠬᠤᠶᠢᠯᠠᠯ ᠯᠤᠭ᠎ᠠ ᠦᠷᠭᠦᠯᠵᠢᠯᠡᠨ ᠬᠠᠮᠲᠤᠷᠠᠯᠴᠠᠵᠤ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠭᠦᠨᠵᠡᠭᠡᠢ ᠠᠭᠤᠰᠤᠯᠴᠠᠭᠤᠯᠵᠤ᠂ ︽ᠥᠷᠭᠡᠨ ᠠᠭᠤᠳᠠᠮ ᠲᠠᠯ᠎ᠠ ᠨᠤᠲᠤᠭ᠂ ᠰᠢᠯᠢ ᠶᠢᠨ ᠭᠤᠤᠯ︾ ᠤᠨ ᠨᠠᠷᠠᠲᠤ ᠲᠡᠮᠳᠡᠭᠲᠦ ᠶᠢᠨ ᠠᠯᠳᠠᠷᠰᠢᠯ ᠢᠶᠠᠨ ᠤᠯᠠᠮ ᠳᠡᠭᠡᠭᠰᠢᠯᠡᠭᠦᠯᠦᠨ᠎ᠡ᠃      ︵ᠭᠤᠷᠪᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠥᠨ᠎ᠡ      ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃  ᠠᠶᠢᠮᠠᠭ᠂ ᠬᠤᠰᠢᠭᠤ ᠰᠢᠶᠠᠨ ᠬᠤᠲᠠ ︵ᠣᠷᠣᠨ︶᠂ ᠰᠤᠮᠤ ᠰᠢᠶᠠᠩ ᠪᠠᠯᠭᠠᠰᠤ ᠭᠤᠷᠪᠠᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢᠶᠠᠨ ᠪᠡᠶᠡᠯᠡᠭᠦᠯᠵᠦ᠂ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠵᠢᠴᠢ ᠨᠠᠷᠢᠨ ᠲᠥᠯᠥᠪᠵᠢᠭᠦᠯᠭᠡ ᠪᠠᠨ ᠨᠠᠶᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠲᠥᠯᠥᠪᠵᠢᠭᠦᠯᠭᠡ ᠶᠢ ᠬᠡᠷᠡᠭᠵᠢᠭᠦᠯᠬᠦ᠂ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠳᠦᠷᠢᠮ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠡᠪᠡᠰᠥᠨ ᠤ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠵᠥ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠰᠠᠶᠢᠳᠣᠷ ᠬᠡᠷᠡᠭᠵᠢᠭᠦᠯᠦᠨ᠎ᠡ᠃ ᠠᠮᠢ ᠠᠬᠤᠢ ᠶᠢᠨ ᠵᠠᠰᠠᠯᠲᠠ ᠶᠢᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠵᠢᠯ ᠤᠨ ᠳᠣᠲᠣᠷ᠎ᠠ 37 ᠲᠦᠮᠡᠨ ᠮᠤ᠋ ᠣᠢ ᠰᠢᠭᠤᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠨ᠎ᠡ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠶᠢ ᠨᠢᠭᠡ ᠴᠣᠭᠴᠠᠵᠢᠭᠤᠯᠬᠤ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠠᠮᠢ ᠠᠬᠤᠢ ᠣᠷᠴᠢᠨ ᠲᠣᠭᠤᠷᠢᠨ ᠢ ᠭᠤᠷᠪᠠᠳᠠᠬᠢ ᠡᠲᠡᠭᠡᠳ ᠠᠴᠠ ᠵᠠᠰᠠᠬᠤ ᠠᠵᠢᠯ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠪᠣᠬᠢᠷᠲᠤᠯ ᠤᠨ ᠡᠬᠢ ᠡᠭᠦᠰᠦᠯ ᠤᠨ ᠠᠵᠤ ᠠᠬᠤᠶᠢᠯᠠᠯ ᠢ ᠪᠦᠬᠦᠨ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠵᠠᠭᠪᠤᠷ ᠬᠡᠷᠡᠭᠵᠢᠭᠦᠯᠬᠦ ᠪᠠᠷ ᠴᠢᠷᠮᠠᠶᠢᠨ᠎ᠠ᠃ ᠵᠠᠳᠠᠭᠠᠶ ᠠᠭᠤᠷᠬᠠᠶ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠵᠠᠰᠠᠯᠲᠠ ᠶᠢᠨ ᠣᠨ ᠤ ᠡᠭᠦᠷᠭᠡ ᠪᠠᠨ ᠪᠡᠶᠡᠯᠡᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢᠨ ᠵᠠᠰᠠᠯᠲᠠ ᠶᠢ ᠬᠥᠳᠡᠯᠦᠩᠭᠦᠶ ᠪᠠᠷ ᠦᠭᠡᠶᠢᠰᠬᠡᠬᠦ ᠬᠠᠷᠠᠯᠲᠠ ᠶᠢ ᠪᠡᠶᠡᠯᠡᠭᠦᠯᠦᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠥᠨᠵᠡᠭᠡᠶᠢᠷᠡᠭᠦᠯᠥᠨ᠎ᠡ᠃ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠭᠤᠣᠯ ᠤᠨ ᠤᠷᠤᠰᠬᠠᠯ ᠤᠷᠤᠭᠤ ᠪᠣᠬᠢᠷᠲᠤᠯ ᠪᠤᠳᠠᠰ ᠭᠠᠳᠠᠭᠰᠢᠯᠠᠭᠤᠯᠬᠤ 14 ᠠᠮᠠ ᠶᠢ ᠵᠢᠷᠤᠮᠵᠢᠭᠤᠯᠬᠤ ᠪᠠᠶᠢᠭᠤᠯᠤᠯᠲᠠ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠤᠯᠤᠰ  ᠤᠨ ᠰᠢᠯᠭᠠᠨ ᠪᠠᠶᠢᠴᠠᠭᠠᠯᠲᠠ ᠶᠢᠨ 4 ᠣᠭᠲᠣᠯᠤᠭᠠᠰᠤ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠬᠦᠷᠦᠭᠦᠯᠬᠦ ᠶᠢ ᠪᠠᠲᠤᠯᠠᠨ᠎ᠠ᠃ 2 ᠬᠤᠲᠠ ᠶᠢᠨ ᠲᠠᠰ᠂ 15 ᠬᠤᠲᠠ ᠪᠠᠯᠭᠠᠰᠤᠨ ᠤ ᠲᠠᠰ ᠤᠨ ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠪᠠ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ  ᠢᠶᠠᠨ ᠦᠷᠭᠦᠯᠵᠢᠯᠡᠨ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ︔ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠦᠭᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ᠂ ᠪᠣᠬᠢᠷᠲᠤᠯ ᠪᠣᠳᠠᠰ ᠢ ᠪᠠᠷᠢᠮᠵᠢᠶᠠᠨ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠷᠠᠭᠤᠯᠵᠤ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢ ᠪᠥᠬᠦ ᠣᠷᠣᠨ ᠤ ᠲᠡᠷᠢᠭᠦᠨ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠤᠰᠬᠠᠢ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠠᠷᠢᠮᠵᠢᠶᠠᠵᠢᠭᠤᠯᠤᠨ ᠬᠠᠳᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠶ ᠪᠥᠬᠦᠶ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠢᠵᠢ ᠪᠥᠷᠢᠳᠦᠭᠦᠯᠦᠭᠰᠡᠨ ᠨᠤᠨᠲᠠᠭ ᠨᠡᠭᠦᠷᠡᠰᠦᠨ ᠤ ᠦᠨᠡᠰᠦ ᠶᠢ ᠢᠯᠭᠠᠨ ᠰᠢᠯᠢᠬᠦ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠠᠶᠢᠮᠠᠭ ᠤᠨ ᠱᠠᠲᠤᠨ ᠤ ᠤᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠪᠠ ᠮᠡᠳᠡᠷᠡᠭᠦᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠭᠤᠤᠯᠳᠠᠯᠭ᠎ᠠ ᠲᠠᠢ ᠬᠠᠮᠢᠶᠠᠷᠴᠤ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠨᠢᠭᠡᠴᠡ ᠪᠠ ᠠᠭᠤᠷᠬᠠᠶ ᠶᠢᠨ ᠠᠵᠤ ᠠᠬᠤᠶᠢᠯᠠᠯ᠂ ᠠᠯᠠᠵᠤ ᠨᠢᠲᠤᠯᠬᠤ ᠵᠢᠴᠢ ᠡᠳ᠋ᠰᠢᠭᠦᠯᠬᠦ ᠠᠵᠤ ᠠᠬᠤᠶᠢᠯᠠᠯ ᠳᠤ ᠴᠥᠮ ᠰᠦᠯᠵᠢᠶ᠎ᠡ ᠪᠠᠷ ᠬᠢᠨᠠᠨ ᠰᠢᠨᠵᠢᠬᠦ ᠪᠤᠶᠤ ᠬᠢᠨᠠᠨ ᠡᠵᠡᠮᠳᠡᠬᠦ ᠲᠦᠬᠦᠭᠡᠷᠦᠮᠵᠢ ᠤᠭᠰᠠᠷᠠᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠳᠤ ᠣᠷᠣᠭᠤᠯᠵᠤ᠂ ᠪᠥᠬᠦ ᠶᠠᠪᠤᠴᠠ ᠳᠤ ᠬᠢᠨᠠᠨ ᠬᠠᠮᠢᠶᠠᠷᠤᠯᠲᠠ ᠬᠢᠨ᠎ᠡ᠃ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠨᠠᠷ ᠰᠠᠶᠢᠲᠠᠶ ᠪᠡᠶᠡᠯᠡᠭᠦᠯᠵᠦ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠬᠤ ᠣᠨ ᠤ 3 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠳᠤ ᠦᠯᠡᠳᠡᠭᠰᠡᠨ 3 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠢ ᠳᠤᠨᠢ ︽ᠡᠷᠬᠢᠨ ᠬᠠᠷᠠᠬᠤ︾ ᠠᠵᠢᠯ ᠦᠷᠨᠢᠭᠦᠯᠵᠣ᠂ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠨ᠎ᠡ᠃      ᠠᠷᠪᠢᠯᠠᠨ ᠭᠠᠮᠨᠠᠵᠤ ᠡᠷᠴᠢᠮᠵᠢᠭᠦᠯᠥᠨ ᠤᠷᠴᠢᠯᠵᠢᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃  ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠶ ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶᠡᠨ ᠤ ᠬᠠᠷᠢᠮᠠᠬᠠᠶ ᠴᠢᠨᠠᠷᠲᠠᠶ ᠬᠠᠮᠢᠶᠠᠷᠤᠯᠲᠠ ᠶᠢ ᠪᠦᠲᠦᠮᠵᠢᠲᠡᠶ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠶ ᠪᠠᠲᠤᠯᠠᠵᠤ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠪᠠ ᠪᠣᠬᠢᠷᠳᠣᠯ ᠶᠡᠬᠡᠲᠡᠶ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃         ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 4000 ᠮᠣ᠋ ᠭᠠᠵᠠᠷ ᠰᠢᠷᠣᠶ᠂ ᠰᠤᠯᠠ ᠪᠠᠶᠢᠭ᠎ᠠ 500 ᠮᠣ᠋ ᠭᠠᠵᠠᠷ ᠰᠢᠷᠣᠶ ᠶᠢ ᠰᠢᠢᠳᠪᠥᠷᠢᠯᠡᠵᠤ᠂ 6 ᠲᠠᠮᠫᠤᠷᠠᠭᠰᠠᠨ ᠠᠵᠤ ᠠᠬᠤᠶᠢᠯᠠᠯ᠂ 2 ᠥᠢᠯᠡᠳᠪᠥᠷᠢᠯᠡᠯ ᠢ ᠨᠢ ᠵᠤᠭᠰᠤᠭᠠᠭᠰᠠᠨ ᠠᠵᠤ ᠠᠬᠤᠶᠢᠯᠠᠯ᠂ ︽ ᠬᠠᠭᠠᠰ ᠳᠤᠲᠠᠭᠤ ᠤᠷᠬᠢᠭᠰᠠᠨ︾ 4 ᠪᠠᠷᠢᠯᠭ᠎ᠠ ᠶᠢ ᠠᠮᠢᠳᠤᠯᠢᠭᠵᠢᠭᠤᠯᠤᠨ᠎ᠠ ᠃  ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ︽ᠡᠷᠭᠢᠨ ᠬᠠᠷᠠᠬᠤ︾ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ᠰᠢᠨ᠎ᠡ ᠪᠠᠷ ᠨᠡᠮᠡᠭᠳᠡᠭᠦᠯᠬᠦ ᠶᠢ ᠪᠥᠬᠦ ᠲᠠᠯ᠎ᠠ ᠪᠠᠷ ᠬᠤᠷᠢᠭᠯᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ 800 ᠮᠣ᠋ ᠭᠠᠵᠠᠷ ᠤᠨ ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠤᠨ ᠬᠠᠭᠤᠴᠢᠨ ᠢ ᠨᠢ ᠨᠤᠷᠠᠭᠠᠵᠤ ᠳᠠᠬᠢᠨ ᠰᠡᠷᠭᠦᠭᠡᠨ ᠠᠰᠢᠭᠯᠠᠬᠤ ᠡᠭᠦᠷᠭᠡ ᠪᠠᠨ ᠪᠡᠶᠡᠯᠡᠭᠦᠯᠵᠦ᠂ ᠪᠥᠬᠦ ᠠᠶᠢᠮᠠᠭ ᠤᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠣᠨ᠎ᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠵᠦ᠂ 16 ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠵᠣ᠂ 6 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠨ᠎ᠠ︔ 8 ᠠᠵᠤ ᠠᠬᠤᠶᠢᠯᠠᠯ ᠳᠤ ᠤᠰᠤ ᠠᠷᠪᠢᠯᠠᠬᠤ ᠥᠭᠡᠷᠡᠴᠢᠯᠡᠯᠲᠡ ᠬᠢᠵᠣ  ᠂ 20 ᠲᠦᠮᠡᠨ ᠲᠣᠨ ᠤᠰᠤ ᠠᠷᠪᠢᠯᠠᠨ᠎ᠠ᠃ ᠪᠣᠬᠢᠷᠲᠤᠯ ᠦᠭᠡᠶ ᠥᠢᠯᠡᠳᠪᠥᠷᠢᠯᠡᠯ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢᠶᠠᠨ ᠬᠢᠨᠠᠮᠠᠭᠠᠶ ᠥᠷᠨᠢᠭᠦᠯᠵᠦ᠂ ᠵᠢᠯ ᠤᠨ ᠳᠣᠲᠣᠷ᠎ᠠ ᠤᠯᠤᠰ ᠤᠨ ᠲᠠᠰ ᠤᠨ ᠪᠣᠬᠢᠷᠲᠤᠯ ᠦᠭᠡᠶ ᠦᠢᠯᠡᠳᠪᠦᠷᠢ ᠶᠢ 1—2᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠶ ᠦᠢᠯᠡᠳᠪᠦᠷᠢ ᠶᠢ 3 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠭᠰᠡᠨ ᠪᠠᠷᠢᠯᠭ᠎ᠠ ᠶᠢᠨ ᠮᠠᠲ᠋ᠧᠷᠢᠶᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠮᠠᠲ᠋ᠧᠷᠢᠶᠠᠯ ᠵᠡᠷᠭᠡ ᠲᠥᠷᠥᠯ ᠵᠦᠢᠯ  ᠤᠨ ᠪᠦᠲᠦᠭᠡᠨ ᠪᠠᠶᠢᠭᠤᠯᠣᠯᠳᠠ ᠶᠢ ᠲᠦᠷᠭᠡᠳᠬᠡᠨ ᠠᠬᠢᠭᠤᠯᠵᠣ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠬᠠᠶ ᠶᠢᠨ ᠭᠠᠵᠠᠷ ᠲᠤᠨᠢ ᠰᠢᠩᠭᠡᠭᠡᠬᠦ ᠪᠠ ᠥᠨᠳᠥᠷ ᠨᠡᠮᠡᠯᠳᠡ ᠥᠷᠳᠡᠭ ᠢᠶᠠᠷ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠴᠠᠬᠢᠯᠭᠠᠨ  ᠂ ᠡᠨᠧᠷᠭᠢ ᠬᠡᠷᠡᠭᠯᠡᠬᠦ ᠡᠷᠬᠡ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠵᠦ᠂ ᠣᠶ ᠰᠢᠭᠤᠶ ᠨᠣᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠤᠭᠰᠠᠨ ᠠᠮᠢ ᠠᠬᠤᠶ ᠶᠢᠨ ᠦᠷᠳᠡᠭ ᠢ ᠠᠵᠤ ᠠᠬᠤᠶ ᠶᠢᠨ ᠦᠷᠳᠡᠭ ᠪᠣᠯᠭᠠᠨ ᠬᠤᠪᠢᠷᠠᠭᠤᠯᠬᠤ ᠶᠢ ᠪᠠᠲᠤᠯᠠᠨ᠎ᠠ᠃      ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠨᠡᠭᠡᠭᠡᠯᠲᠡ ᠬᠢᠬᠦ ᠠᠷᠭ᠎ᠠ ᠬᠡᠮᠵᠢᠶ᠎ᠡ ᠪᠠᠨ ᠬᠦᠴᠦᠯᠡᠨ ᠭᠦᠨᠵᠡᠭᠡᠶᠢᠷᠡᠭᠦᠯᠵᠦ᠂ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠬᠦᠴᠦᠯᠡᠨ ᠰᠢᠯᠢᠳᠡᠭᠵᠢᠭᠦᠯᠥᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ 2022 ᠣᠨ ᠤ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠲᠠᠢ  ᠬᠠᠷᠭᠤᠭᠤᠯᠣᠨ ᠰᠢᠯᠢᠳᠡᠭᠵᠢᠭᠦᠯᠦᠨ ᠳᠡᠭᠡᠭᠰᠢᠯᠡᠭᠦᠯᠬᠦ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠠᠷᠠᠯᠲᠠᠲᠤ ᠡᠭᠦᠷᠭᠡ᠂ ᠴᠠᠭ ᠬᠤᠭᠤᠴᠠᠭ᠎ᠠ ᠪᠠ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠱᠠᠯᠠᠪᠳᠠᠭᠤᠯᠣᠨ ᠠᠵᠢᠯᠯᠠᠵᠣ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ︽ᠬᠤᠶᠠᠷ ᠢ ᠰᠢᠯᠢᠳᠡᠭᠵᠢᠬᠦᠯᠬᠦ︾ ᠲᠤᠰᠬᠠᠶ ᠲᠦᠷᠦᠯ ᠤᠨ ᠠᠵᠢᠯᠯᠠᠭ᠎ᠠ ᠥᠷᠨᠢᠭᠦᠯᠬᠦ ᠲᠠᠢ ᠣᠶᠠᠯᠳᠣᠭᠤᠯᠣᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠶᠡᠬᠡᠪᠡᠷ ᠠᠬᠢᠭᠤᠯᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠤᠨ᠎ᠠ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠢ ᠡᠷᠴᠢᠮᠵᠢᠭᠦᠯᠦᠨ ᠭᠥᠢᠴᠡᠳᠬᠡᠬᠦ ᠲᠥᠷᠥᠯ ᠵᠥᠢᠯ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠢᠳᠡᠪᠬᠢᠲᠡᠶ ᠲᠠᠭᠠᠭᠠᠨ ᠠᠪᠴᠤ᠂ ᠵᠢᠯ ᠤᠨ ᠡᠴᠥᠰ ᠠᠴᠠ ᠡᠮᠦᠨ᠎ᠡ ᠬᠠᠮᠢᠶ᠎ᠠ ᠪᠥᠬᠦᠶ ᠵᠦᠢᠯᠡᠰ ᠢ ︽ᠪᠥᠬᠦ ᠶᠠᠪᠤᠴᠠ ᠪᠠᠨ ᠰᠥᠯᠵᠢᠶᠡᠨ ᠲᠡᠭᠡᠷ᠎ᠡ ᠬᠦᠢᠴᠡᠳᠭᠡᠬᠦ︾ ᠶᠢ ᠪᠡᠶᠡᠯᠡᠭᠦᠯᠥᠨ᠎ᠡ᠃ ᠪᠦᠬᠦ ᠠᠶᠢᠮᠠᠭ ᠤᠨ ︽ᠮᠥᠩᠬᠡ ᠰᠤᠪᠠᠭ︾ ᠰᠣᠹᠲ ᠤᠨ ᠤᠨᠴᠠᠯᠢᠬᠳᠤ ᠬᠡᠷᠡᠭᠯᠡᠭᠡᠨ ᠢ 50 ᠵᠦᠢᠯ ᠠᠴᠠ ᠳᠡᠭᠡᠭᠰᠢ ᠭᠡᠷᠡᠭᠯᠡᠵᠣ᠂ ᠬᠦᠢᠴᠡᠳᠭᠡᠵᠣ ᠳᠠᠭᠤᠰᠬᠠᠭᠰᠠᠨ ᠨᠣᠷᠮ᠎ᠠ ᠶᠢ 60 % ᠠᠴᠠ ᠳᠡᠭᠡᠭᠰᠢ ᠳᠤ ᠬᠦᠷᠦᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠬᠤᠶᠠᠷ ᠢ ᠲᠤᠰᠢᠶᠠᠬᠤ ᠠᠴᠠ ᠬᠡᠯᠲᠦᠷᠢᠭᠦᠯᠬᠦ︾ ᠶᠢ ᠭᠦᠨᠵᠡᠭᠡᠶ ᠬᠡᠷᠡᠭᠵᠢᠭᠦᠯᠵᠣ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ︽ᠦᠨᠡᠮᠯᠡᠯ ᠢ ᠬᠠᠰᠤᠵᠤ ᠬᠦᠢᠴᠡᠳᠭᠡᠬᠦ︾ ︽ᠦᠨᠡᠮᠯᠡᠯ ᠢ ᠬᠡᠯᠳᠣᠷᠢᠭᠦᠯᠵᠣ ᠬᠦᠢᠴᠡᠳᠭᠡᠬᠦ︾ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠴᠢᠬᠤᠯᠠ ᠱᠠᠲᠤ ᠦᠶ᠎ᠡ ᠶᠢᠨ 16 ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ︽ᠣᠶᠢᠷ᠎ᠠ ᠬᠠᠪᠢ ᠳᠤᠨᠢ ᠭᠦᠢᠴᠡᠳᠬᠡᠬᠦ︾ ᠥᠢᠯᠡᠴᠢᠯᠡᠭᠡᠨ ᠤ ᠬᠡᠪᠴᠢᠶ᠎ᠡ ᠪᠠ ᠬᠢᠷᠢ ᠲᠦᠪᠰᠢᠨ ᠢ ᠥᠷᠭᠡᠳᠬᠡᠵᠦ᠂ ᠵᠢᠯ ᠤᠨ ᠡᠴᠥᠰ ᠠᠴᠠ ᠡᠮᠦᠨ᠎ᠡ ᠠᠷᠠᠳ ᠲᠤ ᠲᠥᠬᠦᠮ ᠦᠵᠡᠭᠦᠯᠬᠦ 1056 ᠥᠢᠯᠡᠴᠢᠯᠡᠭᠡᠨ ᠤ ᠲᠥᠪ ︵ᠥᠷᠲᠡᠭᠡ︶ ᠳᠤ ᠬᠠᠪᠰᠤᠷᠤᠨ ᠭᠥᠢᠴᠡᠳᠬᠡᠵᠥ ᠣᠷᠣᠯᠠᠨ ᠭᠦᠢᠴᠡᠳᠬᠡᠬᠦ ᠥᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠠᠷᠢᠮᠵᠢᠶᠠᠵᠢᠭᠤᠯᠬᠤ᠂ ᠤᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠠᠷᠭᠤ ᠶᠢ ᠬᠦᠯᠢᠶᠡᠨ ᠠᠪᠤᠪᠠᠯ ᠳᠠᠷᠦ᠋ᠢᠬᠠᠨ ᠭᠦᠢᠴᠡᠳᠬᠡᠬᠦ︾ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠷᠠᠭᠤᠯᠵᠤ᠂ ᠬᠤᠯᠪᠤᠭᠠᠯᠠᠨ ᠰᠢᠯᠭᠠᠨ  ᠬᠤᠷᠢᠶᠠᠬᠤ᠂ ᠬᠤᠯᠪᠤᠭᠠᠯᠠᠨ ᠵᠢᠷᠤᠭ ᠲᠥᠯᠥᠪᠯᠡᠭᠡ ᠬᠢᠨᠠᠬᠤ᠂ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠶᠢ ᠭᠦᠨᠵᠡᠭᠡᠶ ᠠᠬᠢᠭᠤᠯᠤᠨ᠎ᠠ᠃      ︽ᠰᠢᠨᠵᠢᠯᠡᠭᠡ ᠮᠡᠷᠭᠡᠵᠢᠯ ᠢᠶᠠᠷ ᠠᠶᠢᠮᠠᠭ ᠢᠶᠠᠨ ᠭᠦᠭᠵᠢᠬᠦᠯᠬᠦ︾ ︽ᠴᠢᠳᠠᠪᠤᠷᠢᠲᠠᠨ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ︾  ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃  ᠠᠶᠢᠮᠠᠭ ᠤᠨ ᠲᠣᠰ ᠱᠠᠲᠤᠨ ᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢ 20 % ᠪᠠᠷ ᠨᠡᠮᠡᠭᠳᠡᠭᠦᠯᠵᠦ᠂ ᠬᠡᠷᠡᠭᠯᠡᠭᠡᠨ ᠤ ᠮᠡᠷᠭᠡᠵᠢᠯ ᠪᠠ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠥᠢᠯ ᠢ 8 ᠠᠴᠠ ᠳᠡᠭᠡᠭᠰᠢ᠂ ︽ᠰᠢᠯᠢᠳᠡᠭ  ᠢᠶᠠᠷ ᠳᠠᠭᠠᠭᠤᠯᠤᠭᠴᠢ ᠪᠣᠯᠭᠠᠬᠤ︾ ᠲᠥᠷᠥᠯ ᠵᠦᠢᠯ ᠢ 2 ᠠᠴᠠ ᠳᠡᠭᠡᠭᠰᠢ ᠭᠤᠣᠯᠳᠠᠯᠭ᠎ᠠ ᠲᠠᠢ ᠭᠡᠷᠡᠭᠵᠢᠭᠦᠯᠵᠣ᠂  ᠴᠡᠪᠡᠷ ᠡᠨᠧᠷᠭᠢ᠂ ᠲᠠᠷᠢᠮᠠᠯ ᠤᠨ ᠦᠢᠯᠡᠰ ᠢ ᠭᠦᠭᠵᠢᠬᠦᠯᠬᠦ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠡᠷᠭᠡ ᠬᠦᠷᠢᠶᠡᠨ  ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠷᠮᠠᠶᠢᠨ ᠥᠷᠨᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ50 ᠳᠤ ᠬᠦᠷᠦᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ 70 ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ 1᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 5᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ 2᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 3 ᠶᠢ ᠰᠢᠨ᠎ᠡ ᠪᠠᠷ ᠪᠤᠶᠢᠵᠢᠭᠤᠯᠤᠨ᠎ᠠ᠃ ᠴᠢᠳᠠᠪᠤᠷᠢᠲᠠᠨ ᠢ ᠬᠥᠮᠦᠵᠢᠭᠦᠯᠵᠦ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠣ᠂ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ 1230 ᠤᠨ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠰᠠᠶᠢᠳᠣᠷ ᠭᠡᠷᠡᠭᠵᠢᠭᠦᠯᠦᠨ᠎ᠡ᠃ ᠬᠤᠸᠠ ᠨᠠᠨ ᠪᠠᠶᠢᠭᠠᠯᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠠᠶᠢᠮᠠᠭ ᠲᠤ ᠲᠤᠰᠬᠠᠶ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠬᠠᠮᠲᠤᠷᠠᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢᠶᠠᠨ ᠤᠯᠠᠷᠢᠭᠤᠯᠬᠤ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠥᠷᠨᠢᠭᠦᠯᠵᠦ᠂ ᠦᠢᠯᠡᠳᠪᠦᠷᠢᠯᠡᠬᠦ ᠰᠣᠷᠣᠯᠴᠠᠬᠤ ᠰᠤᠳᠤᠯᠬᠤ ᠬᠡᠷᠡᠭᠯᠡᠬᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃       ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠨ᠎ᠡ᠃  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠠᠵᠠ ᠲᠣᠬᠢᠶᠠᠯ ᠢ ᠨᠠᠩ ᠰᠠᠶᠢᠲᠤᠷ ᠠᠰᠢᠭᠯᠠᠵᠤ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠲᠠᠢ ᠭᠦᠨᠵᠡᠭᠡᠶ ᠠᠭᠤᠰᠣᠯᠴᠠᠭᠤᠯᠵᠣ᠂ ︽ᠵᠡᠭᠦᠨ ᠬᠤᠶᠢᠲᠤ ᠶᠢᠨ ᠡᠬᠡ ᠬᠠᠭᠤᠷᠠᠶ ᠲᠡᠯᠡᠶ ᠲᠠᠩᠭᠢᠰ ᠤᠨ ᠰᠢᠨ᠎ᠡ ᠵᠠᠮ︾ ᠤᠨ ᠬᠠᠮᠵᠢᠯᠴᠠᠬᠤ ᠬᠤᠯᠪᠣᠭᠠᠨ ᠳᠤ ᠢᠳᠡᠪᠬᠢᠲᠡᠶ ᠣᠷᠣᠯᠴᠠᠨ᠂ ᠬᠥᠭᠵᠢᠭᠰᠡᠨ ᠭᠠᠵᠠᠷ ᠣᠷᠣᠨ᠂ ᠲᠡᠯᠡᠶ ᠶᠢᠨ ᠭᠠᠷᠠᠮ ᠤᠨ ᠭᠠᠵᠠᠷ ᠣᠷᠣᠨ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠲᠠᠢ ᠬᠤᠯᠪᠣᠭᠠᠯᠠᠨ ᠳᠣᠲᠣᠭᠠᠳᠤ ᠳᠠᠭᠠᠨ ᠣᠷᠣᠭᠤᠯᠬᠤ᠂ ᠬᠢᠯᠢ ᠬᠢᠵᠠᠭᠠᠷ ᠣᠷᠣᠨ ᠳᠤ ᠨᠡᠪᠳᠡᠷᠡᠭᠦᠯᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃  ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠬᠤᠳᠠ ᠶᠢᠨ ᠰᠠᠭᠤᠷᠢᠨ ᠭᠠᠵᠠᠷ᠂ ᠳᠤᠮᠳᠠᠳᠤ ᠮᠣᠩᠭᠤᠯ ᠤᠨ ᠡᠷᠢᠶᠡᠨ ᠬᠤᠳᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠠ ᠡᠷᠢᠶᠡᠨ ᠬᠤᠳᠠ ᠶᠢᠨ ᠲᠡᠮᠤᠷ ᠵᠠᠮ ᠤᠨ ᠪᠣᠭᠤᠮᠲᠠ ᠶᠢᠨ ᠦᠷᠳᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠵᠢᠨᠢᠩ ᠠᠴᠠ ᠡᠷᠢᠶᠡᠨ ᠬᠤᠲᠠ ᠬᠥᠷᠬᠦ ᠲᠡᠮᠦᠷ ᠵᠠᠮ ᠤᠨ ᠬᠤᠣᠰ ᠱᠣᠭᠤᠮᠳᠣ ᠴᠠᠬᠢᠯᠭᠠᠨᠵᠢᠭᠰᠠᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠣᠨᠴᠠᠭᠠᠶ ᠲᠥᠷᠥ ᠶᠢᠨ ᠪᠣᠳᠣᠯᠭ᠎ᠠ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠵᠤ᠂ ᠬᠠᠷᠢᠯᠴᠠᠨ ᠬᠤᠳᠠᠯᠳᠣᠭᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠨᠣᠳᠣᠭᠰᠢᠭᠤᠯᠣᠨ ᠡᠳ᠋ᠰᠢᠭᠦᠯᠬᠦ ᠲᠤᠷᠰᠢᠯᠲᠠ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠠᠬᠢᠨ ᠡᠬᠢᠯᠡᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ AGV ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠥᠷᠥᠯ ᠵᠥᠢᠯ ᠤᠨ ᠨᠢᠭᠡᠳᠦᠭᠡᠷ ᠬᠤᠭᠤᠴᠠᠭᠠᠨ ᠤ ᠪᠥᠬᠦ  ᠶᠠᠪᠣᠴᠠ ᠶᠢᠨ ᠠᠵᠢᠯ ᠢᠶᠠᠨ ᠪᠡᠶᠡᠯᠡᠭᠦᠯᠵᠦ᠂ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ ᠦᠨᠡᠯᠡᠯᠳᠡ ᠶᠢ ᠠᠯᠢ ᠲᠦᠷᠭᠡᠨ ᠢᠶᠠᠷ ᠥᠩᠭᠡᠷᠡᠭᠦᠯᠬᠦ ᠪᠠᠷ ᠴᠢᠷᠮᠠᠶᠢᠨ᠎ᠠ︔ ᠵᠡᠭᠦᠨ ᠬᠠᠲᠠᠪᠴᠢ ᠶᠢᠨ ᠲᠡᠮᠦᠷ ᠵᠠᠮ ᠤᠨ ᠪᠣᠭᠤᠮᠲᠠ ᠶᠢᠨ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂  ᠠᠶᠠᠨᠴᠢᠳ ᠪᠠ ᠡᠳ᠋ ᠪᠠᠷᠠᠭ᠎ᠠ ᠶᠢ ᠰᠠᠯᠭᠠᠨ ᠲᠤᠬᠢᠷᠠᠭᠤᠯᠵᠤ ᠳᠡᠰ ᠳᠡᠪᠰᠢᠭᠦᠯᠬᠦ ᠪᠠ ᠪᠦᠬᠦ ᠲᠠᠯ᠎ᠠ ᠪᠠᠷ ᠣᠶᠤᠨᠴᠢ ᠪᠠᠷ ᠪᠣᠭᠤᠮᠲᠠ ᠥᠩᠭᠡᠷᠡᠭᠦᠯᠬᠦ ᠶᠢ ᠪᠡᠶᠡᠯᠡᠭᠦᠯᠦᠨ᠎ᠡ᠃  ᠪᠦᠬᠦ ᠵᠢᠯ ᠳᠤ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ 2700 ᠴᠤᠪᠤᠭ᠎ᠠ ᠠᠴᠠ ᠳᠠᠪᠠᠭ᠋ᠣ ᠶᠢ ᠪᠠᠲᠤᠯᠠᠵᠤ᠂ ᠪᠦᠬᠦ ᠠᠶᠢᠮᠠᠭ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃      ︵ᠲᠠᠪᠤ︶ ᠬᠥᠭᠵᠢᠯᠲᠡ ᠶᠢᠨ ᠰᠠᠭᠤᠷᠢ ᠨᠥᠬᠦᠴᠡᠯ ᠢᠶᠠᠨ ᠶᠡᠬᠡᠪᠡᠷ ᠰᠠᠶᠢᠵᠢᠷᠠᠭᠤᠯᠵᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠨᠡᠩ ᠥᠨᠳᠥᠷ ᠲᠦᠪᠰᠢᠨ ᠳᠤ ᠲᠠᠪᠰᠢᠬᠤ ᠶᠢ ᠠᠬᠢᠭᠤᠯᠤᠨ᠎ᠠ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠦᠬᠦ ᠲᠠᠯ᠎ᠠ ᠪᠠᠷ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠠᠨ ᠯᠠᠪᠳᠠᠭᠤᠨ ᠪᠠᠲᠤᠲᠠᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠨᠠᠷᠢᠯᠢᠭ ᠣᠨᠣᠪᠴᠢᠲᠠᠶ ᠪᠠᠷ ᠬᠠᠪᠰᠤᠷᠤᠨ ᠲᠡᠳᠬᠦᠬᠦ ᠵᠡᠷᠭᠡ ᠠᠵᠢᠯ ᠢᠶᠠᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠦᠢᠯᠡᠰ ᠢᠶᠠᠨ ᠬᠥᠭᠵᠢᠭᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠵᠢᠯ ᠤᠨ ᠳᠣᠲᠣᠷ᠎ᠠ 8.54 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠰ ᠤᠨ ᠲᠥᠷᠥᠯ ᠤᠨ 111 ᠲᠥᠷᠥᠯ ᠵᠦᠢᠯ ᠢ ᠬᠡᠷᠡᠭᠵᠢᠭᠦᠯᠵᠦ᠂ ᠡᠳ᠋ ᠤᠨ ᠵᠠᠰᠠᠭ ᠤᠨ ᠲᠤᠰᠬᠠᠶ ᠪᠡᠯᠡ ᠮᠥᠩᠭᠦ ᠶᠢ ᠨᠢᠭᠡᠳᠦᠯᠲᠡᠶ ᠲᠦᠯᠦᠪᠵᠢᠬᠦᠯᠵᠣ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠥᠭᠵᠢᠯᠲᠡ ᠳᠤ ᠶᠠᠳᠠᠭᠤ ᠠᠴᠠ ᠠᠩᠭᠢᠵᠢᠷᠠᠭᠰᠠᠳ ᠤᠷᠤᠯᠴᠠᠬᠤ ᠪᠠ ᠠᠰᠢᠭ ᠤᠷᠤᠯᠭ᠎ᠠ ᠪᠠᠨ ᠬᠤᠪᠢᠶᠠᠯᠴᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯᠤᠨ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠ ᠰᠢᠯᠢᠳᠡᠭ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠮᠵᠢᠯᠴᠠᠭ᠎ᠠ ᠵᠡᠷᠭᠡ ᠠᠵᠢᠯ ᠢ ᠦᠷᠭᠦᠯᠵᠢᠯᠡᠨ ᠴᠢᠩᠭᠠᠷᠠᠭᠤᠯᠵᠣ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠡᠭᠦᠳᠦᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠶᠢᠮᠠᠭ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 35 ᠭᠠᠴᠠᠭ᠎ᠠ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠᠨ ᠲᠤᠪᠤᠶᠢᠮ᠎ᠠ ᠰᠠᠶᠢᠲᠤᠷ ᠠᠳᠬᠤᠨ᠎ᠠ᠃ ︽ᠵᠣᠷᠯᠣᠩ ᠤᠨ ᠦᠭᠡᠷᠡᠴᠢᠯᠡᠯᠳᠡ︾ ᠶᠢ ᠯᠠᠪᠳᠠᠭᠤᠨ ᠠᠬᠢᠭᠤᠯᠵᠤ᠂ ᠵᠢᠯ ᠤᠨ ᠳᠣᠲᠣᠷ᠎ᠠ 2499 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ 1300 ᠭᠠᠷᠤᠶ ᠬᠢᠯᠢ ᠬᠢᠵᠠᠭᠠᠷ ᠤᠨ ᠮᠠᠯᠵᠢᠬᠤ ᠡᠷᠦᠬᠡ ᠳᠤ ᠲᠣᠣᠷᠴᠢᠯᠠᠭᠰᠠᠨ ᠴᠠᠬᠢᠯᠭᠠᠨ ᠨᠡᠪᠲᠡᠷᠡᠭᠦᠯᠬᠦ ᠪᠠᠷ ᠴᠢᠷᠮᠠᠶᠢᠨ᠎ᠠ︔ 4G ᠶᠢᠨ ᠴᠠᠬᠢᠯᠭᠠᠨ ᠬᠤᠯᠪᠣᠭᠠᠨ ᠤ ᠨᠡᠶᠢᠳᠡᠮ ᠥᠢᠯᠡᠴᠢᠯᠡᠭᠡ ᠶᠢᠨ ᠰᠠᠭᠤᠷᠢ ᠥᠷᠲᠡᠭᠡ 86᠂ 5G ᠶᠢᠨ ᠰᠠᠭᠤᠷᠢ ᠥᠷᠲᠡᠭᠡ 400 ᠶᠢ ᠰᠢᠨ᠎ᠡ ᠪᠠᠷ  ᠪᠠᠶᠢᠭᠤᠯᠵᠣ᠂ ᠤᠯᠤᠰ ᠮᠤᠵᠢ ᠶᠢᠨ ᠭᠤᠣᠯ ᠵᠠᠮ ᠳᠠᠭᠠᠤ ᠶᠢᠨ ᠴᠢᠮᠡᠭᠡ ᠬᠤᠯᠪᠣᠭᠠᠨ ᠤ ᠪᠦᠷᠬᠦᠴᠡ ᠶᠢᠨ ᠴᠢᠨᠠᠷ ᠴᠢᠨᠰᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ︔103 ᠬᠢᠯᠢ ᠬᠢᠵᠠᠭᠠᠷ ᠤᠨ ᠭᠠᠴᠠᠭ᠎ᠠ ᠲᠣᠰᠬᠤᠨ ᠤ 2000 ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠲᠤᠤᠷ ᠰᠦᠯᠵᠢᠶ᠎ᠡ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ ᠢᠶᠠᠷ ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠪᠡᠶᠡᠯᠡᠭᠦᠯᠥᠨ᠎ᠡ᠃      ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠳᠠᠭᠠᠯᠠᠮᠵᠢᠲᠠᠢ ᠬᠢᠷᠢ ᠲᠦᠪᠰᠢᠨ ᠢ ᠲᠡᠭᠡᠭᠰᠢᠯᠡᠭᠦᠯᠥᠨ᠎ᠡ᠃ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂  ᠭᠠᠵᠠᠷ ᠳᠣᠣᠷᠠᠬᠢ ᠬᠤᠭᠤᠯᠠᠢ ᠲᠣᠣᠷ  ᠢ ᠰᠢᠨᠡᠳᠬᠡᠨ ᠥᠭᠡᠷᠡᠴᠢᠯᠡᠬᠦ᠂ ᠵᠠᠮ ᠳᠡᠪᠢᠰᠬᠦ ᠵᠡᠷᠭᠡ 85 ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠰᠠᠶᠢᠲᠤᠷ ᠬᠡᠷᠡᠭᠵᠢᠬᠦᠯᠵᠣ᠂  ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠨ ᠰᠠᠶᠢᠵᠢᠷᠠᠭᠤᠯᠬᠤ ᠠᠵᠢᠯ ᠢᠶᠠᠨ ᠦᠷᠭᠦᠯᠵᠢᠯᠡᠨ ᠭᠤᠣᠯᠳᠠᠯᠭ᠎ᠠ ᠲᠠᠢ ᠳᠡᠮᠵᠢᠨ᠎ᠡ᠃ ᠭᠠᠵᠠᠷ ᠤᠨ ᠦᠨ᠎ᠡ᠂ ᠬᠡᠷ ᠪᠠᠶᠢᠰᠢᠩ ᠤᠨ ᠦᠨ᠎ᠡ᠂ ᠵᠢᠱᠢᠯᠲᠡ ᠶᠢ ᠲᠣᠭᠳᠠᠪᠣᠷᠢᠵᠢᠭᠤᠯᠬᠤ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠴᠢᠩᠳᠠ ᠴᠢᠨᠠᠷᠲᠠᠢ ᠪᠠ ᠦᠭᠡᠷᠡᠴᠢᠯᠡᠨ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠶᠡᠭᠡ ᠪᠠᠷ ᠲᠡᠮᠵᠢᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠤᠷᠤᠨ ᠰᠠᠭᠤᠴᠠ ᠶᠢᠨ ︽ᠬᠡᠷ ᠪᠠᠶᠢᠰᠢᠩ ᠪᠠ ᠬᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠥᠨᠡᠮᠯᠡᠯ ᠢ ᠬᠠᠮᠳᠤ ᠳᠤᠨᠢ ᠲᠤᠰᠢᠶᠠᠬᠤ︾  ᠲᠤᠷᠰᠢᠯᠲᠠ ᠶᠢᠨ ᠴᠡᠭ ᠢ ᠥᠷᠭᠡᠳᠬᠡᠵᠦ᠂ ᠤᠷᠢᠳᠴᠢᠯᠠᠨ ᠬᠤᠳᠠᠯᠳᠣᠭᠰᠠᠨ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠵᠦ᠂ ᠭᠡᠷ ᠪᠠᠶᠢᠰᠢᠩ ᠭᠠᠵᠠᠷ  ᠭᠦᠷᠦᠩᠭᠡ ᠶᠢᠨ ᠡᠷᠡᠭᠦᠯ ᠪᠥᠭᠡᠳ ᠲᠣᠭᠲᠠᠭᠤᠨ ᠭᠦᠭᠵᠢᠯᠳᠡ ᠶᠢ ᠠᠬᠢᠭᠤᠯᠤᠨ᠎ᠠ᠃ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 33 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 1229 ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠦᠷᠭᠦᠯᠵᠢᠯᠡᠨ ᠰᠢᠢᠳᠪᠥᠷᠢᠯᠡᠵᠥ᠂  ᠭᠥᠢᠴᠡᠳᠬᠡᠬᠦ ᠶᠣᠰᠣᠲᠠᠶ ᠶᠢ ᠨᠢ ᠪᠦᠬᠦᠨ ᠢ ᠭᠥᠢᠴᠡᠳᠬᠡᠨ᠎ᠡ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ  ᠪᠠᠨ ᠴᠢᠩᠭᠠᠳᠬᠠᠵᠤ᠂ ᠨᠢᠭᠡ ᠪᠦᠯᠦᠭ ᠰᠣᠳᠣᠨ ᠬᠡᠭᠡᠨᠴᠢᠷ ᠦᠯᠢᠭᠡᠷ ᠳᠠᠭᠤᠷᠢᠶᠠᠯ ᠪᠣᠯᠬᠤ ᠵᠡᠭᠡᠯᠢ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠵᠠᠮ ᠤᠨ ᠬᠡᠰᠡᠭ ᠢ ᠪᠤᠢ ᠪᠣᠯᠭᠠᠵᠤ᠂ ᠬᠤᠳᠠ ᠪᠠᠨ ᠨᠡᠩ ᠠᠷᠢᠭᠤᠨ ᠴᠡᠪᠡᠷ ᠡᠮᠬᠢ ᠵᠢᠷᠤᠮ ᠲᠠᠢ ᠪᠣᠯᠭᠠᠨ᠎ᠠ᠃      ᠰᠠᠭᠤᠷᠢ ᠲᠥᠬᠦᠭᠡᠷᠦᠮᠵᠢ ᠶᠢᠨ ᠳᠠᠭᠠᠭᠠᠴᠠ ᠶᠢᠨ ᠴᠢᠳᠠᠪᠤᠷᠢ ᠶᠢ ᠴᠢᠩᠭᠠᠳᠬᠠᠨ᠎ᠠ᠃  ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 21.