ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ ᠤᠨ ᠲᠤᠬᠠᠶ ᠮᠡᠳᠡᠭᠦᠯᠦᠯᠳᠡ
ᠨᠡᠶᠢᠲᠡᠯᠡᠭᠰᠡᠨ ᠴᠠᠭ᠄
2023/4/3
ᠭᠡᠰᠢᠭᠦᠳ ᠡ᠄      ᠳᠤᠤᠷ᠎ᠠ᠂ ᠪᠢ ᠵᠠᠬᠢᠷᠭ᠎ᠠ ᠶᠢᠨ ᠡᠮᠦᠨ᠎ᠡ ᠠᠴᠠ 2022 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠪᠠᠶᠢᠳᠠᠯ ᠪᠠ 2023 ᠣᠨ ᠤ ᠭᠤᠤᠯᠳᠠᠯᠭ᠎ᠠ ᠲᠠᠢ ᠠᠵᠢᠯ ᠤᠨ  ᠪᠠᠶᠢᠷᠢᠯᠠᠭᠤᠯᠣᠯᠳᠠ ᠶᠢ ᠮᠡᠳᠡᠭᠳᠡᠶ᠎ᠡ᠂ ᠲᠡᠷᠢᠭᠦᠯᠡᠭᠴᠢ ᠨᠠᠷ᠂ ᠭᠡᠰᠢᠭᠦᠳ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠶ᠃      ᠨᠢᠭᠡ᠂ 2022 ᠣᠨ ᠤ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ      ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠳᠠ ᠶᠢᠨ ᠡᠮᠦᠨ᠎ᠡ᠂ ᠪᠦᠬᠦ ᠠᠶᠢᠮᠠᠭ ᠳᠠᠶᠠᠭᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠤᠭᠳᠠᠪᠣᠷᠢᠵᠢᠭᠤᠯᠬᠤ᠂ ᠭᠦᠭᠵᠢᠬᠦᠯᠦᠯᠳᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃      ︵ᠨᠢᠭᠡ︶ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠲᠣᠭᠲᠠᠭᠤᠨ ᠤ ᠳᠣᠮᠳᠠ ᠠᠬᠢᠯᠳᠠ ᠲᠠᠢ ᠪᠣᠯᠪᠠ᠃  ᠲᠥᠪ ᠤᠨ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ᠮᠠᠨ ᠤ ᠠᠶᠢᠮᠠᠭ 38 ᠵᠤᠷᠪᠤᠰ ᠠᠵᠤ ᠠᠬᠤᠶ ᠶᠢ ᠲᠣᠭᠲᠠᠪᠤᠷᠢᠵᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 185 ᠵᠤᠷᠪᠤᠰ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 23 ᠵᠤᠷᠪᠤᠰ᠂ ᠰᠢᠨ᠎ᠡ ᠡᠨᠧᠷᠭᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠷᠮᠠᠰᠢᠭᠤᠯᠬᠤ 8 ᠵᠤᠷᠪᠤᠰ ᠵᠡᠷᠭᠡ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠲᠣᠭᠲᠠᠭᠠᠵᠤ᠂ ᠰᠢᠭᠤᠳ ᠰᠢᠯᠣᠭᠤᠨ ᠨᠡᠪᠳᠡᠷᠡᠬᠦ᠂ ᠪᠣᠳᠠᠲᠠᠶ ᠳᠤ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠪᠠ᠃ ᠲᠥᠷᠥᠯ ᠵᠦᠢᠯ ᠤᠨ ᠪᠠᠯᠠ ᠣᠷᠣᠭᠤᠯᠤᠯᠲᠠ ᠪᠠᠨ ᠲᠣᠭᠲᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ 150 ᠴᠢᠬᠤᠯᠠ ᠶᠡᠭᠡ ᠲᠥᠷᠥᠯ ᠵᠦᠢᠯ ᠢ ᠵᠢᠭᠰᠠᠭᠠᠨ ᠣᠷᠣᠭᠤᠯᠵᠤ᠂ 365 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠬᠠᠷᠠᠯᠲᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠂ ᠡᠭᠦᠨ ᠳᠤ 60 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠦᠯᠡᠮᠵᠢ ᠦᠷ᠎ᠡ ᠪᠦᠲᠦᠮᠵᠢ ᠣᠯᠵᠣ᠂  ᠨᠡᠶᠢᠲᠡ 162 ᠲᠥᠷᠥᠯ ᠵᠦᠢᠯ ᠳᠤ ᠭᠡᠷ᠎ᠡ ᠲᠣᠭᠲᠠᠵᠤ᠂ 252 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ 10 % ᠪᠠᠷ ᠨᠡᠮᠡᠭᠳᠡᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠵᠤ᠂ ᠦᠷᠳᠡᠭ ᠨᠡᠮᠡᠭᠳᠡᠯ ᠤᠨ ᠭᠠᠶᠢᠯᠢ  ᠶᠢ ᠰᠠᠭᠤᠳᠬᠠᠵᠣ ᠲᠣᠯᠭᠠᠨ ᠪᠣᠴᠠᠭᠠᠬᠤ᠂ ᠭᠠᠶᠢᠯᠢ ᠬᠥᠩᠭᠡᠷᠡᠭᠦᠯᠵᠦ ᠰᠦᠢᠳᠬᠡᠯ ᠪᠠᠭᠤᠷᠠᠭᠤᠯᠬᠤ ᠵᠡᠷᠭᠡ 40 ᠳ᠋ᠦᠩᠰᠢᠭᠤᠷ ᠲᠥᠭᠦᠷᠢᠭ ᠢ ᠰᠢᠨ᠎ᠡ ᠪᠠᠷ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠠᠭ᠎ᠠ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠦᠯᠡᠳᠡᠪᠦᠷᠢ 120 ᠳ᠋ᠦᠩᠰᠢᠭᠤᠷ ᠲᠥᠭᠦᠷᠢᠭ ᠪᠠᠶᠢᠵᠣ᠂ ᠵᠢᠭᠡᠯᠡᠯᠭᠡ ᠶᠢᠨ ᠡᠬᠡ ᠮᠥᠩᠭᠦ ᠪᠠ ᠬᠦᠦ ᠮᠥᠩᠭᠦ ᠶᠢ 12.5 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠥᠯᠥᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠪᠠ ᠲᠦᠭᠡᠮᠡᠯ ᠬᠠᠷᠠᠭᠠᠯᠵᠠᠯᠲᠤ ᠵᠢᠵᠢᠭ ᠪᠠᠭ᠎ᠠ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠦᠯᠡᠳᠡᠪᠦᠷᠢ ᠲᠣᠭᠠᠨ ᠤ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠤ ᠵᠣᠭᠤᠰ ᠢ 4.4 ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠨ᠂ ᠲᠡᠦᠬᠡᠨ ᠠᠴᠠ ᠦᠯᠡᠳᠡᠭᠳᠡᠭᠰᠡᠨ ᠵᠥᠷᠢᠯᠳᠦᠭᠡᠨ ᠥᠬᠡᠶ ᠲᠠᠩᠰᠠᠨ ᠤ ᠵᠣᠭᠤᠰ ᠢ ᠪᠦᠬᠦᠨ ᠢ ᠲᠦᠯᠦᠪᠡ᠃ ︽ᠲᠠᠪᠤ ᠶᠢ ᠲᠣᠶᠢᠯᠪᠣᠷᠢᠲᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠬᠡ ᠳᠠᠩᠰᠠᠨ ᠳᠤ ᠣᠷᠣᠭᠤᠯᠤᠭᠰᠠᠨ 401 ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ 100 ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠨ᠂ ᠵᠥᠪᠰᠢᠶᠡᠷᠡᠭᠡᠳ ᠪᠠᠶᠢᠭᠤᠯᠣᠭᠰᠠᠨ ᠦᠭᠡᠢ ᠪᠣᠶᠣ ᠰᠤᠯᠠ ᠪᠠᠶᠢᠭ᠎ᠠ 851.2 ᠾᠧᠺᠲ᠋ᠠᠷ ᠭᠠᠵᠠᠷ ᠰᠢᠷᠣᠶ ᠶᠢ ᠰᠢᠢᠳᠪᠦᠷᠢᠯᠡᠵᠦ᠂ 3.57 ᠳ᠋ᠦᠩᠰᠢᠭᠤᠷ ᠲᠥᠭᠦᠷᠢᠭ ᠤᠨ ᠲᠣᠨᠣᠮᠠᠯ ᠪᠡᠯᠡ ᠮᠥᠩᠭᠦ ᠶᠢ ᠲᠤᠰᠢᠶᠠᠯᠭᠠᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠂ ᠲᠥᠷᠥᠯ ᠵᠦᠢᠯ ᠪᠠ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ 13 ᠶᠢ ᠠᠮᠢᠳᠤᠯᠢᠭᠵᠢᠭᠤᠯᠪᠠ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3.8 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7.2 % ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 12.9 % ᠪᠠᠷ ᠨᠡᠮᠡᠭᠳᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠬᠡᠪ  ᠤᠨ ᠬᠡᠪᠴᠢᠶᠡᠨ ᠳᠤ ᠪᠠᠶᠢᠬᠤ ᠶᠢ ᠪᠠᠳᠣᠯᠠᠪᠠ᠃       ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠠᠯᠬᠤᠴᠠ ᠲᠦᠷᠭᠡᠳᠪᠡ᠃ ᠨᠠᠷᠠᠲᠤ ᠳᠡᠮᠳᠡᠭ ᠢᠶᠠᠷ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ︽ᠰᠢᠯᠢ ᠶᠢᠨ ᠭᠤᠤᠯ︾ ᠨᠠᠷᠠᠲᠤ ᠳᠡᠮᠳᠡᠭ ᠤᠨ ᠪᠥᠬᠦ ᠠᠷᠭ᠎ᠠ ᠵᠠᠮ ᠢᠶᠠᠷ ᠳᠡᠯᠭᠡᠨ ᠬᠠᠷᠠᠭᠤᠯᠣᠭᠰᠠᠨ ᠬᠡᠮᠵᠢᠶ᠎ᠡ 23 ᠳ᠋ᠦᠩᠰᠢᠭᠤᠷ ᠤᠳᠠᠭ᠎ᠠ ᠶᠢ ᠳᠠᠪᠠᠵᠤ᠂ ︽ᠰᠢᠯᠢ ᠶᠢᠨ ᠭᠤᠤᠯ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭ ᠨᠢ ᠬᠦᠳᠡᠭᠡ ᠠᠵᠣ ᠠᠬᠤᠢ ᠬᠦᠳᠡᠭᠡ ᠲᠣᠰᠬᠤᠨ ᠤ ᠶᠠᠮᠣᠨ ᠤ ︽2022 ᠣᠨ ᠤ ᠲᠠᠷᠢᠶᠠᠯᠠᠩ ᠤᠨ ᠨᠠᠷᠠᠲᠤ ᠳᠡᠮᠳᠡᠭ ᠤᠨ ᠰᠢᠨ᠎ᠡ ᠶᠢ ᠡᠭᠦᠳᠦᠨ ᠭᠦᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠳᠤ ᠰᠣᠩᠭᠤᠭᠳᠠᠵᠣ᠂ 21.66 ᠲᠦᠮᠡᠨ ᠪᠡᠯᠴᠢᠭᠡᠷ ᠤᠨ ᠬᠤᠨᠢ ᠶᠢ ᠮᠥᠷᠳᠡᠨ ᠪᠠᠶᠢᠴᠠᠭᠠᠵᠤ᠂ ᠨᠠᠷᠠᠲᠤ ᠳᠡᠮᠳᠡᠭ ᠤᠨ ᠪᠦᠲᠦᠭᠡᠭᠳᠡᠬᠦᠨ ᠤ ᠶᠡᠷᠦᠩᠬᠡᠶ ᠥᠰᠦᠭᠰᠡᠨ ᠦᠨ᠎ᠡ ᠶᠢ 5.5% ᠠᠴᠠ ᠳᠡᠭᠡᠭᠰᠢ ᠪᠣᠯᠭᠠᠪᠠ︔ ︽ᠬᠤᠸᠠᠰᠢ ᠦᠬᠡᠷ︾ ᠤᠨ ᠰᠢᠨ᠎ᠡ ᠡᠭᠦᠯᠳᠡᠷ ᠢ ᠵᠢᠩᠬᠢᠨᠢ ᠪᠠᠷ ᠨᠡᠶᠢᠲᠡᠯᠡᠵᠦ᠂ ᠤᠯᠠᠭᠠᠶ ᠬᠠᠮᠢᠶᠠᠷᠣᠯᠳᠠ  ᠶᠢᠨ ᠣᠷᠣᠨ ᠨᠢ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭᠵᠢᠯ ᠤᠨ ᠭᠤᠤᠯ ᠦᠷ᠎ᠡ ᠬᠠᠩᠭᠠᠬᠤ ᠰᠠᠭᠤᠷᠢᠨ ᠭᠠᠵᠠᠷ ᠪᠣᠯᠪᠠ︔ ︽ᠰᠢᠯᠢ ᠶᠢᠨ ᠭᠤᠤᠯ ᠴᠠᠭᠠᠨ ᠢᠳᠡᠭᠡᠨ︾ ᠨᠢ ᠭᠠᠵᠠᠷ ᠵᠦᠶ ᠶᠢᠨ ᠢᠯᠡᠳᠬᠡᠮᠵᠢᠳᠣ ᠲᠠᠸᠠᠷ ᠤᠨ ᠲᠡᠮᠳᠡᠭ ᠢᠶᠠᠷ ᠠᠮᠵᠢᠯᠲᠠ ᠲᠠᠢ ᠳᠠᠩᠰᠠᠯᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠦᠵᠦ ᠲᠥᠯᠥᠪᠯᠡᠭᠡ᠂ ᠶᠠᠰᠤ ᠴᠢᠨᠠᠷ ᠤᠨ ᠮᠥᠷᠳᠡᠯᠲᠡ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠪᠠ 17 ᠡᠵᠡᠩᠨᠡᠯᠲᠡ ᠶᠢᠨ ᠭᠤᠤᠯ ᠴᠣᠭᠴᠠ ᠳᠤ ᠤᠷᠢᠳᠴᠢᠯᠠᠨ ᠡᠷᠬᠡ ᠣᠯᠭᠤᠬᠤ ᠠᠵᠢᠯ ᠢ ᠪᠡᠶᠡᠯᠡᠭᠦᠯᠪᠡ︔ ᠮᠠᠯᠵᠢᠯ ᠤᠨ ᠣᠨ ᠤ ᠮᠢᠬᠠᠨ ᠤ ᠦᠬᠡᠷ ᠢ 14.5 ᠲᠦᠮᠡᠨ ᠲᠣᠯᠣᠭᠠᠢ ᠨᠡᠮᠡᠭᠳᠡᠭᠦᠯᠵᠦ᠂ 212 ᠲᠦᠮᠡᠨ ᠲᠣᠯᠣᠭᠠᠢ ᠳᠤ ᠬᠦᠷᠭᠡᠵᠦ᠂ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 97 % ᠳᠤ ᠬᠦᠷᠭᠡᠪᠡ︔ ᠠᠮᠤ ᠪᠤᠳᠠᠭᠠᠨ ᠤ ᠲᠠᠷᠢᠮᠠᠯ ᠤᠨ ᠲᠠᠯᠠᠪᠠᠶ 278 ᠲᠦᠮᠡᠨ ᠮᠦ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠶᠢᠨ 128 % ᠶᠢ ᠪᠡᠶᠡᠯᠡᠭᠦᠯᠪᠡ᠃ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠦᠳᠲᠡᠷ ᠲᠦᠷᠭᠡᠨ ᠪᠤᠵᠠᠭᠠᠶᠢᠷᠠᠵᠤ᠂ ᠤᠯᠤᠰ ᠤᠨ ᠠᠩᠬᠠᠳᠠᠭᠴᠢ ᠪᠦᠯᠦᠭ ᠲᠣᠮᠣ ᠬᠡᠯᠪᠡᠷᠢ ᠶᠢᠨ ᠨᠠᠷᠠ ᠰᠠᠯᠬᠢᠨ ᠬᠦᠴᠦᠨ ᠤ ᠰᠠᠭᠤᠷᠢᠨ‌ᠭᠠᠵᠠᠷ ᠤᠨ 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠭᠤᠴᠠᠭᠠᠨ ᠳᠤ ᠣᠷᠣᠵᠤ᠂ ᠡᠭᠦᠨ ᠳᠤ ᠱᠠᠩᠳᠤ ᠶᠢᠨ 200 ᠲᠦᠮᠡᠨ ᠺᠢᠯᠣᠸᠠᠲ ᠤᠨ ᠲᠥᠷᠥᠯ ᠵᠦᠢᠯ ᠤᠨ ᠬᠡᠰᠡᠭ ᠰᠠᠯᠬᠢᠨ ᠬᠦᠴᠦᠨ ᠤ ᠮᠠᠰᠢᠨ ᠢ ᠲᠤᠤᠷ ᠲᠤ ᠨᠡᠶᠢᠯᠡᠭᠦᠯᠵᠦ᠂ ᠵᠡᠭᠦᠨ ᠰᠥᠨᠢᠳ ᠤᠨ ᠮᠧᠩ ᠨᠧᠩ ᠡᠨᠧᠷᠭᠢ ᠶᠢᠨ 100 ᠲᠦᠮᠡᠨ ᠺᠢᠯᠣᠸᠠᠲ ᠵᠢᠴᠢ ᠶᠡᠷᠦᠩᠬᠡᠶ ᠬᠡᠪᠴᠢᠶ᠎ᠡ ᠨᠢ 80.5 ᠲᠦᠮᠡᠨ ᠺᠢᠯᠣᠸᠠᠲ ᠤᠨ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ 7 ᠰᠢᠨ᠎ᠡ ᠡᠨᠧᠷᠭᠢ ᠶᠢᠨ ᠲᠥᠷᠥᠯ ᠵᠦᠢᠯ ᠵᠥᠪᠰᠢᠶᠡᠷᠡᠭᠳᠡᠵᠦ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ 1345 ᠲᠦᠮᠡᠨ ᠺᠢᠯᠣᠸᠠᠲ ᠲᠤ ᠬᠥᠷᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠳᠠᠬᠢ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ︽ᠬᠤᠣᠰ ᠪᠡᠯᠡ ᠣᠷᠣᠭᠤᠯᠤᠯᠲᠠ︾ ᠶᠢ ᠪᠡᠶᠡᠯᠡᠭᠦᠯᠵᠦ᠂ ᠵᠢᠩ ᠨᠧᠩ ᠴᠠᠭᠠᠨᠨᠠᠭᠤᠷ ᠤᠨ ᠴᠠᠬᠢᠯᠭᠠᠨ‌ᠦᠢᠯᠡᠳᠪᠦᠷᠢ ᠨᠢ ᠭᠡᠳᠡᠷᠭᠦ ᠴᠠᠬᠢᠯᠭᠠᠨ ᠬᠦᠷᠭᠡᠬᠦ ᠨᠥᠬᠦᠴᠡᠯ ᠢ ᠪᠦᠷᠢᠯᠳᠦᠭᠦᠯᠦᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ᠂ ᠰᠣ᠋ ᠨᠧᠩ ᠤᠯᠠᠭᠠᠢ ᠶᠢᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠵᠤ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ 1435 ᠲᠦᠮᠡᠨ ᠺᠢᠯᠣᠸᠠᠲ ᠲᠤ ᠬᠦᠷᠪᠡ︔ ᠰᠢᠨ᠎ᠡ ᠪᠠᠷ ᠨᠡᠮᠡᠭᠳᠡᠭᠰᠡᠨ ︵ᠲᠣᠬᠢᠷᠠᠭᠤᠯᠣᠨ ᠨᠡᠮᠡᠭᠳᠡᠭᠦᠯᠦᠭᠰᠡᠨ︶ ᠴᠢᠨᠠᠷ ᠰᠠᠶᠢᠲᠠᠢ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 1375 ᠲᠦᠮᠡᠨ ᠲᠣᠨ ᠨᠡᠮᠡᠭᠳᠡᠭᠦᠯᠵᠦ᠂ ᠵᠢᠯ ᠪᠦᠷᠢ 2 ᠳ᠋ᠦᠩᠰᠢᠭᠤᠷ ᠲᠣᠨ ᠳᠤ ᠬᠦᠷᠦᠭᠦᠯᠵᠦ᠂ ᠬᠡᠰᠢᠭ ᠠᠭᠤᠯᠠ ᠨᠡᠭᠦᠷᠡᠰᠦᠨ ᠠᠭᠤᠷᠬᠠᠢ᠂ ᠬᠤᠸᠠ ᠷᠦᠨ ᠺᠣᠮᠫᠠᠨᠢ ᠶᠢᠨ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠬᠠᠮᠲᠤᠷᠠᠨ ᠲᠤᠷᠰᠢᠨ ᠠᠵᠢᠯᠯᠠᠭᠤᠯᠬᠤ ᠳᠤ ᠰᠢᠯᠵᠢᠭᠦᠯᠵᠣ᠂ ᠳ᠋ᠠ ᠠᠨ᠂ ᠴᠠᠭᠠᠨᠨᠠᠭᠤᠷ ᠨᠡᠭᠦᠷᠡᠰᠦᠨ ᠠᠭᠤᠷᠬᠠᠢ ᠶᠢᠨ ᠠᠵᠢᠯ ᠦᠢᠯᠡᠳᠪᠦᠷᠢᠯᠡᠯ ᠢ ᠰᠡᠷᠭᠦᠭᠡᠵᠦ᠂ ᠳ᠋ᠠ ᠳᠠᠩ ᠤᠨ ᠢᠯᠡᠯᠳᠠ ᠵᠡᠭᠦᠨ ᠬᠤᠶᠠᠳᠤᠭᠠᠷ ᠠᠭᠤᠷᠬᠠᠢ ᠶᠢᠨ ᠪᠠᠷᠢᠯᠭ᠎ᠠ ᠰᠡᠷᠭᠦᠭᠡᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠡᠬᠢᠯᠡᠭᠦᠯᠵᠦ᠂ ᠯᠦ ᠰᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠳᠦᠰᠦᠪ ᠲᠥᠯᠥᠪᠯᠡᠭᠡ ᠵᠥᠪᠰᠢᠶᠡᠷᠡᠭᠳᠡᠪᠡ᠃ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.355 ᠳ᠋ᠦᠩᠰᠢᠭᠤᠷ ᠲᠣᠨ ᠳᠤ ᠬᠦᠷᠭᠡᠵᠦ᠂ 11 % ᠪᠠᠷ ᠨᠡᠮᠡᠭᠳᠡᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 886 ᠳ᠋ᠦᠩᠰᠢᠭᠤᠷ ᠭᠷᠠᠳᠦ᠋ᠰ ᠲᠤ ᠬᠦᠷᠭᠡᠵᠦ᠂ 13.6% ᠪᠠᠷ ᠨᠡᠮᠡᠭᠳᠡᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ  ᠬᠦᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠵᠤ᠂ ᠯᠢᠶᠠᠨ ᠳ᠋ᠦᠩ ᠲᠢᠶᠠᠨ ᠢ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠵᠢᠴᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠠᠨ ᠳ᠋ᠠ ᠯᠢᠲ᠋ᠢ ᠢᠶᠣᠨ ᠤ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ᠂ ᠰᠢᠨ ᠮᠧᠩ ᠰᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠮᠠᠨ ᠤ ᠠᠶᠢᠮᠠᠭ ᠤᠨ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ   ᠤᠨ ᠠᠵᠢᠯ ᠲᠥᠷᠥᠯ ᠤᠨ ᠬᠤᠭᠤᠰᠣᠨ ᠢ ᠨᠥᠬᠦᠪᠥᠷᠢᠯᠡᠪᠡ︔ ᠬᠡᠪᠴᠢᠶᠡᠵᠢᠯ ᠠᠴᠠ ᠳᠡᠭᠡᠭᠰᠢᠬᠢ ᠰᠠᠯᠬᠢᠨ ᠬᠦᠴᠦᠨ ᠤ ᠮᠠᠰᠢᠨ ᠤ ᠲᠣᠨᠣᠭᠯᠠᠯ ᠦᠢᠯᠡᠳᠬᠦ ᠠᠵᠤ ᠠᠬᠤᠶᠢᠯᠠᠯ ᠢ 12 ᠡᠷᠦᠬᠡ ᠳᠤ ᠬᠦᠷᠦᠭᠦᠯᠵᠦ᠂ ᠰᠠᠯᠬᠢᠨ ᠬᠦᠴᠦᠨ ᠤ ᠮᠠᠰᠢᠨ ᠤ ᠵᠢᠯ ᠤᠨ ᠤᠭᠰᠠᠷᠠᠬᠤ ᠴᠢᠳᠠᠪᠤᠷᠢ ᠶᠢ 600 ᠲᠦᠮᠡᠨ ᠺᠢᠯᠣᠸᠠᠲ ᠲᠤ ᠬᠦᠷᠦᠭᠦᠯᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠵᠢᠯ ᠳᠤ 40 ᠲᠦᠮᠡᠨ ᠲᠣᠨ ᠳᠡᠭᠡᠳᠣ ᠨᠠᠷᠢᠯᠢᠭ ᠬᠥᠩᠭᠡᠨᠴᠠᠭᠠᠨ ᠬᠠᠪᠲᠠᠰᠤᠨ ᠪᠦᠰᠡ ᠦᠢᠯᠡᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ︽ᠨᠡᠭᠦᠷᠡᠰᠦ - ᠴᠠᠬᠢᠯᠭᠠᠨ - ᠬᠦᠩᠭᠡᠨᠴᠠᠭᠠᠨ - ᠬᠦᠩᠭᠡᠨᠴᠠᠭᠠᠨ ᠤ ᠰᠡᠭᠦᠯᠴᠢ ᠶᠢᠨ ᠪᠣᠯᠪᠠᠰᠤᠷᠠᠭᠤᠯᠤᠯᠲᠠ︾ ᠶᠢ ᠨᠢᠭᠡ ᠴᠤᠭᠴᠠᠵᠢᠭᠤᠯᠤᠭᠰᠠᠨ ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠪᠦᠷᠢᠯᠳᠦᠭᠦᠯᠪᠡ︔ ᠠᠯᠮᠠᠰ ᠴᠢᠯᠠᠭᠤᠨ ᠳᠠᠷᠤᠯᠲᠠᠲᠤ ᠮᠠᠰᠢᠨ ᠲᠥᠬᠦᠭᠡᠷᠦᠮᠵᠢ᠂ ᠪᠠᠯ ᠴᠢᠯᠠᠭᠤᠨ ᠴᠠᠬᠢᠯᠭᠠᠨ ᠲᠦᠢᠯ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠨᠢᠭᠡ ᠪᠦᠯᠦᠭ ᠰᠢᠨ᠎ᠡ ᠪᠠᠷ ᠪᠤᠢ ᠪᠣᠯᠤᠭᠰᠠᠨ ᠲᠦᠷᠦᠯ ᠵᠦᠢᠯ ᠢ ᠶᠠᠭ ᠪᠦᠳᠤᠭᠡᠨ ᠪᠠᠶᠢᠭᠤᠯᠵᠤ ᠪᠠᠶᠢᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 5 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂  ᠲᠤᠯᠤᠨ ᠨᠠᠭᠤᠷ᠂ ᠤᠯᠠᠭᠠᠶ ᠶᠢᠨ ᠵᠢᠦ ᠴᠢᠦᠶ ᠸᠠᠨ ᠤ ᠦᠵᠡᠮᠵᠢ ᠶᠢᠨ ᠣᠷᠣᠨ ᠢ ᠲᠠᠰ ᠳᠡᠪᠰᠢᠭᠦᠯᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ 5A ᠲᠠᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢᠶᠠᠨ ᠡᠬᠢᠯᠡᠭᠦᠯᠪᠡ︔ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠤᠯᠤᠰ ᠤᠨ ᠳᠣᠲᠣᠭᠠᠳᠤ ᠶᠢᠨ OTA ᠲᠣᠯᠣᠭᠠᠶᠢᠯᠠᠭᠴᠢ ᠠᠵᠤ ᠠᠬᠤᠶᠢᠯᠠᠯ ᠲᠠᠢ ᠭᠦᠨᠵᠡᠭᠡᠶ ᠬᠠᠮᠲᠤᠷᠠᠯᠴᠠᠨ᠂ ᠰᠢᠯᠢ ᠶᠢᠨ ᠭᠤᠤᠯ ᠤᠨ ᠵᠢᠭᠤᠯᠴᠢᠯᠠᠯ ᠤᠨ ᠪᠥᠬᠦ ᠰᠦᠯᠵᠢᠶ᠎ᠡ ᠪᠠᠷ ᠳᠡᠯᠭᠡᠨ ᠬᠠᠷᠠᠭᠤᠯᠣᠭᠰᠠᠨ ᠬᠡᠮᠵᠢᠶ᠎ᠡ 5 ᠳ᠋ᠦᠩᠰᠢᠭᠤᠷ ᠤᠳᠠᠭ᠎ᠠ ᠶᠢ ᠳᠠᠪᠠᠪᠠ᠃       ︵ᠭᠤᠷᠪᠠ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ᠃ ᠰᠢᠯᠢ ᠶᠢᠨ ᠭᠤᠣᠯ ᠠᠶᠢᠮᠠᠭ ᠨᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ ᠨᠡᠷᠡᠶᠢᠳᠦᠭᠳᠡᠵᠦ᠂ ᠤᠯᠠᠭᠠᠢ ᠬᠠᠮᠢᠶᠠᠷᠤᠯᠲᠠ ᠶᠢᠨ ᠣᠷᠣᠨ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ ᠪᠥᠬᠦ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠭᠠᠳ᠂    ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠭᠦᠯᠪᠡ᠃ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠳᠠᠭᠠᠨ ᠲᠣᠬᠢᠷᠠᠭᠤᠯᠤᠯᠲᠠ ᠬᠢᠵᠦ ᠳᠠᠭᠤᠰᠬᠠᠭᠠᠳ ᠣᠳᠣ ᠶᠠᠭ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ ᠭᠤᠶᠤᠴᠢᠯᠠᠵᠤ ᠪᠤᠶ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠢ ᠪᠡᠶᠡᠯᠡᠭᠦᠯᠵᠦ᠂ ᠤᠯᠤᠰ ᠠᠴᠠ ᠴᠤᠬᠤᠯᠠᠪᠤᠷᠢᠯᠠᠬᠤ ᠶᠢ ᠭᠦᠯᠢᠶᠡᠵᠣ ᠪᠣᠢ᠃ 38 ᠲᠦᠮᠡᠨ ᠮᠤ᠋ ᠲᠠᠴᠢᠷᠳ᠋ᠬᠠᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ 47.5 ᠲᠦᠮᠡᠨ ᠮᠤ᠋ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ 50  ᠬᠠᠪᠳᠠᠭᠠᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠦᠬᠦ ᠣᠷᠣᠨ ᠳᠤ ᠲᠡᠷᠢᠭᠦᠯᠡᠵᠦ᠂ ᠤᠯᠤᠰ ᠤᠨ ᠡᠵᠡᠮᠳᠡᠯ ᠤᠨ 4 ᠣᠭᠲᠣᠯᠤᠭᠠᠰᠤ ᠶᠢᠨ ᠤᠰᠤᠨ ᠤ ᠴᠢᠨᠠᠷ ᠪᠦᠬᠦᠨ ᠢᠶᠠᠷ ᠢᠶᠠᠨ ᠪᠠᠷᠢᠮᠵᠢᠶᠠᠨ ᠳᠤ ᠬᠦᠷᠴᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠨ ᠪᠠᠶᠢᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ 91 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠬᠠᠷᠢᠭᠤ ᠲᠤᠰᠬᠠᠭᠰᠠᠨ ᠰᠠᠨᠠᠯ ᠤᠨ 2022 ᠣᠨ ᠳᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠭᠰᠠᠨ 9 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠲᠤᠰᠬᠠᠶ ᠴᠡᠭᠴᠡᠯᠡᠨ ᠵᠠᠰᠠᠬᠤ ᠠᠵᠢᠯ ᠤᠨ 1849 ᠠᠰᠠᠭᠤᠳᠠᠯ ᠢ ᠡᠬᠡ ᠲᠠᠩᠰᠠᠨ ᠳᠤ ᠣᠷᠣᠭᠤᠯᠵᠤ᠂ ᠪᠦᠬᠦᠨ ᠢ ᠴᠠᠭ ᠲᠤᠬᠠᠶ ᠳᠤᠨᠢ ᠴᠡᠭᠴᠡᠯᠡᠨ ᠵᠠᠰᠠᠵᠤ  ᠳᠠᠭᠤᠰᠬᠠᠪᠠ᠃         ︵ᠳᠥᠷᠪᠡ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃  ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠤᠨ ᠲᠥᠷᠥᠯ ᠵᠦᠢᠯ ᠢ ᠵᠢᠩᠬᠢᠨᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠰᠢᠯᠢ ᠶᠢᠨ ᠭᠤᠤᠯ ᠠᠶᠢᠮᠠᠭ ᠤᠨ ᠬᠡᠰᠡᠭ  ᠤᠨ ᠲᠥᠷᠥᠯ ᠵᠦᠢᠯ  ᠤᠨ ᠢᠵᠢ ᠪᠥᠷᠢᠳᠦᠭᠦᠯᠦᠨ ᠴᠠᠬᠢᠯᠭᠠᠨ ᠬᠠᠩᠭᠠᠬᠤ ᠵᠡᠷᠭᠡ ᠲᠤᠰᠬᠠᠶ ᠢᠨᠵᠧᠨᠧᠷᠢᠩ ᠢ ᠳᠠᠭᠤᠰᠬᠠᠵᠤ᠂ ᠵᠢᠨᠢᠩ ᠠᠴᠠ ᠡᠷᠢᠶᠡᠨ ᠬᠤᠳᠠ ᠬᠦᠷᠬᠦ ᠲᠡᠮᠦᠷ ᠵᠠᠮ ᠤᠨ ᠪᠤᠩᠬᠤᠨ ᠠᠴᠠ ᠡᠷᠢᠶᠡᠨ ᠬᠤᠲᠠ ᠬᠥᠷᠬᠦ ᠬᠡᠰᠡᠭ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ︔ 331 ᠤᠯᠤᠰ ᠤᠨ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ ᠵᠡᠷᠭᠡ 4 ᠵᠤᠷᠪᠤᠰ ᠵᠠᠰᠠᠮᠠᠯ ᠵᠠᠮ ᠤᠨ ᠭᠤᠣᠯ ᠴᠣᠭᠴᠠ ᠶᠢ ᠨᠡᠪᠲᠡᠷᠡᠭᠦᠯᠵᠦ᠂ 331ᠤᠯᠤᠰ ᠤᠨ ᠵᠠᠮ ᠤᠨ ᠠᠷᠣ ᠨᠠᠭᠤᠷ ᠤᠨ ᠪᠦᠲᠦᠭᠦᠨ ᠠᠴᠠ ᠤᠯᠢᠶᠠᠰᠤᠲᠠᠶ ᠬᠥᠷᠬᠦ ᠵᠡᠷᠭᠡ 4 ᠵᠤᠷᠪᠤᠰ ᠵᠠᠰᠠᠮᠠᠯ ᠵᠠᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ︔  ᠰᠢᠯᠢ ᠶᠢᠨ ᠬᠤᠳᠠ ᠨᠢᠰᠭᠡᠯ ᠤᠨ ᠪᠠᠭᠤᠳᠠᠯ  ᠤᠨ ᠨᠢᠰᠦᠯᠳᠡ ᠶᠢᠨ ᠲᠣᠭᠤᠷᠢᠭ ᠤᠨ ᠵᠠᠮ ᠤᠨ ᠭᠠᠳᠠᠷᠭᠤ ᠶᠢ ᠪᠠᠬᠢᠵᠢᠬᠦᠯᠬᠦ ᠠᠵᠢᠯ ᠢ ᠳᠠᠭᠤᠰᠬᠠᠵᠤ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ︔ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠪᠠ᠃ 11 ᠵᠦᠢᠯ ᠤᠨ ᠰᠢᠨ᠎ᠡ ᠡᠨᠧᠷᠭᠢ ᠶᠢᠨ ᠢᠵᠢ ᠪᠦᠷᠢᠳᠦᠭᠦᠯᠦᠨ ᠲᠣᠣᠷ ᠲᠤ ᠵᠠᠯᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠢᠯᠠᠯᠲᠠ ᠠᠴᠠ ᠵᠠᠩᠪᠸᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠲᠥᠷᠥᠯ ᠵᠦᠢᠯ ᠨᠢ ᠤᠯᠤᠰ ᠤᠨ ᠡᠨᠧᠷᠭᠢ ᠶᠢᠨ ᠲᠣᠪᠴᠢᠶᠠᠨ ᠤ ᠬᠢᠨᠠᠨ ᠵᠥᠪᠰᠢᠶᠡᠷᠡᠯ ᠢ ᠣᠯᠪᠠ᠃ 4.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠬᠦ 13 ᠲᠥᠷᠥᠯ ᠵᠦᠢᠯ ᠢ ᠬᠡᠷᠡᠭᠵᠢᠭᠦᠯᠵᠦ᠂ ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠪᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ 96 ᠲᠥᠷᠥᠯ ᠵᠦᠢᠯ ᠢ ᠬᠡᠷᠡᠭᠵᠢᠭᠦᠯᠵᠦ᠂ 128 ᠺᠢᠯᠣᠮᠧᠲᠷ ᠭᠠᠵᠠᠷ ᠳᠣᠣᠷᠠᠬᠢ ᠬᠤᠭᠤᠯᠠᠶ ᠲᠣᠣᠷ ᠢ ᠥᠭᠡᠷᠡᠴᠢᠯᠡᠨ ᠵᠠᠰᠠᠵᠤ᠂ 117 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 600 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠤ 2.19 ᠲᠦᠮᠡᠨ ᠬᠥᠮᠦᠨ ᠤ ᠤᠰᠤ ᠣᠮᠳᠠ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠤ 845 ᠺᠢᠯᠣᠮᠧᠲᠷ ᠵᠠᠰᠠᠮᠠᠯ ᠵᠠᠮ ᠳᠡᠪᠢᠰᠴᠦ᠂ ᠪᠤᠶᠢᠳᠠ ᠪᠥᠭᠯᠡᠭᠦᠤ ᠣᠷᠣᠨ ᠤ 1947 ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠳᠡᠷᠡᠭᠦᠯᠦᠨ᠂ 3200 ᠡᠷᠦᠬᠡ ᠬᠢᠯᠢ ᠬᠢᠵᠠᠭᠠᠷ ᠤᠨ ᠮᠠᠯᠵᠢᠬᠤ ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠪᠡ᠃      ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠶᠢ ᠡᠭᠦᠳᠬᠦ ᠠᠵᠢᠯ ᠲᠠᠰᠤᠷᠠᠯᠲᠠ ᠦᠭᠡᠢ ᠭᠦᠨᠵᠡᠭᠡᠶᠢᠷᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠢᠭᠡᠳᠦᠭᠡᠷ ᠳᠡᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠦᠬᠦᠨ ᠢ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠡᠨᠧᠷᠭᠢ ᠶᠢᠨ ᠺᠣᠮᠫᠠᠨᠢ ᠶᠢ ᠰᠢᠨ᠎ᠡ ᠪᠠᠷ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠬᠦᠢᠴᠡᠳᠭᠡᠬᠦ︾᠂ ᠡᠯᠧᠺᠲᠷᠣᠨ ᠦᠨᠡᠮᠯᠡᠯ ᠤᠨ ᠬᠡᠷᠡᠭᠯᠡᠯᠲᠡ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠭᠡᠷᠡᠴᠢᠯᠡᠯᠲᠡ ᠵᠡᠷᠭᠡ ᠠᠵᠢᠯ ᠢ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠭᠤᠯᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ  ᠨᠢ ᠨᠡᠶᠢᠲᠡ 31.2 ᠲᠦᠮᠡ ᠭᠠᠷᠤᠶ ᠬᠤᠪᠢ ᠠᠵᠢᠯ ᠤᠨ ᠬᠠᠭᠤᠳᠠᠰᠤ ᠶᠢ  ᠭᠦᠢᠴᠡᠳᠬᠡᠨ᠂ ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠪᠡᠷᠬᠡ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠪᠡ᠃ ᠪᠣᠭᠤᠮᠲᠠ ᠶᠢᠨ ︽ᠲᠠᠯᠪᠢᠬᠤ︾ ᠪᠠ ︽ᠰᠡᠷᠭᠡᠶᠢᠯᠡᠬᠦ︾ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠵᠢᠯ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1431 ᠲᠦᠮᠡᠨ ᠲᠣᠨ ᠪᠠᠶᠢᠵᠣ᠂ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2555 ᠴᠤᠪᠤᠭ᠎ᠠ ᠪᠣᠯᠪᠠ᠃ ᠪᠦᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ ᠶᠡᠭᠡ ᠬᠤᠷᠠᠯ ᠡᠷᠬᠢᠯᠡᠵᠦ᠂ ᠡᠯ᠎ᠡ ᠲᠥᠷᠥᠯ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ 102 ᠵᠦᠢᠯ ᠡᠯᠰᠡᠨ ᠴᠤᠭᠯᠠᠭᠤᠯᠵᠤ᠂ 10 ᠵᠦᠢᠯ ᠤᠨ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠦᠰᠦᠭ ᠵᠢᠷᠤᠪᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠤᠰ ᠲᠤᠰ 56 %  ᠪᠠ 262 % ᠢᠶᠠᠷ ᠨᠡᠮᠡᠭᠳᠡᠭᠦᠯᠪᠡ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠠᠰᠣᠷᠠᠯᠳᠠ ᠦᠭᠡᠢ ᠳᠡᠭᠡᠭᠰᠢᠯᠡᠭᠦᠯᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 4.6%  ᠪᠠ 7.5%  ᠪᠠᠷ ᠨᠡᠮᠡᠭᠳᠡᠭᠦᠯᠵᠣ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ  ᠤᠨ ᠪᠠᠯᠠ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠨᠡᠶᠢᠲᠡ 9.9 ᠳ᠋ᠦᠩᠰᠢᠭᠤᠷ ᠲᠥᠭᠦᠷᠢᠭ ᠣᠷᠣᠭᠤᠯᠵᠤ᠂ 577 ᠲᠥᠷᠥᠯ ᠵᠦᠢᠯ ᠢ ᠬᠡᠷᠡᠭᠵᠢᠭᠦᠯᠪᠡ︔ 3.69 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 59 ᠭᠠᠴᠠᠭ᠎ᠠ ᠲᠣᠰᠬᠤᠨ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠤᠯᠳᠠᠯᠭ᠎ᠠ ᠲᠠᠢ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠠᠬᠢᠭᠤᠯᠪᠠ᠃ ᠰᠤᠷᠭᠠᠨ ᠬᠥᠮᠦᠵᠢᠯ ᠤᠨ ᠶᠠᠰᠤ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ 2022 ᠣᠨ ᠳᠤ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠳᠠᠪᠰᠢᠭᠰᠠᠨ ᠨᠣᠷᠮ᠎ᠠ ᠪᠥᠬᠦ ᠣᠷᠣᠨ ᠤ ᠬᠤᠶᠠᠳᠤᠭᠠᠷ ᠲᠤ ᠵᠢᠭᠰᠠᠭᠠᠭᠳᠠᠵᠤ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠤᠨ ᠲᠣᠮᠳᠠᠴᠢ ᠬᠤᠪᠢ᠂ ᠵᠢᠩᠬᠢᠨᠢ ᠠᠩᠭᠢ ᠳᠤ ᠳᠠᠪᠰᠢᠭᠰᠠᠨ ᠨᠣᠷᠮ᠎ᠠ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ 1 ᠪᠠᠭ᠎ᠠ ᠰᠤᠷᠭᠠᠭᠤᠯᠢ᠂ 16 ᠬᠡᠦᠬᠡᠳ ᠤᠨ ᠴᠡᠴᠡᠷᠯᠢᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ 3240 ᠬᠡᠦᠬᠡᠳ ᠤᠨ ᠣᠷᠣ ᠶᠢ ᠰᠢᠨ᠎ᠡ ᠪᠠᠷ ᠨᠡᠮᠡᠭᠳᠡᠭᠦᠯᠪᠡ︔ 573 ᠪᠠᠭᠰᠢ ᠶᠢ ᠢᠯᠡ ᠪᠠᠷ ᠡᠯᠰᠡᠪᠡ︔ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ 7 ᠬᠤᠰᠢᠭᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ︵ᠴᠡᠴᠡᠷᠯᠢᠭ︶ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠪᠡ᠃  ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠵᠠᠰᠠᠯ ᠤᠨ ᠠᠰᠠᠷ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠭᠤᠤᠯ ᠴᠣᠭᠴᠠ ᠶᠢᠨ ᠠᠵᠢᠯ  ᠢᠶᠠᠨ ᠳᠠᠭᠤᠰᠬᠠᠵᠤ᠂ 6 ᠲᠤᠰᠬᠠᠶ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠥᠪᠡᠷᠮᠢᠴᠡ ᠤᠨᠴᠠᠯᠢᠭᠳᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠲᠣᠭᠲᠠᠭᠠᠪᠠ᠃ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠪᠠ ᠪᠷᠦ᠋ᠼᠧᠯ ᠡᠪᠡᠳᠴᠢᠨ ᠳᠤ ᠨᠡᠷᠪᠡᠭᠳᠡᠬᠦ ᠪᠣᠯᠣᠮᠵᠢ ᠦᠨᠳᠦᠷ ᠬᠥᠮᠦᠰ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠪᠷᠦ᠋ᠼᠧᠯ ᠡᠪᠡᠳᠴᠢᠨ ᠡᠭᠦᠰᠬᠦ ᠨᠣᠷᠮ᠎ᠠ ᠶᠢ 25.2% ᠢᠶᠠᠷ ᠪᠠᠭᠤᠷᠠᠭᠤᠯᠵᠤ᠂ ᠡᠳᠡᠭᠡᠷᠡᠯᠲᠡ ᠶᠢᠨ ᠨᠤᠷᠮ᠎ᠠ ᠶᠢ 95.2% ᠲᠤ ᠭᠦᠷᠭᠡᠪᠡ᠃ ᠬᠤᠲᠠ ᠪᠠᠯᠭᠠᠰᠣᠨ ᠤ 1.04 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠡᠭᠦᠨ ᠳᠤ ᠰᠢᠯᠢ ᠶᠢᠨ ᠭᠤᠤᠯ ᠠᠶᠢᠮᠠᠭ ᠤᠨ ᠡᠷᠦᠬᠡ ᠠᠮᠠ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠲᠡᠳᠬᠦᠵᠦ 1767 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ ᠤ ᠬᠢᠵᠠᠭᠠᠷᠯᠠᠭᠰᠠᠨ ᠭᠦᠢᠴᠡᠳᠬᠡᠯ ᠲᠣᠭᠠᠨ ᠠᠴᠠ 1.92 ᠵᠠᠭᠤᠨ ᠤ ᠨᠢᠭᠡᠴᠢ ᠳᠤᠤᠷ᠎ᠠ ᠪᠣᠯᠪᠠ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠨ ᠠᠮᠠ ᠶᠢ ᠠᠪᠤᠷᠠᠨ ᠲᠤᠰᠠᠯᠠᠬᠤ ᠪᠠ ᠠᠰᠠᠷᠠᠨ ᠲᠡᠵᠢᠭᠡᠬᠦ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠪᠡ︔ ᠬᠤᠰᠢᠭᠤ ᠰᠢᠶᠠᠨ ᠤ ᠨᠠᠰᠤᠵᠢᠯ ᠤᠨ ᠦᠢᠯᠡᠴᠢᠯᠡᠭᠡᠨ ᠤ ᠲᠦᠷᠦᠯ ᠵᠦᠢᠯ ᠢ 6 ᠬᠡᠷᠡᠭᠵᠢᠬᠦᠯᠪᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠪᠠᠶᠢᠭ᠎ᠠ ︽ᠦᠨᠡᠮᠯᠡᠯ ᠬᠦᠢᠴᠡᠳᠭᠡᠬᠦ ᠳᠤ ᠬᠦᠴᠢᠷᠲᠡᠶ︾ ᠠᠰᠠᠭᠤᠳᠠᠯ ᠢ ᠦᠷᠭᠦᠯᠵᠢᠯᠡᠨ ᠪᠣᠭᠤᠮᠲᠠ ᠰᠢᠪᠲᠤᠯᠤᠨ ᠰᠢᠢᠳᠪᠦᠷᠢᠯᠡᠵᠦ᠂ ᠡᠷᠦᠬᠡ ᠬᠤᠪᠢᠶᠠᠨ 1.1 ᠲᠦᠮᠡᠨ ᠢᠵᠢ ᠳᠠᠩᠰᠠᠯᠠᠭᠤᠯᠪᠠ᠃        ︵ᠲᠤᠯᠤᠭ᠎ᠠ︶  ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ 7 ᠬᠠᠮᠲᠤ ᠨᠡᠶᠢᠲᠡ᠂ 11 ᠬᠤᠪᠢ ᠬᠥᠮᠦᠨ ᠳᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠴᠣᠯᠠ ᠣᠯᠭᠤᠵᠤ᠂ 16 ᠪᠠᠶᠢᠭᠤᠯᠭ᠎ᠠ ᠨᠢᠭᠡᠴᠡ ︵ᠭᠠᠵᠠᠷ ᠣᠷᠣᠨ︶ ᠨᠠᠢᠮᠠᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ︵ᠨᠢᠭᠡᠴᠡ︶ ᠢᠶᠠᠷ ᠦᠨᠡᠯᠡᠭᠳᠡᠵᠦ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ 38᠂ ᠵᠢᠱᠢᠶᠡᠴᠢ ᠬᠤᠪᠢ ᠬᠥᠮᠦᠨ 64 ᠶᠢ ᠬᠥᠬᠢᠭᠦᠯᠦᠨ ᠰᠠᠶᠢᠰᠢᠶᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠪᠡᠭᠡᠵᠢᠩ ᠤᠨ ᠡᠪᠦᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠠᠵᠢᠯᠯᠠᠭᠠᠨ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠥᠷᠪᠡ ᠶᠢ ᠥᠯᠥ ᠡᠭᠦᠰᠭᠡᠬᠦ︾ ᠠᠵᠢᠯ ᠤᠨ ᠬᠠᠷᠠᠯᠲᠠ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃ ᠠᠶᠢᠮᠠᠭ ᠤᠨ ᠲᠣᠰ ᠱᠠᠲᠤ ᠨᠢ 1.22 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠣᠭᠢᠷᠠᠭᠤᠯᠤᠨ ᠳᠣᠲᠣᠭᠠᠳᠤ ᠶᠢ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠠᠵᠢᠯ ᠢᠶᠠᠨ ᠲᠤᠷᠰᠢᠨ ᠠᠵᠢᠯᠯᠠᠭᠤᠯᠬᠤ ᠱᠠᠲᠤᠨ ᠳᠤ ᠣᠷᠣᠭᠤᠯᠵᠣ᠂ ︽ᠲᠣᠷᠠᠨᠳᠣ ᠢᠨᠵᠧᠨᠧᠷᠢᠩ︾ ᠨᠢ ᠤᠯᠤᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠡᠵᠦ᠂ ᠡᠷᠡᠭᠦᠤ ᠶᠢᠨ ᠬᠡᠷᠡᠭ᠂ ᠠᠮᠤᠷ ᠲᠦᠪᠰᠢᠨ ᠤ ᠪᠠᠶᠢᠳᠠᠯ ᠤᠨ ︽ᠬᠤᠤᠰ ᠪᠠᠭᠤᠷᠠᠯᠲᠠ︾ ᠶᠢ ᠪᠡᠶᠡᠯᠡᠭᠦᠯᠵᠦ᠂ ᠠᠮᠢᠨ ᠬᠡᠷᠡᠭ ᠭᠠᠷᠤᠭᠰᠠᠨ ᠲᠤᠭ᠎ᠠ 69.2% ᠢᠶᠠᠷ ᠪᠠᠭᠤᠷᠠᠪᠠ᠃ ᠵᠠᠮ ᠬᠠᠷᠢᠯᠴᠠᠭᠠᠨ ᠤ ︽ᠳᠥᠷᠪᠡᠨ ᠵᠦᠢᠯ ᠤᠨ ᠵᠢᠭᠠᠯᠲᠠ ᠲᠤᠭ᠎ᠠ︾ ᠴᠥᠮ ᠪᠠᠭᠤᠷᠠᠬᠤ ᠬᠠᠨᠳᠤᠰᠢ ᠲᠠᠢ ᠪᠣᠯᠵᠣ᠂ ᠵᠠᠮ ᠬᠠᠷᠢᠯᠴᠠᠭᠠᠨ ᠤ ᠠᠳᠡᠯ ᠳᠤ ᠠᠳᠡᠭᠰᠡᠨ ᠬᠥᠮᠦᠨ ᠤ ᠲᠤᠭ᠎ᠠ 60.7% ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠤᠳ 9 ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠣᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠠᠶᠢᠮᠠᠭ ᠬᠤᠰᠢᠭᠤ ᠬᠤᠶᠠᠷ ᠱᠠᠲᠤᠨ ᠠᠴᠠ 1000 ᠭᠠᠷᠤᠶ ᠲᠦᠮᠡᠨ ᠲᠥᠭᠦᠷᠢᠭ ᠳᠣᠭᠢᠷᠠᠭᠤᠯᠤᠨ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠳᠤ ᠠᠮᠤᠷ ᠲᠦᠪᠰᠢᠨ ᠤ ᠦᠨᠡᠯᠡᠯᠲᠡ ᠪᠠ ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠵᠦ᠂ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠶᠢ ᠲᠣᠰᠪᠣᠷᠢ 57.8% ᠪᠠ 37.5% ᠪᠠᠷ ᠪᠠᠭᠤᠷᠠᠭᠤᠯᠵᠤ᠂ ᠠᠶᠤᠯᠭᠦᠢ ᠦᠢᠯᠡᠳᠪᠦᠷᠢᠯᠡᠯ ᠤᠨ  ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃       ᠭᠡᠰᠢᠭᠦᠳ‌ᠡ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠣᠴᠢᠲᠠᠶ ᠬᠢᠵᠢᠭ ᠤᠨ ᠪᠠᠶᠢᠳᠠᠯ ᠤᠨ ᠥᠷᠢᠰᠥᠯᠳᠦᠭᠡᠨ ᠤ ᠡᠮᠦᠨ᠎ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠪᠣᠯᠤᠨ ᠡᠯ᠎ᠡ ᠲᠡᠷᠢᠭᠦᠯᠡᠭᠴᠢ᠂ ᠭᠡᠰᠢᠭᠦᠳ ᠤᠨ ᠬᠦᠴᠦᠲᠡᠶ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠣᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠪᠠᠶᠢᠨ᠎ᠠ᠂ ᠭᠤᠣᠯ ᠢᠯᠡᠷᠡᠯ ᠨᠢ᠄ ᠠᠵᠤ ᠠᠬᠤᠢ ᠪᠠᠭᠤᠷᠠᠬᠤ ᠳᠠᠷᠤᠯᠲᠠ ᠮᠥᠨ ᠨᠡᠯᠢᠶᠡᠳ ᠶᠡᠭᠡ ᠪᠠᠶᠢᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤ ᠲᠣᠯᠭᠠᠭᠤᠷᠢᠯᠠᠬᠤ ᠰᠢᠨ᠎ᠡ ᠲᠥᠷᠥᠯ ᠵᠦᠢᠯ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠴᠥᠭᠡᠨ ᠪᠠᠶᠢᠨ᠎ᠠ︔ ᠴᠡᠪᠡᠷ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ᠂ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠳᠠᠪᠠᠭᠤᠯᠢᠭ ᠪᠣᠯᠭᠠᠨ ᠬᠤᠪᠢᠷᠠᠭᠤᠯᠤᠭᠠᠳᠤᠶ ᠪᠠᠶᠢᠵᠤ᠂ ᠲᠤᠮᠤ ᠬᠡᠯᠪᠡᠷᠢ ᠶᠢᠨ ᠴᠠᠬᠢᠯᠭᠠᠨ ᠬᠡᠷᠡᠭᠯᠡᠬᠦ ᠲᠦᠷᠦᠯ ᠵᠦᠢᠯ ᠤᠨ ᠲᠤᠯᠭᠠᠭᠤᠷᠢᠯᠠᠯ ᠳᠣᠲᠠᠮᠠᠭ ᠪᠠᠶᠢᠨ᠎ᠠ︔ ᠴᠠᠬᠢᠯᠭᠠᠨ ᠲᠣᠣᠷ ᠤᠨ ᠪᠦᠷᠢᠯᠳᠦᠴᠡ ᠪᠦᠲᠦᠴᠡ ᠳᠤ ᠳᠤᠲᠠᠭᠤᠳᠠᠯ ᠣᠷᠣᠰᠢᠵᠤ᠂ ᠵᠠᠩᠭᠢᠯᠠᠭ᠎ᠠ ᠶᠢᠨ ︽ᠪᠣᠭᠤᠮᠢ︾ ᠢᠨᠵᠧᠨᠧᠷᠢᠩ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ︔ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠥᠷᠢ ᠥᠭᠴᠡᠭᠡ ᠨᠡᠯᠢᠶᠡᠳ ᠤᠯᠠᠨ ᠪᠠᠶᠢᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠵᠥᠷᠢᠶ᠎ᠡ ᠲᠠᠢ ᠪᠠᠶᠢᠨ᠎ᠠ︔ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠤᠯᠠᠮ ᠲᠣᠪᠤᠶᠢᠮ᠎ᠠ ᠪᠣᠯᠵᠣ᠂ ᠬᠡᠰᠡᠭ ᠬᠤᠰᠢᠭᠤ ᠰᠢᠶᠠᠨ ᠤ ᠬᠡᠷᠡᠭᠯᠡᠵᠦ ᠪᠣᠯᠬᠤ ᠡᠳ᠋ ᠤᠨ ᠵᠠᠰᠠᠭ ᠤᠨ ᠬᠦᠴᠦᠨ ᠲᠦᠢᠯ ᠤᠨ ᠬᠢᠵᠠᠭᠠᠷᠲᠠᠢ᠂ ᠥᠷᠢ ᠦᠭᠴᠡᠭᠡᠨ ᠤ ᠲᠦᠭᠰᠢᠭᠦᠷᠢ ᠶᠢᠨ ᠲᠠᠰ ᠨᠡᠯᠢᠶᠡᠳ ᠥᠨᠳᠥᠷ ᠪᠠᠶᠢᠵᠣ᠂ ᠥᠷᠢ ᠥᠭᠴᠡᠭᠡ ᠶᠢ ᠠᠷᠢᠯᠭᠠᠨ ᠲᠥᠯᠥᠬᠦ ᠳᠠᠷᠤᠯᠲᠠ ᠨᠡᠮᠡᠭᠳᠡᠭᠰᠡᠨ ᠵᠡᠷᠭᠡ ᠭᠡᠬᠦ ᠮᠡᠳᠦ᠃ ᠡᠲᠡᠭᠡᠷ ᠠᠰᠠᠭᠤᠳᠠᠯ ᠢ ᠪᠢᠳᠡ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠭᠦᠭᠵᠢᠬᠦᠯᠦᠯᠳᠡ ᠶᠢ ᠰᠢᠨ᠎ᠡ ᠱᠠᠳᠣᠨ ᠳᠤ ᠭᠠᠷᠭᠠᠨ᠎ᠠ᠃      ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠣᠯᠳᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠩ ᠰᠠᠶᠢᠨ ᠬᠢᠷᠢ ᠪᠦᠲᠦᠮᠵᠢ ᠭᠠᠷᠭᠠᠬᠤ ᠪᠠᠷ ᠴᠢᠷᠮᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ 1 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ︔ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠪᠣᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠢᠴᠡᠳᠭᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠣᠰᠣᠭᠠᠷ ᠲᠣᠬᠢᠷᠠᠭᠤᠯᠤᠨ᠎ᠠ᠃       ︵ᠨᠢᠭᠡ︶ ᠨᠡᠮᠡᠭᠳᠡᠯ ᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠠᠵᠤ ᠠᠬᠤᠶ ᠶᠢ ᠲᠣᠭᠲᠠᠭᠤᠨ ᠤ ᠲᠣᠮᠳᠠ  ᠰᠠᠶᠢᠵᠢᠷᠠᠭᠤᠯᠬᠤ᠂ ᠲᠣᠭᠲᠠᠭᠤᠨ ᠤ ᠲᠣᠮᠳᠠ ᠤᠷᠤᠭᠰᠢᠯᠠᠭᠤᠯᠬᠤ᠂ ᠲᠣᠭᠲᠠᠭᠤᠨ ᠤ ᠲᠣᠮᠳᠠ ᠰᠢᠯᠢᠳᠡᠭᠵᠢᠬᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠨᠢᠭᠡ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃  2023 ᠣᠨ ᠳᠤ ᠠᠶᠢᠮᠠᠭ ᠤᠨ ᠲᠠᠰ ᠤᠨ 168 ᠭᠤᠤᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠳᠣᠭᠢᠷᠠᠭᠤᠯᠵᠤ᠂ ᠡᠭᠦᠨ ᠳᠤ 98 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠵᠢᠯ ᠤᠨ ᠳᠣᠲᠣᠷ᠎ᠠ 370 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 435 ᠳ᠋ᠦᠩᠰᠢᠭᠤᠷ ᠲᠥᠭᠦᠷᠢᠭ ᠳᠠᠶᠢᠴᠢᠯᠠᠨ᠎ᠠ᠃ ᠭᠠᠷᠳᠠᠮ ᠢ ︽ᠪᠦᠬᠦᠨ ᠢ ᠬᠦᠢᠴᠡᠳᠭᠡᠬᠦ ᠪᠣᠭᠤᠮᠲᠠ ᠰᠢᠪᠲᠤᠯᠬᠤ︾ ᠠᠵᠢᠯᠯᠠᠭ᠎ᠠ ᠥᠷᠨᠢᠭᠦᠯᠬᠦ ᠶᠢᠨ ᠲᠣᠭᠤᠷᠢᠨ ᠳᠤ᠂ ᠳᠦᠰᠦᠪ ᠲᠣᠭᠳᠠᠭᠠᠨ ᠴᠢᠷᠮᠠᠶᠢᠨ ᠠᠵᠢᠯᠯᠠᠵᠣ᠂ 4 ᠳ᠋ᠣᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠭᠠᠷᠳᠠᠮ ᠢᠶᠠᠨ ᠪᠦᠬᠦᠨ ᠢ ᠪᠡᠶᠡᠯᠡᠭᠦᠯᠵᠣ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ︽ᠲᠠᠪᠤᠨ ᠶᠡᠭᠡ ᠡᠭᠦᠷᠭᠡ︾ ᠳᠤ ᠰᠠᠭᠤᠷᠢᠯᠠᠨ᠂ ᠡᠳᠦᠶ ᠲᠡᠳᠦᠶ ᠠᠷᠪᠠᠨ ᠳ᠋ᠦᠩᠰᠢᠭᠤᠷ ᠲᠠᠰ᠂ ᠵᠠᠭᠤᠨ ᠳ᠋ᠦᠩᠰᠢᠭᠤᠷ ᠲᠠᠰ ᠤᠨ ᠴᠢᠬᠤᠯᠠ ᠶᠡᠭᠡ ᠲᠥᠷᠥᠯ ᠵᠦᠢᠯ᠂ ᠠᠵᠤ ᠦᠢᠯᠡᠰ ᠤᠨ ᠪᠦᠯᠦᠭᠯᠡᠯ ᠪᠠ ᠰᠠᠭᠤᠷᠢᠨ ᠭᠠᠵᠠᠷ ᠢ ᠲᠥᠯᠥᠪᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠲᠣᠮᠣ ᠬᠡᠪᠴᠢᠶᠡᠨ︾ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠬᠤᠶᠠᠷ ᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠡᠷᠢᠭᠦᠨ ᠵᠡᠷᠭᠡ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ 2023ᠣᠨ ᠢ  ︽ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠨ︾ ᠢᠶᠠᠷ ᠲᠣᠭᠲᠠᠭᠠᠵᠤ᠂ ᠵᠢᠯ ᠤᠨ ᠳᠣᠲᠣᠷ᠎ᠠ 16 ᠲᠣᠮᠣ ᠬᠡᠯᠪᠡᠷᠢ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠶᠢ ᠡᠷᠭᠢᠯᠡᠨ ᠬᠢᠬᠦ ᠪᠠᠷ ᠲᠥᠯᠥᠪᠯᠡᠵᠦ᠂ 1500 ᠠᠴᠠ ᠳᠡᠭᠡᠭᠰᠢᠬᠢ ᠠᠵᠤ ᠠᠬᠤᠶᠢᠯᠠᠯ ᠲᠠᠢ ᠵᠣᠯᠭᠠᠭᠤᠯᠤᠨ᠂ 300 ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ  ᠲᠠᠢ ᠭᠡᠷ᠎ᠡ ᠲᠣᠭᠲᠠᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠠᠯᠠ ᠮᠥᠩᠭᠦ ᠶᠢ 15% ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠭᠤᠷᠪᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠬᠦ ᠬᠦᠴᠦᠨ ᠢᠶᠠᠷ ᠢᠶᠠᠨ ᠲᠡᠳᠬᠦᠨ ᠪᠤᠵᠠᠭᠠᠶᠢᠷᠠᠭᠤᠯᠤᠨ᠎ᠠ᠃  ᠠᠶᠢᠮᠠᠭ ᠤᠨ ᠲᠣᠰ ᠱᠠᠲᠤᠨ ᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠵᠢᠴᠢ ᠵᠢᠭᠤᠯᠴᠢᠯᠠᠯ ᠤᠨ ᠦᠢᠯᠡᠰ ᠤᠨ ᠲᠤᠰᠬᠠᠶ ᠲᠦᠷᠦᠯ ᠤᠨ ᠬᠥᠭᠵᠢᠯᠲᠡ ᠶᠢ ᠬᠥᠲᠥᠯᠦᠨ ᠵᠢᠯᠣᠭᠤᠳᠬᠤ ᠪᠠᠯᠠ ᠮᠥᠩᠭᠦ ᠪᠠ ᠮᠠᠨ ᠤ ᠠᠶᠢᠮᠠᠭ ᠤᠨ ᠠᠵᠤ ᠦᠢᠯᠡᠰ ᠤᠨ ᠬᠥᠭᠵᠢᠯᠲᠡ ᠶᠢᠨ ᠰᠢᠷᠢᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ᠂ ᠵᠢᠯ ᠤᠨ ᠳᠣᠲᠣᠷ᠎ᠠ ᠰᠢᠨ᠎ᠡ ᠪᠠᠷ 17 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠭᠡᠯ ᠳᠤ ᠳᠠᠩᠰᠠᠯᠠᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ ᠴᠣᠭᠴᠠ ᠶᠢᠨ ᠠᠵᠤ ᠠᠬᠤᠶ ᠳᠤ ᠠᠰᠢᠭ ᠣᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠵᠤ᠂ ᠡᠨᠡ ᠵᠢᠯ ᠤᠨ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ 10% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠡᠷᠡᠭᠯᠡᠭᠡᠨ ᠤ ᠰᠡᠷᠭᠦᠯᠲᠡ ᠶᠢᠨ ᠰᠠᠶᠢᠵᠢᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠭᠡᠮ ᠢᠶᠠᠷ ᠬᠤᠳᠠᠯᠳᠤᠬᠤ ᠵᠢᠵᠢᠭᠯᠡᠨ ᠪᠣᠷᠣᠯᠠᠭᠤᠯᠬᠤ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡᠨ ᠤ ᠵᠦᠢᠯᠡᠰ ᠤᠨ ᠬᠡᠪ ᠤᠨ ᠪᠠᠶᠢᠳᠠᠯ ᠢᠶᠠᠨ ᠰᠡᠷᠭᠦᠭᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠣᠨᠴᠢᠯᠠᠭᠰᠠᠨ ᠭᠡᠷ ᠤᠨ ᠡᠳ᠋ᠯᠡᠯ ᠬᠡᠷᠡᠭᠰᠡᠯ ᠪᠠ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠡᠷᠡᠭᠯᠡᠭᠡ ᠶᠢ ᠨᠡᠮᠡᠭᠳᠡᠭᠦᠯᠦᠨ᠎ᠡ᠃ ᠲᠣᠰ ᠭᠠᠵᠠᠷ ᠣᠷᠣᠨ ᠤ ᠪᠠᠨ ᠰᠦᠯᠵᠢᠶᠡᠨ ᠣᠳᠣᠳ ᠢ ᠭᠦᠮᠦᠵᠢᠭᠦᠯᠦᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠠᠬᠤᠶ ᠶᠢᠨ ᠡᠷᠡᠭᠦᠯ ᠬᠥᠭᠵᠢᠯᠲᠡ ᠶᠢ ᠠᠬᠢᠭᠤᠯᠤᠨ᠎ᠠ᠃        ︵ᠬᠤᠶᠠᠷ︶ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠨ᠂ ᠪᠣᠬᠢᠷᠲᠤᠯ ᠥᠬᠡᠶ ᠦᠪᠡᠷᠮᠢᠴᠡ ᠤᠨᠴᠠᠯᠢᠭᠳᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠳᠤ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠯᠲᠠ ᠶᠢ ᠶᠡᠬᠡᠪᠡᠷ ᠠᠬᠢᠭᠤᠯᠣᠨ᠎ᠠ᠃ ᠨᠢᠭᠡ ᠳᠤ ᠮᠢᠩᠭᠠᠨ ᠳ᠋ᠦᠩᠰᠢᠭᠤᠷ ᠲᠡᠰ ᠤᠨ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠤᠨ᠎ᠠ᠃ ᠤᠯᠤᠰ ᠣᠷᠣᠨ ᠤ ᠶᠡᠭᠡ ᠲᠠᠯ᠎ᠠ ᠳᠤ ᠦᠢᠯᠡᠴᠢᠯᠡᠬᠦ ᠳᠤ ᠰᠠᠭᠤᠷᠢᠯᠠᠨ᠂ ᠨᠡᠭᠦᠷᠡᠰᠦᠨ ᠤ ᠡᠬᠢ ᠪᠠᠶᠠᠯᠢᠭ ᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠰᠢᠨ᠎ᠡ ᠡᠨᠧᠷᠭᠢ ᠶᠢ ᠡᠷᠴᠢᠮᠵᠢᠭᠦᠯᠦᠨ ᠨᠡᠭᠡᠭᠡᠨ ᠠᠰᠢᠭᠯᠠᠬᠤ ᠪᠠ ᠡᠨᠧᠷᠭᠢ ᠲᠠᠢ ᠬᠤᠯᠪᠣᠭᠳᠠᠬᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠳᠡᠭᠡᠳᠦ ᠲᠡᠰᠵᠢᠭᠦᠯᠬᠦ ᠪᠠᠷ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠣᠷᠢᠳ ᠢᠶᠠᠷ ᠴᠣᠭᠴᠠᠯᠠᠬᠤ︾ ︽ᠬᠤᠶᠠᠷ ᠢ ᠳᠠᠪᠠᠭᠤᠯᠬᠤ︾ ᠬᠠᠷᠠᠯᠲᠠ ᠶᠢᠨ ᠲᠣᠭᠤᠷᠢᠨ ᠳᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠵᠢᠯ ᠤᠨ ᠳᠣᠲᠣᠷ᠎ᠠ ᠪᠦᠬᠦᠨ ᠢ ᠲᠣᠣᠷ ᠲᠤ ᠨᠡᠶᠢᠯᠡᠭᠦᠯᠬᠦ ᠶᠢ ᠠᠬᠢᠭᠤᠯᠵᠤ᠂ ᠵᠡᠭᠦᠨ ᠰᠥᠨᠢᠳ ᠤᠨ ᠮᠧᠩ ᠨᠧᠩ ᠡᠨᠧᠷᠭᠢ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ᠂ ᠳ᠋ᠠ ᠲᠠᠩ ᠤᠨ ᠲᠣᠯᠣᠨ ᠨᠣᠣᠷ ᠤᠨ 17.5 ᠲᠦᠮᠡᠨ ᠺᠢᠯᠣᠸᠠᠲ ᠤᠨ ᠪᠠ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠠᠶᠠᠨᠬᠤᠸᠠ ᠶᠢᠨ 30 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠤ ᠣᠷᠣᠯᠠᠭᠤᠯᠤᠯᠲᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠡᠷᠢᠶᠡᠨ ᠤ ᠪᠢᠴᠢᠯ ᠴᠠᠬᠢᠯᠭᠠᠨ ᠲᠣᠤᠷ ᠤᠨ ᠬᠠᠳᠠᠭᠠᠯᠠᠯᠲᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠠᠮᠢᠳᠣᠯᠢᠭᠵᠢᠭᠤᠯᠵᠣ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢ 1700 