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠠᠭᠦᠯᠬᠦ ᠪᠠᠷ ᠲᠥᠯᠥᠪᠯᠡᠵᠥ᠂ ᠤᠯᠤᠰ ᠤᠨ ᠵᠠᠮ ᠤᠨ 331 ᠱᠤᠭᠤᠮ ᠤᠨ ᠠᠷᠤ ᠨᠠᠭᠤᠷ ᠤᠨ ᠪᠥᠳᠥᠭᠦᠨ ᠠᠴᠠ ᠤᠯᠢᠶᠠᠰᠤᠲᠠᠢ ᠬᠦᠷᠬᠦ ᠵᠡᠷᠭᠡ 4 ᠵᠤᠷᠪᠤᠰ ᠵᠠᠰᠠᠮᠠᠯ ᠵᠠᠮ ᠤᠨ ᠭᠤᠣᠯ ᠴᠣᠭᠴᠠ ᠶᠢ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠵᠡᠷᠭᠡ 4 ᠵᠤᠷᠪᠤᠰ ᠵᠠᠰᠠᠮᠠᠯ ᠵᠠᠮ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠯᠤᠰ ᠤᠨ ᠵᠠᠮ ᠤᠨ 207 ᠱᠤᠭᠤᠮ ᠤᠨ ᠰᠢᠯᠢ ᠶᠢᠨ ᠬᠤᠲᠠ ᠠᠴᠠ ᠪᠠᠶᠠᠨᠬᠤᠸᠠ ᠬᠦᠷᠬᠦ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ 480 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠤᠨ᠎ᠠ︔ 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 580 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠯᠢ ᠶᠢᠨ ᠬᠤᠲᠠ ᠠᠴᠠ ᠰᠠᠩ ᠤᠨ ᠳᠠᠯᠠᠢ ᠬᠦᠷᠬᠦ ᠬᠡᠰᠡᠭ ᠤᠨ ᠵᠠᠰᠠᠨ ᠰᠢᠨᠡᠳᠬᠡᠬᠦ ᠢᠨᠵᠧᠨᠧᠷᠢᠩ ᠢ ᠪᠡᠶᠡᠯᠡᠬᠦᠯᠬᠦ ᠶᠢᠨ ᠬᠠᠮᠳᠣ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠰᠠᠩ ᠤᠨ ᠳᠠᠯᠠᠢ ᠠᠴᠠ ᠪᠤᠩᠬᠤᠨ ᠬᠦᠷᠬᠦ ᠬᠡᠰᠡᠭ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠲᠠᠭᠤᠰᠬᠠᠨ᠂ ᠲᠥᠷᠭᠡᠨ ᠬᠤᠷᠳᠤᠴᠠᠲᠤ ᠭᠠᠯᠲᠤ ᠲᠡᠷᠭᠡᠨ ᠤ ᠠᠶᠠᠯᠠᠬᠤ ᠨᠥᠬᠦᠴᠡᠯ ᠢ ᠪᠦᠷᠢᠯᠳᠦᠭᠦᠯᠵᠦ᠂ ᠵᠢᠯ ᠤᠨ ᠳᠣᠲᠣᠷ᠎ᠠ ︽ᠰᠠᠭᠠᠳ ᠥᠭᠡᠢ ᠨᠡᠪᠳᠡᠷᠡᠬᠦ ᠲᠥᠷᠭᠡᠨ ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ ᠬᠠᠷᠠᠯᠲᠠ ᠪᠠᠨ ᠪᠡᠶᠡᠯᠡᠭᠦᠯᠦᠨ᠎ᠡ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠬᠤ ᠶᠢᠨ ᠬᠠᠮᠲᠤ ᠠᠶᠠᠯᠠᠯ ᠨᠡᠪᠲᠡᠷᠡᠭᠦᠯᠦᠨ ᠡᠵᠡᠩᠨᠡᠬᠦ ᠶᠢ ᠪᠡᠶᠡᠯᠡᠭᠦᠯᠵᠦ᠂ ᠤᠯᠠᠭᠠᠢ᠂ ᠲᠠᠶᠢᠹᠤᠰᠧ ᠬᠤᠰᠢᠭᠤ᠂ ᠳᠣᠯᠣᠨ ᠨᠤᠤᠷ ᠰᠢᠶᠠᠨ᠂ ᠰᠥᠨᠢᠳ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ ᠢ ᠲᠡᠭᠦᠯᠳᠡᠷᠵᠢᠭᠦᠯᠦᠨ ᠥᠷᠭᠡᠳᠬᠡᠵᠦ᠂ ︽ᠵᠠᠭᠤᠨ ᠲᠦᠮᠡᠨ ᠠᠭᠠᠷ ᠠᠶᠠᠯᠠᠯ ᠤᠨ ᠭᠠᠷᠠᠮ︾ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ 2.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠭᠤᠣᠯᠳᠠᠯᠭ᠎ᠠ ᠲᠠᠢ ᠰᠠᠪᠠ ᠭᠠᠵᠠᠷ ᠤᠨ ᠭᠤᠣᠯ ᠤᠨ ᠲᠠᠩ ᠢ ᠵᠠᠰᠠᠬᠤ ᠵᠡᠷᠭᠡ ᠢᠨᠵᠧᠨᠧᠷᠢᠩ ᠬᠡᠷᠡᠭᠵᠢᠭᠦᠯᠬᠦ ᠪᠠᠷ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ   ᠲᠠᠢ ᠬᠠᠮᠵᠢᠯᠴᠠᠨ ᠨᠤᠨ ᠮᠥᠷᠡᠨ ᠠᠴᠠ ᠤᠰᠤ ᠲᠠᠲᠠᠵᠤ ᠰᠢᠯᠢ ᠶᠢᠨ ᠭᠤᠣᠯ ᠳᠤ ᠤᠷᠤᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠲᠤᠷ ᠬᠢᠨ᠎ᠡ᠃ ᠴᠠᠬᠢᠯᠭᠠᠨ ᠲᠤᠤᠷ ᠲᠤ 8.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠢᠵᠢ ᠪᠦᠷᠢᠳᠦᠭᠦᠯᠬᠦ ᠴᠠᠬᠢᠯᠭᠠᠨ ᠬᠠᠩᠭᠠᠬᠤ ᠢᠨᠵᠧᠨᠧᠷᠢᠩ ᠢ ᠠᠬᠢᠭᠤᠯᠣᠨ᠎ᠠ᠃  ᠨᠡᠶᠢᠳᠡ 21.45 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ 34 ᠲᠦᠷᠦᠯ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠥᠮᠵᠢ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠂ ︽ᠭᠠᠵᠠᠷ ᠢᠶᠠᠨ ᠠᠪᠤᠮᠠᠭᠴᠠ ᠲᠠᠷᠣᠢ ᠠᠵᠢᠯ ᠡᠬᠢᠯᠡᠭᠦᠯᠬᠦ︾᠂ ︽ᠣᠷᠣᠨ ᠪᠦᠰᠡ ᠶᠢᠨ ᠦᠨᠡᠯᠡᠨ ᠵᠢᠱᠢᠬᠦ ᠠᠵᠢᠯ  ᠢᠶᠠᠨ ᠣᠷᠢᠳᠠᠪᠡᠷ ᠦᠷᠨᠢᠬᠦᠯᠬᠦ︾᠂ ︽ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ︾ ᠵᠡᠷᠭᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠣᠷᠣᠨ ᠠᠯᠣᠰᠯᠠᠭᠰᠠᠨ ᠠᠵᠤ ᠠᠬᠤᠢ︾ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠬᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠤᠲᠤᠷᠠᠬᠢ ︽ᠪᠠᠷᠢᠮᠵᠢᠶᠠᠲᠤ ᠭᠠᠵᠠᠷ︾ ᠢ 30 %   ᠳᠤ ᠬᠥᠷᠥᠭᠦᠯᠵᠥ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 20 % ᠠᠴᠠ ᠳᠡᠭᠡᠭᠰᠢ ᠳᠡᠭᠡᠭᠰᠢᠯᠡᠭᠦᠯᠬᠦ ᠪᠠᠷ ᠴᠢᠷᠮᠠᠶᠢᠵᠤ᠂ ᠲᠥᠪᠯᠡᠷᠡᠭᠦᠯᠥᠨ ᠡᠷᠴᠢᠮᠵᠢᠭᠦᠯᠦᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠳᠬᠡᠨ ᠪᠤᠶ ᠪᠣᠯᠭᠠᠨ᠎ᠠ᠃      ︵ᠵᠢᠷᠭᠤᠭ᠎ᠠ︶ ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠪᠡᠷᠭᠡ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ      ᠠᠵᠢᠯ ᠣᠯᠭᠤᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃  ᠠᠵᠢᠯ ᠣᠯᠭᠤᠯᠲᠠ ᠶᠢ ᠠᠬᠢᠭᠤᠯᠬᠤ᠂ ᠠᠵᠢᠯ ᠣᠯᠭᠤᠯᠲᠠ ᠶᠢ ᠲᠤᠰᠠᠯᠠᠬᠤ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ ᠥᠷᠭᠡᠳᠬᠡᠬᠦ ᠦᠢᠯᠡᠳᠦᠯ ᠢ ᠪᠠᠳᠠᠷᠠᠭᠤᠯᠵᠤ᠂  ᠴᠡᠷᠢᠭ ᠠᠴᠠ ᠬᠠᠯᠠᠭᠳᠠᠭᠰᠠᠳ᠂ ᠬᠤᠳᠠ ᠣᠷᠣᠭᠰᠠᠨ ᠮᠠᠯᠴᠢᠨ ᠲᠠᠷᠢᠶᠠᠴᠢᠨ᠂ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠯᠳᠠ ᠶᠢ ᠶᠡᠬᠡᠪᠡᠷ ᠳᠡᠮᠵᠢᠨ᠎ᠡ᠃ ᠰᠤᠷᠭᠠᠭᠤᠯᠢ ᠪᠠᠨ ᠲᠡᠭᠦᠰᠦᠭᠡᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠲᠡᠳᠬᠦᠬᠦ ᠠᠵᠢᠯᠯᠠᠭ᠎ᠠ ᠬᠡᠷᠡᠭᠵᠢᠭᠦᠯᠵᠦ᠂ ᠵᠢᠯ ᠤᠨ ᠡᠴᠦᠰ ᠤᠨ ᠠᠵᠢᠯ ᠣᠯᠭᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠠᠷᠰᠠᠷ ᠠᠵᠢᠯ ᠤᠨ ᠵᠠᠬ᠎ᠠ ᠳᠡᠯᠭᠡᠭᠦᠷ ᠢ ᠰᠠᠶᠢᠲᠤᠷ ᠪᠥᠲᠥᠭᠡᠨ ᠪᠠᠶᠢᠭᠤᠯᠵᠤ᠂ ᠠᠵᠢᠯ ᠣᠯᠭᠤᠬᠤ ᠶᠢ ᠠᠮᠢᠳᠤᠯᠢᠭ ᠢᠶᠠᠷ ᠠᠬᠢᠭᠤᠯᠤᠨ᠎ᠠ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠶ ᠲᠦᠷᠦᠯ ᠤᠨ ᠠᠵᠢᠯᠯᠠᠭ᠎ᠠ ᠥᠷᠨᠢᠭᠦᠯᠵᠦ᠂ ᠬᠥᠯᠥᠰᠥᠨ ᠠᠵᠢᠯᠴᠢᠨ ᠤ ᠴᠠᠯᠢᠩ ᠢᠶᠠᠨ ᠴᠠᠭ ᠲᠤᠬᠠᠢ ᠳᠤᠨᠢ ᠲᠤᠭ᠎ᠠ ᠶᠣᠰᠣᠭᠠᠷ ᠤᠯᠬᠤ ᠶᠢ ᠦᠨᠡᠨᠬᠦ ᠪᠠᠲᠤᠯᠠᠨ᠎ᠠ᠃      ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠬᠠᠮᠢᠶ᠎ᠠ ᠪᠥᠬᠦᠶ ᠢᠵᠢ ᠪᠥᠷᠢᠳᠥᠭᠰᠡᠨ ᠥᠭᠡᠷᠡᠴᠢᠯᠡᠯᠲᠡ  ᠶᠢᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ︽ᠬᠡᠦᠬᠡᠳ ᠤᠨ ᠬᠡᠯᠡ ᠶᠢ ᠢᠵᠢᠯ ᠲᠠᠭᠤᠳᠠᠯᠭ᠎ᠠ ᠲᠠᠢ ᠪᠣᠯᠭᠠᠬᠤ︾ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 90 % ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠦᠭᠡ ᠬᠡᠯᠡ ᠦᠰᠦᠭ ᠪᠢᠴᠢᠭ ᠢ ᠲᠦᠷᠢᠮᠵᠢᠭᠦᠯᠦᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ︵ᠴᠡᠴᠡᠷᠯᠢᠭ︶ ᠶᠢᠨ ᠰᠢᠯᠭᠠᠨ ᠬᠤᠷᠢᠶᠠᠯᠲᠠ ᠶᠢ ᠥᠩᠭᠡᠷᠡᠭᠦᠯᠬᠦ ᠪᠠᠷ ᠴᠢᠷᠮᠠᠶᠢᠨ᠎ᠠ᠃ ᠦᠨᠳᠦᠷ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠣᠯᠣᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ︽ᠨᠢᠭᠡ ᠬᠤᠰᠢᠭᠤᠨ ᠳᠤ ᠨᠢᠭᠡ ᠲᠥᠰᠦᠯ︾ ᠢᠶᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠪᠠᠳᠣᠯᠠᠨ᠎ᠠ᠃ ᠨᠠᠷᠠᠲᠤ ᠰᠤᠷᠭᠠᠭᠤᠯᠢ ᠶᠢᠨ ᠵᠠᠬᠢᠷᠤᠯ᠂ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠢ ᠤᠷᠢᠨ ᠠᠪᠴᠢᠷᠠᠬᠤ ᠪᠠ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠳᠦᠷᠢᠮ ᠢ ᠪᠠᠶᠢᠭᠤᠯᠵᠤ᠂ ᠵᠢᠯ ᠤᠨ ᠳᠣᠲᠣᠷ᠎ᠠ 229 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠡᠯᠰᠡᠨ᠎ᠡ᠃ ᠪᠡᠭᠡᠵᠢᠩ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠹᠧᠩ ᠲᠠᠢ ᠬᠤᠪᠢᠶᠠᠷᠢ ᠰᠤᠷᠭᠠᠭᠤᠯᠢ᠂ ᠪᠤᠭᠤᠲᠤ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠣᠳᠣᠯᠭᠠᠨ ᠤ ᠲᠠᠰᠤᠭ ᠵᠡᠷᠭᠡ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠶᠢᠮᠠᠭ ᠤᠨ ᠲᠣᠰ ᠱᠠᠲᠤᠨ ᠤ ᠵᠢᠭᠠᠨ ᠰᠤᠷᠭᠠᠯᠲᠠ ᠶᠢᠨ ᠰᠣᠳᠣᠯᠣᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠵᠢᠭᠠᠨ ᠰᠤᠷᠭᠠᠯᠲᠠ ᠶᠢᠨ ᠰᠣᠳᠣᠯᠣᠯ ᠤᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ 9 ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠪᠠ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠵᠣ᠂ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ ᠰᠤᠷᠤᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ ᠵᠡᠷᠭᠡ ᠲᠥᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠰᠢᠯᠢ ᠶᠢᠨ ᠭᠤᠤᠯ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠥᠢᠯᠡᠴᠢᠯᠡᠭᠡᠨ ᠤ ᠡᠭᠦᠯᠡᠨ ᠲᠠᠪᠴᠠᠩ ᠢ ᠰᠠᠶᠢᠲᠤᠷ ᠬᠡᠷᠡᠭᠯᠡᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠥᠪᠥᠷ ᠮᠤᠩᠭᠤᠯ  ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠳᠠᠳᠤ ᠰᠤᠷᠭᠠᠭᠤᠯᠢ ᠵᠡᠷᠭᠡ ᠤᠷᠤᠨ ᠤ ᠲᠤᠲᠤᠨ᠎ᠠ ᠭᠠᠳᠠᠨᠠᠬᠢ ᠰᠤᠷᠭᠠᠭᠤᠯᠢ ᠲᠠᠢ ᠬᠠᠮᠲᠤᠷᠠᠯᠴᠠᠨ ᠰᠤᠷᠭᠠᠭᠤᠯᠢ ᠡᠷᠬᠢᠯᠡᠬᠦ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠬᠥᠷᠥᠭᠰᠡᠳ ᠤᠨ ᠨᠣᠷᠮ᠎ᠠ ᠪᠠ ᠥᠨᠳᠥᠷ ᠬᠤᠪᠢ ᠶᠢᠨ ᠬᠡᠰᠡᠭ ᠲᠤ ᠰᠢᠨ᠎ᠡ ᠰᠢᠪᠳᠤᠯᠤᠯᠲᠠ ᠲᠠᠢ ᠪᠤᠯᠭᠠᠬᠤ ᠪᠠᠷ ᠴᠢᠷᠮᠠᠶᠢᠨ᠎ᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠵᠦ᠂ 2 ᠠᠴᠠ ᠳᠡᠭᠡᠭᠰᠢ ᠲᠤᠰᠬᠠᠶ ᠮᠡᠷᠭᠡᠵᠢᠯ ᠢ ᠵᠢᠩᠬᠢᠨᠢ ᠠᠩᠭᠢ ᠳᠤ ᠳᠡᠪᠰᠢᠭᠦᠯᠬᠦ ᠪᠠᠷ ᠴᠢᠷᠮᠠᠶᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠪᠠ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃     ᠡᠷᠡᠭᠦᠯ ᠮᠡᠨᠳᠥ ᠰᠢᠯᠢ ᠶᠢᠨ ᠭᠤᠣᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠵᠠᠰᠠᠯ ᠤᠨ ᠡᠮᠴᠢᠯᠡᠭᠡᠨ ᠤ ᠮᠡᠷᠭᠡᠵᠢᠯ ᠤᠨ ᠠᠰᠠᠷ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠵᠡᠷᠭᠡ ᠲᠥᠷᠥᠯ ᠵᠦᠢᠯ ᠢ ᠠᠰᠢᠭᠯᠠᠯᠲᠠ ᠳᠤ ᠤᠷᠤᠭᠤᠯᠵᠤ᠂ ᠠᠨ ᠱᠧᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠠᠨᠠᠭᠠᠬᠤ ᠤᠬᠠᠭᠠᠨ ᠤ ᠲᠥᠪ᠂ ᠵᠡᠮᠳᠡᠭᠴᠦᠳ ᠤᠨ ᠡᠷᠡᠭᠦᠯᠵᠢᠯ ᠤᠨ ᠲᠥᠪ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠲᠦᠷᠦᠯ ᠤᠨ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠬᠡᠯᠪᠡᠷᠢ ᠶᠢᠨ᠂ ᠰᠢᠯᠢᠳᠡᠭ ᠬᠡᠯᠪᠡᠷᠢ ᠶᠢᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶᠠᠨ ᠤ ᠬᠠᠮᠤᠷᠬᠤ ᠨᠣᠷᠮ᠎ᠠ ᠶᠢ 60 % ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠨ᠎ᠠ᠃  ︽ᠰᠢᠯᠢᠳᠡᠭ ᠦᠶᠯᠡᠴᠢᠯᠡᠭᠡᠨ ᠤ ᠦᠨᠳᠦᠰᠦᠨ ᠱᠠᠲᠤᠨ ᠤ ᠠᠶᠠᠯᠠᠯ︾  ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠳᠥᠷᠪᠡᠨ ᠨᠢᠭᠡ︾ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠵᠠᠭᠪᠤᠷ ᠢ ᠬᠡᠷᠡᠭᠵᠢᠬᠦᠯᠵᠣ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ  ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠨ᠎ᠠ᠃ 78 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ᠂ 702 ᠭᠠᠴᠠᠭ᠎ᠠ ᠲᠣᠰᠬᠤᠨ    ︵ᠨᠡᠶᠢᠭᠡᠮ ᠲᠣᠭᠤᠷᠢᠭ︶ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ  ᠴᠡᠭ ᠢ ᠪᠠᠶᠢᠭᠤᠯᠵᠤ᠂ 15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃     ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠲᠥᠷᠥᠯ ᠬᠤᠪᠢᠶᠠᠨ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠣᠯᠭᠤᠮᠵᠢ ᠶᠢᠨ ᠬᠢᠷᠢ ᠲᠦᠪᠰᠢᠨ ᠢᠶᠠᠨ ᠯᠠᠪᠳᠠᠭᠤᠨ ᠢᠶᠠᠷ ᠳᠡᠭᠡᠭᠰᠢᠯᠡᠭᠦᠯᠦᠨ᠂ ᠨᠡᠶᠢᠭᠡᠮ ᠤᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠥᠮᠦᠰ ᠢ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠭᠠᠳᠬᠠᠯ ᠤᠨ ᠮᠡᠬᠡᠯᠡᠨ ᠬᠢᠬᠠᠬᠤ ᠵᠡᠷᠭᠡ ᠠᠵᠢᠯᠯᠠᠭᠠᠨ ᠳᠤ ᠴᠢᠩᠭ᠎ᠠ ᠴᠣᠬᠢᠯᠲᠠ ᠥᠭᠭᠦᠨ᠎ᠡ᠃ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠦᠷᠢᠮ ᠢ ᠰᠠᠶᠢᠲᠤᠷ ᠬᠡᠷᠡᠭᠵᠢᠭᠦᠯᠵᠦ᠂ ᠡᠮ ᠤᠨ ᠵᠥᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠪᠠᠬᠢᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠠᠭᠠᠰᠬᠠᠬᠤ᠂ ᠭᠠᠭᠴᠠ ᠬᠥᠮᠦᠨ ᠲᠠᠢ ᠡᠷᠦᠬᠡ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠨᠠᠶᠢᠳᠠᠪᠣᠷᠢᠵᠢᠭᠤᠯᠬᠤ᠂ ᠰᠢᠯᠢ ᠶᠢᠨ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠤᠷᠤᠮᠠᠷ ᠪᠠᠶᠢᠭ᠎ᠠ ᠬᠥᠴᠢᠷᠳᠡᠯᠳᠡᠢ ᠡᠷᠥᠬᠡ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠ ᠠᠷᠭ᠎ᠠ ᠪᠠᠷᠢᠯ ᠢ ᠳ᠋ᠦᠩᠨᠡᠨ ᠳᠡᠯᠭᠡᠷᠡᠭᠦᠯᠦᠨ᠎ᠡ᠃ 3 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠨ᠂ 1 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ 1052 ᠡᠷᠦᠬᠡ ᠣᠨᠴᠠ ᠬᠥᠴᠢᠷᠳᠡᠯᠳᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠤᠬᠢᠷᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠣᠷᠣᠰᠢᠭᠤᠯᠭ᠎ᠠ ᠶᠢᠨ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠵᠦ ᠦᠷᠭᠦᠯᠵᠢᠯᠡᠨ ᠪᠠᠶᠢᠭᠤᠯᠬᠤ 4 ᠲᠥᠷᠥᠯ ᠵᠦᠢᠯ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ 4 ᠲᠥᠷᠥᠯ ᠵᠦᠢᠯ ᠢ ᠪᠥᠲᠥᠭᠡᠨ ᠪᠠᠶᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃      ᠤᠯᠠᠨ ᠲᠦᠮᠡᠨ ᠤ ᠤᠯᠠᠨ ᠨᠡᠶᠢᠲᠡ ᠶᠢᠨ ᠰᠣᠶᠣᠯ ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ᠃ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠣᠮ ᠤᠨ ᠰᠠᠩ ᠤᠨ ᠣᠶᠣᠨᠴᠢᠯᠠᠭᠰᠠᠨ᠂  ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠥᠬᠦ ᠠᠶᠢᠮᠠᠭ ᠤᠨ ᠬᠤᠷᠢᠨ ᠬᠤᠶᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠡᠷᠭᠢᠯᠡᠵᠦ᠂ ᠤᠯᠠᠭᠠᠨᠮᠥ᠋ᠴᠢᠷ ᠤᠨ ᠲᠣᠭᠯᠠᠯᠲᠠ  ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠭᠤᠣᠯ ᠱᠤᠭᠤᠮ ᠪᠣᠯᠭᠠᠵᠤ᠂ 4 ᠪᠡᠶ᠎ᠡ ᠲᠠᠮᠢᠷ ᠤᠨ ᠴᠡᠴᠡᠷᠯᠢᠭ᠂ 4 ᠪᠡᠶ᠎ᠡ ᠴᠢᠭᠢᠷᠠᠭᠵᠢᠭᠤᠯᠬᠤ ᠲᠥᠪ᠂ 3 ᠲᠡᠰᠢᠯᠲᠡ ᠶᠢᠨ ᠲᠠᠯᠠᠪᠠᠶ᠂ 9 ᠣᠯᠠᠨ ᠴᠢᠳᠠᠮᠵᠢᠲᠤ ᠪᠡᠶ᠎ᠡ ᠲᠠᠮᠢᠷ ᠤᠨ ᠲᠠᠯᠠᠪᠠᠶ᠂ 5 ᠺᠢᠯᠣᠮᠧᠲᠷ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ ᠥᠷᠭᠡᠳᠬᠡᠨ ᠪᠠᠶᠢᠭᠤᠯᠵᠣ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠦᠷᠨᠢᠭᠦᠯᠦᠨ᠎ᠡ︔ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠠᠵᠢᠯᠯᠠᠭ᠎ᠠ — ᠰᠢᠯᠢ ᠶᠢᠨ ᠭᠤᠤᠯ ᠠᠶᠢᠮᠠᠭ ᠤᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠵᠦ᠂  ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠵᠡᠷᠭᠡ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠰᠢᠯᠢ ᠶᠢᠨ ᠬᠤᠳᠠ᠂ ᠡᠷᠢᠶᠡᠨ ᠬᠤᠲᠠ ᠶᠢ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠬᠤ ᠶᠢ ᠳᠡᠮᠵᠢᠵᠦ᠂ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ     ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠥᠨ᠎ᠡ᠃ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠣᠳᠠᠲᠠᠢ ᠠᠳᠬᠤᠵᠤ᠂  ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ ᠭᠠᠵᠠᠷ︾ ᠢ ᠬᠠᠮᠲᠤᠪᠠᠷ ᠡᠭᠦᠳᠴᠦ ᠬᠠᠮᠲᠤᠪᠠᠷ ᠪᠠᠶᠢᠭᠤᠯᠬᠤ ᠪᠠᠶᠢᠷᠢᠰᠢᠯ ᠢ ᠭᠦᠨᠵᠡᠭᠡᠶᠢᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠨᠡᠨ ᠪᠣᠳᠠᠲᠠᠢ ᠪᠦᠲᠦᠮᠵᠢᠲᠡᠢ ᠥᠷᠨᠢᠭᠦᠯᠵᠦ᠂ ︽ ᠲᠦᠷᠪᠡᠨ ᠬᠠᠮᠲᠤ ᠶᠢᠨ ᠴᠣᠭᠴᠠ︾᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠴᠠᠭ ᠲᠤᠬᠠᠢ ᠳᠤᠨᠢ ᠪᠣᠯᠭᠤᠮᠵᠢᠲᠠᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ  ᠪᠠᠳᠣᠯᠠᠨ᠎ᠠ᠃      ᠲᠦᠭᠰᠢᠭᠦᠷᠢ ᠶᠢᠨ ᠲᠠᠯᠳᠠ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡᠨ ᠴᠢᠨᠠᠷᠲᠠᠢ  ᠲᠦᠭᠰᠢᠭᠦᠷᠢ ᠶᠢ ᠲᠤᠭᠤᠯᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ︽ᠳᠥᠷᠪᠡᠨ ᠨᠢᠭᠡ ᠪᠦᠯᠦᠭ︾ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠮᠠᠨ ᠤ ᠠᠶᠢᠮᠠᠭ ᠤᠨ ︽ᠵᠠᠰᠠᠭ ᠤᠨ ᠣᠷᠳᠣᠨ ᠤ ᠳᠠᠯᠳᠠ ᠥᠷᠢ  ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠢᠨᠠᠨ ᠦᠨᠡᠯᠡᠬᠦ ᠠᠷᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠬᠤᠲᠠ ︵ᠣᠷᠣᠨ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠨ᠂ ᠦᠯᠡᠳᠡᠭᠡᠯ ᠢ ᠠᠷᠢᠯᠭᠠᠵᠤ᠂ ᠪᠥᠬᠦ ᠠᠶᠢᠮᠠᠭ ᠤᠨ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠮᠥᠩᠭᠦᠨ ᠭᠦᠢᠯᠭᠡᠭᠡᠴᠢᠯᠡᠭᠰᠡᠨ ᠲᠦᠭᠰᠢᠭᠦᠷᠢ ᠶᠢ ᠲᠤᠭᠤᠯᠬᠤ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠡᠳ᠋ ᠬᠦᠷᠦᠩᠭᠡ ᠶᠢ ᠪᠦᠲᠦᠮᠵᠢᠲᠡᠢ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠰᠢᠨ᠎ᠡ ᠱᠠᠲᠤ ᠦᠶ᠎ᠡ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠯᠤᠭᠠᠨ᠎ᠠ ᠬᠢᠵᠢᠭ᠂ ᠪᠷᠦ᠋ᠼᠧᠯ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠡᠮᠬᠡᠭ ᠢ ᠬᠠᠮᠲᠤ ᠪᠠᠷ ᠰᠡᠷᠭᠡᠶᠢᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠠᠮᠤᠷ ᠲᠦᠪᠰᠢᠨ ᠢ ᠬᠠᠮᠠᠭᠠᠯᠠᠨ᠎ᠠ᠃      ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃  ︽ᠣᠶᠣᠨᠳᠣ ᠳᠣᠲᠣᠭᠠᠳᠤ ᠶᠢ ᠬᠠᠮᠠᠭᠠᠯᠠᠬᠤ︾ ︽ᠲᠣᠷᠠᠨᠳᠣ ᠢᠨᠵᠧᠨᠧᠷᠢᠩ︾ ᠲᠤ ᠲᠦᠰᠢᠭᠯᠡᠨ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠭᠠᠷᠬᠤ ᠨᠣᠷᠮ᠎ᠠ ᠶᠢ ᠤᠯᠠᠮ ᠪᠠᠭᠠᠰᠬᠠᠨ᠎ᠠ᠃  ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠬᠡᠷᠡᠭ ᠳᠠᠭᠠᠭᠠᠴᠢᠯᠠᠬᠤ ᠠᠵᠢᠯ ᠤᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠬᠡᠮᠵᠢᠶ᠎ᠡ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠪᠠ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠵᠣ᠂ ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠡᠪᠳᠡᠯᠡᠭᠡ ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ‌ᠦᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠪᠠ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠠᠷᠠᠳ ᠤᠨ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃      ᠠᠶᠤᠯᠭᠦᠶ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃  ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠤᠷᠪᠠᠳᠠᠬᠢ ᠡᠲᠡᠭᠡᠳ ᠢ ᠦᠷᠭᠦᠯᠵᠢᠯᠡᠨ ᠤᠷᠢᠵᠤ ᠭᠤᠤᠯᠳᠠᠯᠭ᠎ᠠ ᠲᠠᠢ ᠠᠵᠢᠯ ᠲᠥᠷᠥᠯ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠶᠢ ᠥᠷᠨᠢᠭᠦᠯᠵᠦ᠂ 17 ᠨᠡᠭᠦᠷᠡᠰᠦᠨ ᠠᠭᠤᠷᠬᠠᠶ᠂ 14 ᠨᠡᠭᠦᠷᠡᠰᠦᠨ ᠤ ᠪᠤᠰᠤ ᠠᠭᠤᠷᠬᠠᠶ ᠳᠤ 161 ᠣᠶᠤᠨᠴᠢᠯᠠᠭᠰᠠᠨ ᠲᠥᠷᠥᠯ ᠵᠦᠢᠯ ᠭᠡᠷᠡᠭᠵᠢᠬᠦᠯᠵᠣ᠂ ᠣᠨᠴᠠ ᠶᠡᠭᠡ ᠠᠳᠠᠯ ᠭᠠᠷᠬᠤ ᠠᠴᠠ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂  ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠴᠠᠭ ᠠᠭᠤᠷ ᠤᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠳᠥᠷᠪᠡ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠨ᠎ᠠ        ︵ᠨᠢᠭᠡ︶ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠬᠤ᠂       ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠨᠢᠭᠲᠠ ᠤᠶᠠᠯᠳᠤᠭᠤᠯᠵᠤ᠂ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂  ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃       ︵ᠬᠤᠶᠠᠷ︶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠤᠷᠪᠤᠰ ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ 8 ᠵᠤᠷᠪᠤᠰ᠂ ᠤᠳᠤᠷᠢᠳᠬᠤ ᠺᠠᠳ᠋ᠷ ᠤᠨ ᠳᠡᠪᠰᠢᠵᠦ ᠪᠠᠭᠤᠵᠤ ᠪᠦᠷ ᠪᠣᠯᠬᠤ ᠶᠢ ᠠᠬᠢᠭᠤᠯᠬᠤ 38 ᠵᠤᠷᠪᠤᠰ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠳᠤᠷᠠᠳᠤᠭᠰᠠᠨ ︽ᠳᠣᠯᠤᠭ᠎ᠠ ᠶᠢ ᠲᠠᠶᠠᠭᠳᠠᠬᠤ︾ ᠪᠠ ᠠᠶᠢᠮᠠᠭ ᠤᠨ ᠨᠠᠮ ᠤᠨ ᠬᠤᠷᠢᠶᠠᠨ ᠠᠴᠠ ᠳᠤᠷᠠᠳᠤᠭᠰᠠᠨ ︽ᠲᠤᠯᠤᠭᠠᠨ ᠵᠦᠢᠯ ᠤᠨ ᠣᠶᠢᠯᠠᠭᠠᠭᠳᠠᠬᠤᠨ︾ ᠢ ᠪᠠᠷᠢᠮᠳᠠᠯᠠᠨ ᠦᠢᠯᠡᠳᠦᠯᠭᠡᠵᠢᠭᠦᠯᠵᠦ᠂ ᠪᠣᠳᠠᠲᠤ ᠠᠮᠵᠢᠯᠲᠠ ᠭᠠᠷᠭᠠᠵᠤ᠂ ᠦᠷ᠎ᠡ ᠪᠦᠲᠦᠮᠵᠢ  ᠪᠠᠷ ᠢᠶᠠᠨ ᠥᠪᠡᠷ ᠤᠨ ᠥᠷᠲᠡᠭ ᠢᠶᠠᠨ ᠢᠯᠡᠷᠡᠭᠦᠯᠬᠦ ᠤᠳᠤᠷᠢᠳᠤᠮᠵᠢ ᠶᠢ ᠴᠢᠩᠭᠠᠷᠠᠭᠤᠯᠣᠨ᠎ᠠ᠃ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠪᠣᠳᠠᠲᠠᠶ ᠠᠵᠢᠯ ᠬᠢᠵᠦ᠂ ᠪᠣᠳᠠᠲᠠᠶ ᠠᠷᠭ᠎ᠠ ᠰᠦᠪᠡᠭᠴᠢᠯᠡᠨ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠡᠷᠬᠢᠮᠯᠡᠵᠣ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠦᠲᠦᠭᠡᠯᠴᠢ ᠴᠢᠨᠠᠷᠲᠠᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠭᠲᠠᠭᠠᠭᠰᠠᠨ ᠤᠴᠢᠷ ᠶᠠᠪᠤᠳᠠᠯ ᠳᠤ ᠴᠢᠭᠯᠡᠭᠦᠯᠦᠨ᠂  ᠡᠭᠦᠷᠭᠡ ᠶᠢ ᠲᠦᠷᠦᠯ ᠵᠦᠢᠯᠴᠢᠯᠡᠬᠦ᠂ ᠲᠦᠷᠦᠯ ᠵᠦᠢᠯ ᠢ ᠨᠠᠷᠢᠨ ᠳᠠᠩᠰᠠᠴᠢᠯᠠᠬᠤ᠂ ᠨᠠᠷᠢᠨ ᠳᠠᠩᠰᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠠᠵᠢᠯᠳᠠᠨ ᠠᠵᠢᠯ ᠤᠨ ᠪᠠᠶᠢᠷᠢ ᠡᠬᠦᠷᠭᠡ ᠬᠠᠷᠢᠭᠤᠴᠠᠯᠭ᠎ᠠ ᠴᠠᠭ ᠬᠤᠭᠤᠴᠠᠭ᠎ᠠ ᠲᠣᠭᠲᠠᠭᠠᠵᠤ᠂ ᠠᠵᠢᠯ ᠶᠠᠪᠤᠳᠠᠯ ᠪᠦᠬᠦᠨ ᠢ ᠠᠳᠬᠤᠬᠤ ᠬᠥᠮᠦᠨ ᠲᠠᠢ᠂  ᠬᠡᠷᠡᠭ ᠣᠴᠢᠷ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠣᠯᠠᠨ᠎ᠠ᠃       ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢᠶᠠᠨ ᠯᠠᠪᠳᠠᠭᠤᠨ ᠪᠠᠳᠣᠲᠠᠢ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠠᠬᠢᠭᠤᠯᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠥᠳᠡᠯᠦᠩᠭᠦᠶ ᠪᠠᠷ ᠴᠡᠭᠴᠡᠯᠡᠬᠦ ᠶᠢ ᠴᠢᠩᠭᠠᠳᠬᠠᠵᠤ᠂ ᠰᠢᠢᠳᠪᠦᠷᠢᠳᠣ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠳᠣ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠣᠳᠣᠯᠲᠠ᠂ ᠲᠤᠭ᠎ᠠ ᠪᠦᠷᠢᠳᠬᠡᠯ ᠤᠨ ᠬᠢᠨᠠᠯᠲᠠ ᠪᠠᠨ ᠴᠢᠩᠭᠠᠳᠬᠠᠵᠤ ᠂ ᠬᠢᠨᠠᠯᠲᠠ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃      ︵ᠲᠦᠷᠪᠡ︶ ᠲᠥᠪ ᠭᠤᠣᠯᠴᠢ ᠠᠷᠢᠭᠤᠨ ᠴᠢᠬᠡᠴᠢ ᠬᠡᠪ ᠳᠠᠭᠤᠷᠢᠶᠠᠯ ᠪᠣᠯᠣᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠬᠢᠷᠭ᠎ᠠ ᠶᠢᠨ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠣᠨ᠎ᠠ᠃  ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠮᠠᠨ ᠤ ᠠᠶᠢᠮᠠᠭ ᠤᠨ ᠢᠵᠢ ᠪᠦᠷᠢᠳᠦᠭᠰᠡᠨ ᠲᠣᠭᠲᠠᠭᠠᠯ   ᠢ ᠴᠥᠬᠦᠷᠡᠰᠢ ᠦᠭᠡᠢ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ ᠭᠡᠮ ᠰᠣᠭᠤᠭ ᠢ ᠬᠦᠴᠦᠯᠡᠨ ᠴᠡᠭᠴᠡᠯᠡᠨ ᠵᠠᠰᠠᠨ᠎ᠠ᠃ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠲᠥᠰᠦᠪ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ ᠮᠥᠩᠭᠦ ᠶᠢ ︽ᠭᠤᠷᠪᠠ ᠶᠢ ᠪᠠᠲᠤᠯᠠᠬᠤ︾ ᠳᠡᠭᠡᠷ᠎ᠡ ᠨᠡᠩ ᠢᠯᠡᠭᠦᠦ ᠬᠡᠷᠡᠭᠯᠡᠨ᠎ᠡ᠃ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠲᠡ ᠪᠠ ᠤᠯᠠᠨ ᠨᠡᠶᠢᠲᠡ ᠶᠢᠨ ᠡᠬᠢ ᠪᠠᠶᠠᠯᠢᠭ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠤᠯᠤᠰ ᠤᠨ ᠦᠮᠴᠢᠯᠡᠯᠳᠣ ᠡᠳ᠋ ᠬᠦᠷᠦᠩᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠦᠷᠢᠮ ᠢᠶᠠᠷ ᠡᠷᠬᠡ ᠶᠢ ᠬᠠᠮᠢᠶᠠᠷᠬᠤ ᠂ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠰᠠᠭᠤᠷᠢ ᠭᠦᠴᠦᠨ ᠪᠣᠯᠭᠠᠨ᠎ᠠ᠃      ᠡᠷᠬᠢᠯᠡᠭᠴᠢ ᠨᠠᠷ᠂ ᠭᠡᠰᠢᠭᠦᠳ ᠡ︕ ᠰᠢᠨ᠎ᠡ ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠠᠶᠠᠨ ᠵᠠᠮ ᠬᠥᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂  ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ︽ᠤᠯᠤᠰ ᠤᠨ ᠶᠡᠭᠡ ᠶᠠᠪᠤᠳᠠᠯ︾ ᠢ ᠭᠡᠬᠦᠳᠡᠭ ᠴᠡᠭᠡᠵᠢᠨ ᠳᠡᠭᠡᠨ ᠬᠠᠳᠠᠩᠰᠢᠭᠤᠯᠵᠣ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠰᠢᠯᠢ ᠶᠢᠨ ᠭᠤᠣᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ᠃︽ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ︾ ᠤᠨ ᠬᠤᠯᠪᠣᠭᠳᠠᠯ ᠪᠦᠬᠦᠢ ᠨᠡᠷ᠎ᠡ ᠦᠭᠡ ᠶᠢᠨ ᠲᠠᠶᠢᠯᠪᠤᠷᠢᠯᠠᠯᠲᠠ      1.︽ᠭᠤᠷᠪᠠᠨ ᠣᠷᠣᠨ ᠵᠠᠢ ᠭᠤᠷᠪᠠᠨ ᠱᠤᠭᠤᠮ︾᠄ ︽ᠭᠤᠷᠪᠠᠨ ᠣᠷᠣᠨ ᠵᠠᠢ︾ ᠭᠡᠳᠡᠭ ᠨᠢ ᠬᠤᠳᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠦᠷᠦᠯ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠠᠶᠢᠨ᠎ᠠ︔ ︽ᠭᠤᠷᠪᠠᠨ ᠱᠤᠭᠤᠮ︾ ᠭᠡᠳᠡᠭ ᠨᠢ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠢᠭᠠᠵᠤ ᠪᠣᠶ᠃      2.ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠬᠦᠢᠴᠡᠳᠭᠡᠬᠦ  ︾᠄  ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠠᠯᠠᠭᠠᠨ ᠳᠡᠭᠡᠷ᠎ᠡ ᠪᠠᠨ ᠬᠦᠢᠴᠡᠳᠭᠡᠬᠦ᠂ ᠨᠢᠭᠡ ᠯᠡ ᠤᠳᠠᠭ᠎ᠠ ᠳᠤ ᠬᠦᠢᠴᠡᠳᠭᠡᠬᠦ᠂  ᠬᠠᠪᠰᠤᠷᠤᠨ ᠬᠦᠢᠴᠡᠳᠭᠡᠬᠦ ᠶᠢ ᠵᠢᠭᠠᠵᠤ ᠪᠣᠶ᠃      3.︽ᠳᠥᠷᠪᠡ ᠶᠢ ᠥᠯᠥ ᠡᠭᠦᠰᠭᠡᠬᠦ︾᠄ ᠣᠨᠴᠠ ᠶᠡᠭᠡ ᠤᠯᠤᠰ ᠲᠥᠷᠥ ᠶᠢᠨ ᠬᠡᠷᠡᠭ ᠥᠯᠥ ᠡᠭᠦᠰᠭᠡᠬᠦ᠂ ᠮᠠᠭᠤ ᠨᠥᠯᠥᠭᠡ ᠪᠦᠬᠦᠢ ᠣᠯᠠᠨ ᠲᠦᠮᠡᠨᠴᠢ  ᠴᠢᠨᠠᠷᠲᠠᠶ ᠬᠡᠷᠡᠭ ᠥᠯᠥ ᠡᠭᠦᠰᠭᠡᠬᠦ᠂ ᠣᠨᠴᠠ ᠶᠡᠭᠡ ᠠᠮᠤᠷ ᠲᠦᠪᠰᠢᠨ ᠤ ᠭᠠᠶ ᠭᠠᠮᠰᠢᠭ ᠤᠨ ᠬᠡᠷᠡᠭ ᠥᠯᠥ ᠡᠭᠦᠰᠭᠡᠬᠦ᠂ ᠣᠨᠴᠠ ᠶᠡᠭᠡ ᠬᠦᠨᠳᠦ ᠨᠣᠴᠢᠲᠠᠶ ᠬᠡᠷᠡᠭ ᠥᠯᠥ ᠡᠭᠦᠰᠭᠡᠬᠦ ᠶᠢ ᠵᠢᠭᠠᠵᠤ ᠪᠣᠶ᠃      4.︽ᠨᠢᠭᠡ ᠡᠪᠡᠰᠣᠳᠣ ᠭᠠᠵᠠᠷ ᠬᠤᠶᠠᠷ ᠶᠡᠭᠡ ᠡᠯᠡᠰᠦᠷᠭᠡᠭ ᠣᠷᠣᠨ ᠬᠤᠶᠠᠷ ᠭᠦᠭᠵᠢᠯᠳᠡ ᠶᠢᠨ ᠲᠣᠭᠤᠷᠢᠭ᠂ ᠨᠢᠭᠡ ᠭᠤᠤᠯ ᠭᠤᠷᠪᠠᠨ ᠳᠡᠳ᠋ ᠭᠤᠷᠪᠠᠨ ᠪᠦᠰᠡ︾᠄ ᠪᠥᠬᠦ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠳᠤᠷᠠᠳᠤᠭᠰᠠᠨ ᠨᠢ᠂ ︽ᠨᠢᠭᠡ ᠡᠪᠡᠰᠣᠳᠣ ᠭᠠᠵᠠᠷ︾ ᠭᠡᠳᠡᠭ ᠨᠢ ᠠᠶᠢᠮᠠᠭ  ᠤᠨ ᠨᠤᠲᠤᠭ ᠳᠡᠪᠢᠰᠬᠡᠷ ᠤᠨ 87 % ᠶᠢ ᠡᠵᠡᠯᠡᠬᠦ ᠡᠪᠡᠰᠣᠳᠣ ᠭᠠᠵᠠᠷ ᠢ ᠵᠢᠭᠠᠵᠤ ᠪᠣᠶ︔ ︽ᠬᠤᠶᠠᠷ ᠶᠡᠭᠡ ᠡᠯᠡᠰᠦᠷᠭᠡᠭ ᠣᠷᠣᠨ︾ ᠭᠡᠳᠡᠭ ᠨᠢ ᠬᠤᠯᠠᠨ ᠰᠢᠷᠭ᠎ᠠ ᠲᠠᠭ᠎ᠠ᠂ ᠦᠵᠦᠮᠦᠴᠢᠨ ᠤ ᠬᠤᠶᠠᠷ ᠶᠡᠭᠡ ᠡᠯᠡᠰᠦᠷᠬᠡᠭ ᠭᠠᠵᠠᠷ ᠢ ᠵᠢᠭᠠᠵᠤ ᠪᠣᠶ︔ ︽ᠬᠤᠶᠠᠷ ᠭᠦᠭᠵᠢᠯᠳᠡ ᠶᠢᠨ ᠲᠣᠭᠤᠷᠢᠭ︾ ᠭᠡᠳᠡᠭ ᠨᠢ ᠳᠤᠮᠳᠠ ᠬᠤᠶᠢᠲᠤ ᠬᠡᠰᠡᠭ ᠤᠨ ᠴᠡᠪᠡᠷ ᠡᠨᠧᠷᠭᠢ ᠶᠢᠨ ᠲᠥᠪᠯᠡᠷᠡᠭᠦᠯᠦᠨ ᠬᠥᠭᠵᠢᠭᠦᠯᠬᠦ ᠣᠷᠣᠨ᠂ ᠡᠮᠦᠨᠡᠲᠦ ᠬᠡᠰᠡᠭ ᠤᠨ ᠴᠡᠪᠡᠷ ᠡᠨᠧᠷᠭᠢ ᠶᠢᠨ ᠲᠥᠪᠯᠡᠷᠡᠭᠦᠯᠦᠨ ᠬᠥᠭᠵᠢᠭᠦᠯᠬᠦ ᠣᠷᠣᠨ ᠢ ᠵᠢᠭᠠᠵᠤ ᠪᠣᠶ︔ ︽ᠨᠢᠭᠡ ᠭᠤᠣᠯ︾ ᠭᠡᠳᠡᠭ ᠨᠢ ᠰᠢᠯᠢ ᠶᠢᠨ ᠬᠤᠳᠠ ᠪᠠᠷ ᠲᠥᠪ ᠬᠤᠲᠠ ᠪᠣᠯᠭᠠᠬᠤ ᠶᠢ ᠵᠢᠭᠠᠵᠤ ᠪᠣᠶ︔ ︽ᠭᠤᠷᠪᠠᠨ ᠳᠡᠳ᠋︾ ᠭᠡᠳᠡᠭ ᠨᠢ ᠡᠷᠢᠶᠡᠨ ᠬᠤᠲᠠ᠂ ᠳᠣᠯᠣᠨ ᠨᠣᠣᠷ ᠪᠠᠯᠭᠠᠰᠤ᠂ ᠪᠠᠯᠭᠠᠷᠭᠤᠤᠯ ᠪᠠᠯᠭᠠᠰᠤ ᠪᠣᠯᠤᠨ ᠪᠠᠶᠠᠨᠬᠤᠸᠠ ᠪᠠᠯᠭᠠᠰᠤ ᠪᠠᠷ ᠪᠦᠯᠬᠦᠮ ᠪᠠᠶᠢᠭᠤᠯᠵᠤ ᠳᠡᠳ᠋ ᠲᠥᠪ ᠬᠤᠲᠠ ᠪᠣᠯᠭᠠᠬᠤ ᠶᠢ ᠵᠢᠭᠠᠵᠤ ᠪᠣᠶ︔ ︽ᠭᠤᠷᠪᠠᠨ ᠪᠦᠰᠡ︾ ᠭᠡᠳᠡᠭ ᠨᠢ ᠡᠮᠦᠨᠡᠲᠦ ᠬᠡᠰᠡᠭ ᠤᠨ ᠪᠡᠭᠡᠵᠢᠩ ᠲᠢᠶᠠᠨᠵᠢᠨ ᠾᠧᠪᠧᠶ ᠶᠢ ᠲᠣᠭᠤᠷᠢᠭᠰᠠᠨ ᠠᠵᠤ ᠠᠬᠤᠶ ᠶᠢᠨ ᠬᠥᠭᠵᠢᠯᠲᠡ ᠶᠢᠨ ᠪᠦᠰᠡ᠂ ︽Y︾ ᠬᠡᠯᠪᠡᠷᠢ ᠶᠢᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠦᠰᠡ᠂ ︽H︾ ᠬᠡᠯᠪᠡᠷᠢ ᠶᠢᠨ ᠳᠤᠮᠳᠠᠳᠤ ᠮᠣᠩᠭᠤᠯ ᠤᠷᠤᠰ ᠤᠨ ᠬᠢᠯᠢ ᠬᠢᠵᠠᠭᠠᠷ ᠣᠷᠣᠨ ᠳᠤ ᠨᠡᠪᠳᠡᠷᠡᠭᠦᠯᠬᠦ ᠠᠵᠤ ᠠᠬᠤᠶ ᠶᠢᠨ ᠬᠥᠭᠵᠢᠯᠲᠡ ᠶᠢᠨ ᠪᠦᠰᠡ ᠶᠢ ᠵᠢᠭᠠᠵᠤ ᠪᠣᠶ᠃      5.︽ᠬᠤᠶᠠᠷ ᠢ ᠤᠷᠢᠳᠠᠪᠠᠷ ᠪᠠᠶᠢᠭᠤᠯᠬᠤ︾ ︽ᠬᠤᠶᠠᠷ ᠢ ᠳᠠᠪᠠᠭᠤᠯᠬᠤ︾᠄ ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ᠨᠢ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠶᠢ ᠪᠥᠬᠦ ᠤᠯᠤᠰ ᠲᠤ ᠤᠷᠢᠳᠠᠪᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠤᠷᠢᠳᠠᠪᠠᠷ ᠪᠠᠶᠢᠭᠤᠯᠵᠤ᠂ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠪᠣᠯᠬᠤ ᠳᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠠᠴᠠ ᠳᠠᠪᠠᠭᠤᠯᠤᠨ᠎ᠠ᠃      6.︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾᠄ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠨ ᠥᠷᠨᠢᠭᠦᠯᠦᠭᠰᠡᠨ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠶ᠂ ᠲᠣᠨᠣᠮᠠᠯ ᠪᠡᠯᠡ ᠮᠥᠩᠭᠦ᠂ ︽ ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠵᠢᠭᠠᠵᠤ ᠪᠤᠶ᠂ ᠠᠵᠤ ᠠᠬᠤᠶ ᠶᠢᠨ ᠬᠦᠷᠢᠶᠡᠨ ᠳᠤ ᠤᠷᠲᠤ ᠬᠤᠭᠤᠴᠠᠭ᠎ᠠ ᠪᠠᠷ ᠣᠷᠣᠭᠰᠢᠭᠰᠠᠭᠠᠷ ᠢᠷᠡᠭᠰᠡᠨ ᠶᠠᠰᠤ ᠴᠢᠨᠠᠷ ᠮᠠᠭᠤ ᠦᠷ᠎ᠡ ᠠᠰᠢᠭ ᠳᠤᠤᠷ᠎ᠠ᠂ ᠪᠦᠷᠢᠯᠭᠡᠨ ᠰᠣᠶᠢᠳᠬᠡᠵᠣ ᠪᠠᠶᠢᠭ᠎ᠠ ᠪᠠᠶᠢᠳᠠᠯ ᠭᠦᠨᠳᠣ ᠨᠣᠴᠢᠲᠠᠢ ᠵᠡᠷᠭᠡ ᠠᠰᠠᠭᠤᠳᠠᠯ ᠢ  ᠰᠢᠢᠳᠪᠦᠷᠢᠯᠡᠬᠦ ᠪᠠᠷ ᠵᠣᠷᠢᠯᠭ᠎ᠠ ᠪᠣᠯᠭᠠᠨ᠎ᠠ᠃      7.︽ᠬᠤᠶᠠᠷ ᠢ ᠰᠢᠯᠢᠳᠡᠭᠵᠢᠭᠦᠯᠬᠦ︾ ᠲᠤᠰᠬᠠᠶ ᠲᠦᠷᠦᠯ ᠤᠨ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠠᠴᠠ ᠥᠷᠨᠢᠭᠦᠯᠦᠭᠰᠡᠨ ︽ᠲᠣᠰᠢᠶᠠᠯ ᠬᠠᠷᠢᠭᠤᠴᠠᠯᠭ᠎ᠠ ᠪᠠᠨ ᠰᠢᠯᠢᠳᠡᠭᠵᠢᠭᠦᠯᠬᠦ᠂ ᠠᠵᠢᠯ ᠤᠨ ᠶᠠᠪᠣᠴᠠ ᠪᠠᠨ ᠰᠢᠯᠢᠳᠡᠭᠵᠢᠭᠦᠯᠬᠦ︾ ᠲᠤᠰᠬᠠᠶ ᠲᠦᠷᠦᠯ ᠤᠨ ᠠᠵᠢᠯᠯᠠᠭ᠎ᠠ ᠶᠢ ᠵᠢᠭᠠᠵᠤ ᠪᠤᠢ᠂ ᠡᠯ᠎ᠡ ᠵᠦᠢᠯ ᠤᠨ ᠠᠵᠢᠯ ᠢ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠳᠡᠭᠡᠭᠰᠢᠯᠡᠭᠦᠯᠬᠦ︾ ᠶᠢ ᠠᠬᠢᠭᠤᠯᠵᠤ᠂ ᠠᠷᠠᠳ ᠣᠯᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠨ᠎ᠠ᠃      8.︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠄ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠪᠠᠷᠢᠮᠵᠢᠶ᠎ᠠ ᠶᠢ ᠵᠢᠷᠤᠮᠵᠢᠭᠤᠯᠬᠤ᠂  ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠶᠠᠪᠣᠴᠠ ᠶᠢ ᠰᠢᠯᠢᠳᠡᠭᠵᠢᠭᠦᠯᠬᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠶ ᠠᠯᠪᠠᠨ ᠰᠦᠯᠵᠢᠶ᠎ᠡ ᠪᠠᠶᠢᠭᠤᠯᠬᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠢᠵᠢ ᠪᠥᠷᠢᠳᠦᠭᠦᠯᠬᠦ ᠲᠦᠷᠢᠮ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠭᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠶᠢ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ ᠨᠡᠶᠢᠳᠡᠮ ᠬᠦᠢᠴᠡᠳᠭᠡᠬᠦ ᠶᠢ ᠠᠬᠢᠭᠤᠯᠤᠨ᠎ᠠ᠃      9.︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠄ ᠬᠤᠲᠠ ᠶᠢᠨ ᠡᠯ᠎ᠡ ᠵᠠᠰᠠᠯᠲᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠨᠡᠪᠲᠡᠷᠡᠭᠦᠯᠵᠦ᠂ ᠪᠦᠬᠦ ᠬᠦᠷᠢᠶᠡᠨ ᠳᠠᠬᠢ ᠪᠣᠳᠠᠲᠤ ᠴᠣᠭᠴᠠ ᠶᠢᠨ ᠲᠥᠪ ᠪᠠ ᠵᠠᠰᠠᠯᠲᠠ ᠶᠢᠨ ᠬᠦᠴᠦᠨ ᠢ ᠨᠡᠶᠢᠳᠬᠡᠬᠦ ᠬᠠᠮᠵᠢᠯᠴᠠᠬᠤ ᠵᠠᠭᠪᠤᠷ ᠢ ᠨᠡᠪᠲᠡᠷᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠲᠠᠴᠠ ᠶᠢᠨ ᠰᠢᠨ᠎ᠡ ᠶᠢ ᠡᠭᠦᠳᠬᠦ ᠪᠠ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠢᠭᠡ ᠰᠦᠯᠵᠢᠶ᠎ᠡ ᠪᠠᠷ ᠪᠥᠬᠦ ᠬᠤᠲᠠ ᠶᠢ ᠬᠠᠮᠢᠶᠠᠷᠬᠤ ᠶᠢ ᠪᠡᠶᠡᠯᠡᠭᠦᠯᠦᠨ᠎ᠡ᠃      10.︽ᠬᠤᠶᠠᠷ ᠢ ᠲᠤᠰᠢᠶᠠᠬᠤ ᠠᠴᠠ ᠬᠡᠯᠲᠦᠷᠢᠭᠦᠯᠬᠦ︾᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠮᠠᠲ᠋ᠧᠷᠢᠶᠠᠯ ᠪᠦᠬᠦᠨ ᠢ ᠵᠠᠷᠴᠢᠮ ᠳᠡᠭᠡᠷ᠎ᠡ ᠪᠠᠨ ᠲᠤᠰᠢᠶᠠᠬᠤ ᠠᠴᠠ ᠬᠡᠯᠲᠦᠷᠢᠭᠦᠯᠬᠦ ᠶᠢ ᠵᠢᠭᠠᠵᠤ ᠪᠤᠢ︔ ᠡᠯᠧᠺᠲᠷᠣᠨ ᠭᠡᠷᠡᠴᠢ ᠦᠨᠡᠮᠯᠡᠯ ᠬᠠᠩᠭᠠᠵᠤ ᠳᠡᠶᠢᠯᠬᠦ ᠪᠦᠬᠦᠨ ᠢ ᠵᠠᠷᠴᠢᠮ ᠳᠡᠭᠡᠷ᠎ᠡ ᠪᠠᠨ ᠴᠥᠮ ᠪᠣᠳᠠᠲᠤ ᠭᠡᠷᠡᠴᠢ ᠦᠨᠡᠮᠯᠡᠯ ᠲᠤᠰᠢᠶᠠᠬᠤ ᠠᠴᠠ ᠬᠡᠯᠲᠦᠷᠢᠭᠦᠯᠦᠨ᠎ᠡ᠃      11.︽1230︾ ᠢᠨᠵᠧᠨᠧᠷᠢᠩ᠄ ᠪᠥᠬᠦ ᠠᠶᠢᠮᠠᠭ ᠤᠨ ᠣᠲᠣ ᠶᠢᠨ ᠪᠠᠶᠢᠭ᠎ᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠨᠡᠶᠢᠭᠡᠮ ᠤᠨ ᠠᠵᠢᠯ ᠦᠢᠯᠡᠰ  ᠤᠨ ᠴᠢᠳᠠᠪᠤᠷᠢᠲᠠᠨ᠂ ᠬᠥᠳᠡᠭᠡ ᠲᠣᠰᠬᠤᠨ ᠮᠠᠯᠵᠢᠬᠤ ᠣᠷᠣᠨ ᠤ ᠴᠢᠳᠠᠪᠤᠷᠢᠲᠠᠨ᠂ ᠨᠡᠶᠢᠲᠡ ᠶᠢᠨ ᠦᠮᠴᠢᠯᠡᠯᠳᠣ ᠪᠤᠰᠤ ᠠᠵᠤ ᠠᠬᠤᠶ ᠶᠢᠨ ᠴᠢᠳᠠᠪᠤᠷᠢᠲᠠᠨ᠂ ᠰᠣᠶᠣᠯ ᠤᠬᠠᠭᠤᠯᠭ᠎ᠠ ᠶᠢᠨ ᠴᠢᠳᠠᠪᠤᠷᠢᠲᠠᠨ᠂ ᠵᠢᠭᠤᠯᠴᠢᠯᠠᠯ ᠤᠨ ᠴᠢᠳᠠᠪᠤᠷᠢᠲᠠᠨ᠂ ᠨᠠᠮ ᠵᠠᠰᠠᠭ ᠤᠨ ᠴᠢᠳᠠᠪᠤᠷᠢᠲᠠᠨ᠂ ᠰᠤᠷᠭᠠᠨ ᠬᠥᠮᠦᠵᠢᠯ ᠤᠨ ᠴᠢᠳᠠᠪᠤᠷᠢᠲᠠᠨ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠵᠡᠷᠭᠡ 12 ᠴᠢᠳᠠᠪᠤᠷᠢᠲᠠᠨ ᠤ ᠡᠩᠨᠡᠭᠡᠨ ᠤ ᠳᠣᠲᠣᠷ᠎ᠠ ᠠᠴᠠ ᠡᠩᠨᠡᠭᠡ ᠨᠢᠭᠡᠪᠦᠷᠢ ᠶᠢᠨ 30 ᠰᠢᠯᠢᠳᠡᠭ ᠴᠢᠳᠠᠪᠤᠷᠢᠲᠠᠨ ᠢ ᠰᠢᠯᠢᠨ ᠳᠡᠪᠰᠢᠬᠦᠯᠦᠨ᠎ᠡ᠃ ᠬᠤᠶᠠᠷ ᠵᠢᠯ ᠨᠢᠭᠡᠪᠦᠷᠢ ᠳᠤ ᠨᠢᠭᠡ ᠤᠳᠠᠭ᠎ᠠ ᠰᠢᠯᠢᠨ ᠳᠡᠪᠰᠢᠭᠦᠯᠵᠦ᠂ ᠮᠥᠷᠳᠡᠨ ᠬᠥᠮᠦᠵᠢᠭᠦᠯᠬᠦ ᠪᠠ ᠭᠤᠣᠯᠳᠠᠯᠭ᠎ᠠ ᠲᠠᠢ ᠳᠡᠮᠵᠢᠵᠦ᠂ ᠲᠡᠳᠡᠨ ᠢ ᠲᠤᠰ ᠲᠤᠰ ᠤᠨ ᠬᠦᠷᠢᠶᠡᠨ  ᠳᠠᠬᠢ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ᠂ ᠡᠷᠳᠡᠮ ᠰᠢᠨᠵᠢᠯᠡᠭᠡᠨ ᠮᠡᠷᠭᠡᠵᠢᠯ ᠤᠨ ᠭᠤᠣᠯᠯᠠᠭᠴᠢ ᠬᠦᠴᠦᠨ ᠪᠤᠶᠤ ᠳᠠᠭᠠᠭᠤᠯᠤᠭᠴᠢ ᠴᠢᠳᠠᠪᠤᠷᠢᠲᠠᠨ ᠪᠣᠯᠭᠠᠨ᠎ᠠ᠃      12. ︽ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢᠶᠠᠨ ᠣᠷᠢᠳᠠᠪᠡᠷ ᠦᠷᠨᠢᠬᠦᠯᠬᠦ︾ ︽ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ︾᠄ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠠᠶᠢᠭᠠᠳ ᠵᠣᠬᠢᠬᠤ ᠣᠷᠣᠨ ᠪᠦᠰᠡ ᠶᠢᠨ ᠳᠣᠳᠣᠷᠠᠬᠢ ᠲᠠᠷᠣᠭᠳᠠᠭᠰᠠᠨ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠂ ᠪᠠᠶᠢᠭᠠᠯᠢ ᠶᠢᠨ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ᠂ ᠭᠠᠵᠠᠷ ᠬᠥᠳᠡᠯᠦᠯᠲᠡ ᠶᠢᠨ ᠠᠶᠤᠯᠭᠦᠶ ᠴᠢᠨᠠᠷ ᠢ ᠦᠨᠡᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠤᠲᠠᠯᠠᠬᠤ᠂ ᠦᠶᠡᠷ ᠤᠨ ᠨᠥᠯᠥᠭᠡ ᠶᠢ ᠦᠨᠡᠯᠡᠬᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠵᠡᠷᠭᠡ ᠵᠦᠢᠯᠡᠰ ᠲᠤ ᠨᠢᠭᠡᠳᠦᠯᠲᠡᠶ ᠦᠨᠡᠯᠡᠨ ᠵᠢᠱᠢᠯᠲᠡ ᠬᠢᠬᠦ ᠶᠢ ᠵᠢᠭᠠᠵᠤ ᠪᠤᠢ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠯᠡᠴᠡ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠬᠢᠵᠠᠭᠠᠷᠯᠠᠬᠤ ᠴᠢᠨᠠᠷᠲᠠᠶ ᠬᠦᠢᠴᠡᠳᠭᠡᠯ ᠲᠤᠭ᠎ᠠ ᠶᠢ ᠲᠣᠳᠣᠷᠬᠠᠶᠢᠯᠠᠵᠤ᠂ ᠡᠭᠦᠨ ᠢᠶᠠᠷ ᠪᠠᠷᠢᠮᠵᠢᠶ᠎ᠠ ᠪᠣᠯᠭᠠᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠨ᠎ᠠ᠃      13.︽ᠳᠥᠷᠪᠡᠨ ᠨᠢᠭᠡ︾ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠵᠠᠭᠪᠤᠷ᠄ ︽ᠰᠢᠯᠢ ᠶᠢᠨ ᠭᠤᠤᠯ ᠠᠶᠢᠮᠠᠭ ᠤᠨ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠳᠡᠭᠡᠭᠰᠢᠯᠡᠭᠦᠯᠬᠦ ᠲᠥᠰᠦᠯ︾ ᠶᠣᠰᠣᠭᠠᠷ ᠂ ︽1 ᠡᠮᠴᠢ + 1 ᠰᠤᠪᠢᠯᠠᠭᠴᠢ + 1 ᠭᠠᠴᠠᠭ᠎ᠠ ᠲᠣᠰᠬᠤᠨ ᠤ ᠡᠮᠴᠢ + 1 ᠰᠢᠶᠠᠨ ᠤ ᠱᠠᠲᠤᠨ ᠤ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠪᠦᠯᠬᠦᠮ ᠨᠡᠶᠢᠲᠡ︾ ᠶᠢᠨ ᠵᠠᠭᠪᠤᠷ ᠢᠶᠠᠷ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃      14.︽ᠨᠠᠢᠮᠠ ᠳᠤ ᠣᠷᠣᠭᠤᠯᠬᠤ︾ ᠠᠵᠢᠯᠯᠠᠭ᠎ᠠ᠄ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂  ᠴᠡᠷᠢᠭ ᠠᠩᠬᠢ᠂ ᠱᠠᠰᠢᠨ ᠰᠤᠷᠲᠠᠬᠤᠨ ᠤ ᠠᠵᠢᠯᠯᠠᠭ᠎ᠠ᠂ ᠰᠦᠯᠵᠢᠶᠡᠨ ᠳᠤ ᠣᠷᠣᠭᠤᠯᠬᠤ ᠶᠢ ᠠᠬᠢᠭᠤᠯᠤᠨ᠎ᠠ᠃      15. ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ ᠭᠠᠵᠠᠷ︾᠄ ︽ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ︵2021 — 2025 ᠣᠨ︶︾ ᠶᠣᠰᠣᠭᠠᠷ᠂ ︽ᠨᠢᠭᠡ ᠬᠤᠩᠭᠢᠯ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤᠪᠠᠷ ᠡᠭᠦᠳᠦᠨ ᠪᠠᠶᠢᠭᠤᠯᠬᠤ ᠵᠢᠱᠢᠶᠡᠴᠢ ᠬᠤᠩᠭᠢᠯ ᠢ ᠵᠢᠭᠠᠵᠤ ᠪᠣᠶ︔ ︽ᠨᠢᠭᠡ ᠪᠦᠰᠡ︾ ᠭᠡᠳᠡᠭ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤᠪᠠᠷ ᠡᠳ᠋ᠯᠡᠬᠦ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠣᠶ︔ ︽ᠳᠥᠷᠪᠡᠨ ᠰᠠᠭᠤᠷᠢᠨ ᠭᠠᠵᠠᠷ︾ ᠭᠡᠳᠡᠭ ᠨᠢ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠪᠠᠷ ᠪᠦᠯᠬᠦᠮᠳᠡᠨ ᠲᠡᠮᠡᠴᠡᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠤᠯᠠᠭᠠᠨᠮᠥ᠋ᠴᠢᠷ᠂ ︽ᠲᠠᠯ᠎ᠠ ᠨᠤᠲᠤᠭ ᠤᠨ ᠬᠥᠪᠡᠭᠦᠨ︾ ᠲᠢᠩ · ᠪᠠᠭᠠᠲᠤᠷ ᠤᠨ ᠲᠡᠷᠢᠭᠦᠨ ᠤ ᠦᠢᠯᠡ ᠠᠵᠢᠯᠯᠠᠭ᠎ᠠ᠂ ︽ᠭᠤᠷᠪᠠᠨ ᠮᠢᠩᠭᠠᠨ ᠥᠨᠥᠴᠢᠨ ᠬᠡᠤᠬᠡᠳ ᠢ ᠥᠪᠥᠷ ᠮᠣᠩᠭᠤᠯ ᠳᠤ ᠦᠷᠡᠴᠢᠯᠡᠨ ᠳᠡᠵᠢᠭᠡᠭᠰᠡᠨ︾ ᠦᠨᠡᠨ ᠪᠣᠳᠠᠳᠣ ᠳᠡᠣᠬᠡᠨ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠵᠢᠭᠠᠵᠤ ᠪᠣᠶ᠃      16.︽ᠳᠥᠷᠪᠡᠨ ᠨᠢᠭᠡ ᠪᠦᠯᠦᠭ︾᠄ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠢ ᠦᠭᠡᠶᠢᠰᠬᠡᠬᠦ᠂ ᠨᠢᠭᠡ ᠪᠦᠯᠦᠭ ᠢ ᠰᠣᠯᠢᠬᠤ᠂ ᠨᠢᠭᠡ ᠪᠦᠯᠦᠭ ᠲᠤ ᠬᠦᠤ ᠮᠦᠩᠭᠦ ᠶᠢ ᠣᠷᠣᠯᠠᠨ ᠥᠭᠬᠦ᠂ ᠨᠢᠭᠡ ᠪᠦᠯᠦᠭ ᠢ ᠬᠤᠪᠢᠶᠠᠷᠢᠯᠠᠨ ᠰᠢᠯᠵᠢᠭᠦᠯᠬᠦ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤ ᠶᠢ ᠬᠠᠪᠰᠤᠷᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠨᠠᠮᠳᠠᠭᠤᠯᠬᠤ ᠶᠢ ᠵᠢᠭᠠᠵᠤ ᠪᠣᠶ᠃      17.︽ᠳᠣᠯᠤᠭ᠎ᠠ ᠶᠢ ᠲᠠᠶᠠᠭᠳᠠᠬᠤ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ︽ᠪᠢ ᠬᠥᠮᠦᠨ ᠢ ᠬᠥᠷᠬᠦ ᠥᠬᠡᠶ︾ ᠭᠡᠬᠦ ᠪᠣᠳᠣᠯ᠂ ︽ᠬᠥᠭᠵᠢᠭᠦᠯᠬᠦ ᠳᠤ ᠬᠡᠲᠦᠷᠬᠡᠶ ᠶᠠᠭᠠᠷᠠᠬᠤ ᠬᠡᠷᠡᠭ ᠥᠬᠡᠶ︾ ᠭᠡᠬᠦ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠥᠬᠡᠶ︾ ᠭᠡᠬᠦ ᠦᠵᠡᠯ᠂ ︽ᠳᠡᠭᠡᠷ᠎ᠡ ᠱᠠᠳᠣᠨ ᠠᠴᠠ ᠪᠢᠴᠢᠭ ᠮᠠᠲ᠋ᠧᠷᠢᠶᠠᠯ ᠭᠠᠷᠭᠠᠭᠰᠠᠨ ᠦᠭᠡᠢ ᠪᠣᠯ ᠠᠵᠢᠯ ᠶᠠᠪᠣᠳᠠᠯ ᠬᠢᠬᠦ  ᠠᠴᠠ ᠵᠢᠷᠦᠬᠡᠰᠢᠶᠡᠬᠦ︾ ᠠᠷᠭ᠎ᠠ ᠬᠢᠳᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠢᠷᠡᠭᠡᠳᠦᠶ ᠶᠢ ᠬᠠᠷᠠᠬᠤ ᠥᠬᠡᠶ︾ ᠭᠡᠬᠦ ᠰᠡᠳᠬᠢᠬᠦᠶ᠂ ︽ᠨᠠᠷᠢᠨ ᠵᠦᠢᠯᠡᠰ ᠢ ᠡᠷᠬᠢᠮᠯᠡᠬᠦ ᠥᠬᠡᠶ᠂ ᠪᠠᠷᠤᠭ ᠪᠣᠯᠴᠢᠬᠠᠨ᠎ᠠ︾ ᠭᠡᠬᠦ ᠪᠣᠳᠣᠯ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠳᠤᠷᠠᠳᠤᠨ ᠭᠠᠷᠭᠠᠪᠠ᠃      18.︽ᠲᠤᠯᠤᠭᠠᠨ ᠵᠦᠢᠯ ᠤᠨ ᠣᠶᠢᠯᠠᠭᠠᠭᠳᠠᠬᠤᠨ︾ ᠄ ᠠᠶᠢᠮᠠᠭ ᠤᠨ ᠨᠠᠮ ᠤᠨ ᠬᠤᠷᠢᠶᠠᠨ ᠤ 2023 ᠣᠨ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠨᠢ᠂ ᠠᠵᠠ ᠲᠣᠬᠢᠶᠠᠯ ᠢ ᠵᠠᠪᠳᠤᠨ ᠠᠳᠬᠤᠬᠤ᠂ ᠬᠥᠭᠵᠢᠯᠲᠡ ᠶᠢ ᠲᠦᠷᠭᠡᠳᠬᠡᠬᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠶᠡᠷᠦᠩᠬᠡᠶ ᠬᠡᠮᠵᠢᠶ᠎ᠡ ᠶᠢ ᠶᠡᠬᠡᠰᠬᠡᠬᠦ᠂ ᠠᠷᠪᠢᠲᠠᠶ ᠡᠷᠴᠢᠮᠯᠢᠭ ᠪᠠᠶᠢᠬᠤ᠂ ᠶᠠᠰᠤ ᠴᠢᠨᠠᠷ ᠢ ᠬᠥᠭᠡᠭᠡᠴᠡᠯᠳᠦᠬᠦ᠂ ᠨᠠᠷᠢᠨ ᠵᠦᠢᠯᠡᠰ ᠢ ᠴᠢᠬᠤᠯᠠᠴᠢᠯᠠᠬᠤ᠂ ᠦᠷ᠎ᠡ ᠳ᠋ᠦᠩ ᠢ ᠴᠢᠬᠤᠯᠠᠴᠢᠯᠠᠬᠤ᠂ ᠵᠠᠮ ᠨᠡᠭᠡᠭᠡᠨ ᠰᠢᠨ᠎ᠡ ᠶᠢ ᠡᠭᠦᠳᠬᠦ᠂ ᠵᠣᠷᠢᠭᠲᠠᠶ ᠪᠠᠷ ᠰᠢᠪᠲᠤᠯᠤᠯᠲᠠ ᠬᠢᠬᠦ᠂ ᠣᠳᠣᠬᠠᠨ ᠤ ᠠᠵᠢᠯ ᠢᠶᠠᠨ ᠰᠠᠶᠢᠲᠤᠷ ᠠᠳᠬᠤᠬᠤ᠂ ᠠᠯᠤᠰ ᠬᠡᠲᠦ ᠶᠢ ᠬᠠᠮᠲᠤ ᠳᠤᠨᠢ ᠬᠠᠷᠠᠭᠠᠯᠵᠠᠬᠤ᠂ ᠥᠷᠯᠥᠭᠡ ᠦᠳᠡᠰᠢ ᠲᠠᠢ ᠲᠡᠮᠡᠴᠡᠬᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠶᠢᠨ ᠬᠠᠮᠲᠤ ᠦᠢᠯᠡᠳᠦᠯᠭᠡᠵᠢᠬᠦᠯᠦᠨ᠎ᠡ᠃      19.︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠄ ︽ᠭᠤᠷᠪᠠᠨ ᠣᠯᠠᠨ︾ ᠭᠡᠳᠡᠭ ᠨᠢ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ ᠢ ᠵᠢᠭᠠᠵᠤ ᠪᠣᠶ︔ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ ᠢ ᠵᠢᠭᠠᠵᠤ ᠪᠣᠶ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠳᠣ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠣᠶ᠃      20.︽ᠭᠤᠷᠪᠠ ᠶᠢ ᠪᠠᠲᠤᠯᠠᠬᠤ︾᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠵᠤ ᠪᠣᠶ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号