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ 300 ᠳ᠋ᠦᠩᠰᠢᠭᠤᠷ ᠭᠷᠠᠳᠦ᠋ᠰ ᠠᠴᠠ ᠳᠠᠪᠠᠭᠤᠯᠤᠨ ᠂ ᠪᠥᠬᠦ ᠣᠷᠣᠨ ᠳᠤ ᠣᠷᠢᠳᠠᠪᠡᠷ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠣᠨ᠎ᠠ᠃ ᠡᠭᠦᠨ ᠤ ᠬᠠᠮᠲᠤ᠂ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠷᠭᠡᠬᠡᠨ ᠵᠥᠪᠰᠢᠶᠡᠷᠡᠭᠦᠯᠬᠦ ᠶᠢᠨ ᠬᠠᠮᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠮᠢᠩᠭᠠᠨ ᠲᠦᠮᠡᠨ ᠺᠢᠯᠣᠸᠠᠲ ᠤᠨ ︽ᠪᠣᠬᠢᠷᠲᠤᠯ ᠥᠬᠡᠶ ᠴᠠᠬᠢᠯᠭᠠᠨ ᠢ ᠪᠡᠭᠡᠵᠢᠩ ᠳᠤ ᠣᠷᠣᠭᠤᠯᠬᠤ︾ ᠰᠠᠭᠤᠷᠢᠨ ᠭᠠᠵᠠᠷ ᠤᠨ ᠲᠥᠷᠥᠯ ᠵᠦᠢᠯ ᠵᠢᠴᠢ ︽ᠨᠢᠭᠡ ᠠᠰᠬᠠᠨ ᠨᠢᠭᠡ ᠰᠣᠯᠪᠢᠴᠠᠬᠤ︾ ᠬᠤᠶᠠᠷ ᠵᠤᠷᠪᠤᠰ ᠭᠠᠳᠠᠭᠰᠢ ᠬᠦᠷᠭᠡᠬᠦ ᠰᠠᠭᠠᠳ ᠥᠬᠡᠢ ᠨᠡᠪᠲᠡᠷᠡᠬᠦ ᠵᠠᠮ ᠤᠨ ᠢᠨᠵᠧᠨᠧᠷᠢᠩ ᠢ ᠤᠯᠤᠰ ᠤᠨ ᠲᠥᠯᠥᠪᠵᠢᠭᠦᠯᠭᠡ ᠳᠤ ᠣᠷᠣᠭᠤᠯᠤᠨ᠎ᠠ᠃ ᠬᠡᠰᠢᠭ ᠠᠭᠤᠯᠠ ᠨᠡᠭᠦᠷᠡᠰᠦᠨ ᠠᠭᠤᠷᠬᠠᠢ᠂ ᠬᠤᠸᠠ ᠷᠦᠨ ᠺᠣᠮᠫᠠᠨᠢ ᠶᠢᠨ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠠᠭᠤᠷᠬᠠᠶ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠠᠬᠢᠭᠤᠯᠵᠤ᠂ ᠮᠠᠩᠯᠠᠢ᠂ ᠯᠦ ᠰᠢᠨ᠂ ᠳ᠋ᠠ ᠠᠨ ᠨᠡᠭᠦᠷᠡᠰᠦᠨ ᠠᠭᠤᠷᠬᠠᠢ ᠶᠢ ᠬᠤᠯᠪᠣᠭᠠᠯᠠᠨ ᠲᠤᠷᠰᠢᠨ ᠠᠵᠢᠯᠯᠠᠭᠤᠯᠵᠤ᠂ ᠴᠠᠭᠠᠨᠨᠠᠭᠤᠷ ᠨᠢᠭᠡᠳᠦᠭᠡᠷ ᠨᠣᠮᠧᠷᠲᠤ ᠬᠤᠳᠳᠤᠭ ᠢ ᠲᠦᠷᠭᠡᠳᠬᠡᠨ ᠪᠠᠶᠢᠭᠤᠯᠵᠤ᠂ ᠳ᠋ᠠ ᠳᠠᠩ ᠤᠨ ᠢᠯᠡᠯᠳᠠ ᠵᠡᠭᠦᠨ ᠬᠤᠶᠠᠳᠤᠭᠠᠷ ᠠᠭᠤᠷᠬᠠᠢ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.42 ᠳ᠋ᠦᠩᠰᠢᠭᠤᠷ ᠲᠣᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠵᠢᠩ ᠨᠧᠩ ᠴᠠᠭᠠᠨᠨᠠᠭᠤᠷ ᠴᠠᠬᠢᠯᠭᠠᠨ ᠦᠢᠯᠡᠳᠪᠦᠷᠢ ᠶᠢ ᠪᠠᠶᠢᠭᠤᠯᠤᠨ ᠲᠣᠣᠷ ᠲᠤ ᠨᠡᠶᠢᠯᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ ᠶᠢ ᠲᠤᠬᠢᠷᠠᠭᠤᠯᠤᠨ ᠲᠤᠷᠰᠢᠬᠤ ᠨᠥᠬᠦᠴᠡᠯ ᠢ ᠪᠦᠷᠢᠯᠳᠦᠭᠦᠯᠵᠦ᠂ ᠰᠣ᠋ ᠨᠧᠩ ᠤᠯᠠᠭᠠᠢ ᠶᠢᠨ ᠴᠠᠬᠢᠯᠭᠠᠨ ᠦᠢᠯᠡᠳᠪᠦᠷᠢ  ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠂ ᠰᠣ᠋ ᠨᠧᠩ ᠪᠠᠶᠠᠨᠬᠤᠸᠠ ᠴᠠᠬᠢᠯᠭᠠᠨ ᠦᠢᠯᠡᠳᠪᠦᠷᠢ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠴᠠᠬᠢᠯᠭᠠᠨ ᠦᠢᠯᠡᠳᠪᠦᠷᠢ ᠶᠢ ᠪᠦᠬᠦ ᠲᠠᠯ᠎ᠠ ᠪᠠᠷ ᠠᠵᠢᠯ ᠡᠬᠢᠯᠡᠭᠦᠯᠦᠨ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠲᠤ ᠬᠦᠷᠦᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 570 ᠳ᠋ᠦᠩᠰᠢᠭᠤᠷ ᠭᠷᠠᠳᠦ᠋ᠰ ᠲᠤ ᠬᠦᠷᠦᠭᠦᠯᠬᠦ ᠪᠠᠷ ᠴᠢᠷᠮᠠᠶᠢᠨ᠎ᠠ᠃ 400 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠢ ᠢᠵᠢ ᠪᠦᠷᠢᠳᠦᠭᠦᠯᠬᠦ ︽ᠳᠥᠷᠪᠡᠨ ᠥᠷᠲᠡᠭᠡ ᠳᠥᠷᠪᠡᠨ ᠱᠤᠭᠤᠮ ᠳᠥᠷᠪᠡᠨ ᠨᠥᠭᠡᠴᠡ︾ ᠶᠢᠨ ᠲᠥᠷᠥᠯ ᠵᠦᠢᠯ ᠪᠠ ᠤᠯᠤᠰ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠢᠯᠡᠯᠳᠠ ᠠᠴᠠ ᠵᠠᠩᠪᠸᠢ ᠳᠤ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠤ ᠱᠤᠭᠤᠮ ᠢ ᠳᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠰᠣ᠋ ᠨᠧᠩ ᠤᠯᠠᠭᠠᠢ ᠶᠢᠨ ᠴᠠᠬᠢᠯᠭᠠᠨ ᠦᠢᠯᠡᠳᠪᠦᠷᠢ ᠪᠠ ᠰᠣ᠋ ᠨᠧᠩ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ︔ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠣᠸᠠᠲ ᠤᠨ ᠴᠠᠬᠢᠯᠭᠠᠨ ᠬᠤᠪᠢᠰᠬᠠᠬᠤ ᠦᠷᠳᠡᠭᠡᠨ ᠤ ᠠᠵᠢᠯ ᠡᠬᠢᠯᠡᠭᠦᠯᠬᠦ ᠶᠢ ᠠᠬᠢᠭᠤᠯᠵᠤ᠂ ᠪᠤᠯᠠᠭ ᠤᠨ 500 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠪᠠᠶᠢᠭᠤᠯᠤᠨ ᠳᠠᠭᠤᠰᠬᠠᠬᠤ ᠪᠠᠨ ᠦᠨᠡᠨᠬᠦ ᠪᠠᠲᠤᠯᠠᠵᠤ᠂ ᠰᠢᠯᠢ ᠶᠢᠨ ᠭᠤᠣᠯ  ᠤᠨ ᠪᠠᠷᠠᠭᠤᠨ ᠬᠡᠰᠡᠭ — ᠵᠡᠭᠦᠨ ᠰᠥᠨᠢᠳ — ᠲᠠᠯ᠎ᠠ ᠬᠦᠷᠬᠦ 500 ᠺᠢᠯᠣᠸᠠᠲ ᠤᠨ ᠬᠤᠶᠢᠲᠤ ᠬᠡᠰᠡᠭ ᠤᠨ ᠨᠡᠪᠲᠡᠷᠡᠬᠦ ᠵᠠᠮ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠠᠶᠢᠮᠠᠭ ᠤᠨ ᠳᠣᠲᠣᠷᠠᠬᠢ 500 ᠺᠢᠯᠣᠸᠠᠲ ᠤᠨ ᠴᠠᠬᠢᠯᠭᠠᠨ ᠲᠣᠤᠷ ᠤᠨ ᠰᠢᠰᠲ᠋ᠧᠮ ᠢ ᠲᠦᠷᠭᠡᠬᠡᠨ ᠪᠦᠷᠢᠯᠳᠦᠭᠦᠯᠵᠦ᠂  ᠨᠠᠩ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠴᠠᠬᠢᠯᠭᠠᠨ ᠲᠣᠤᠷ ᠤᠨ ᠪᠦᠷᠢᠯᠳᠣᠴᠠ ᠶᠢ ᠴᠣᠭᠴᠠᠯᠠᠨ ᠪᠠᠶᠢᠭᠤᠯᠤᠨ᠎ᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠴᠢᠯᠠᠭᠤᠨ ᠲᠤᠰᠤ ᠰᠢᠲᠠᠮᠠᠬᠠᠶ ᠬᠡᠢ ᠵᠡᠷᠭᠡ ᠡᠨᠧᠷᠭᠢ ᠶᠢᠨ ᠰᠤᠷᠪᠤᠯᠵᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦᠨ ᠤ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠦᠭᠡᠢ ᠠᠶᠤᠯᠭᠦᠶ ᠪᠥᠭᠡᠳ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠬᠤᠶᠠᠷ ᠲᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶᠡᠵᠢᠯ ᠢ ᠬᠦᠴᠦᠷᠬᠡᠭᠵᠢᠭᠦᠯᠦᠨ᠎ᠡ᠃  ᠰᠢᠨ᠎ᠡ ᠡᠨᠧᠷᠭᠢ ᠶᠢᠨ ᠲᠥᠷᠦᠯ ᠵᠦᠢᠯ ᠨᠢ ᠲᠣᠰ ᠭᠠᠵᠠᠷ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠯᠤᠭ᠎ᠠ ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠶᠢ ᠵᠣᠬᠢᠶᠠᠨ ᠪᠠᠶᠢᠭᠤᠯᠵᠤ᠂ ᠠᠯᠤᠰ ᠲᠤ 700 ᠢᠵᠢ ᠰᠠᠯᠬᠢᠨ  ᠬᠦᠴᠦᠨ ᠤ ᠮᠠᠰᠢᠨ ᠤ ᠪᠦᠬᠦᠯᠢ ᠮᠠᠰᠢᠨ ᠵᠢᠴᠢ 10 GWH ᠴᠠᠭ ᠤᠨ ᠡᠨᠧᠷᠭᠢ ᠬᠠᠳᠠᠭᠠᠯᠠᠬᠤ ᠲᠥᠬᠦᠭᠡᠷᠦᠮᠵᠢ ᠶᠢᠨ ᠶᠡᠷᠦᠩᠬᠡᠶ ᠤᠭᠰᠠᠷᠠᠯᠲᠠ ᠶᠢᠨ ᠰᠠᠭᠤᠷᠢᠨ ᠭᠠᠵᠠᠷ ᠪᠠ ᠮᠢᠩ ᠶᠠᠩ ᠤᠨ 800 ᠢᠵᠢ ᠮᠧᠬᠠᠨᠢᠭ ᠰᠡᠩᠰᠡ᠂ ᠾᠧᠩ ᠵᠢᠶᠠ ᠶᠢᠨ 300 ᠢᠵᠢ ᠰᠤᠪᠤᠷᠭᠠᠨ ᠭᠤᠣᠯ᠂ ᠠᠢ ᠨᠠ ᠺᠠᠩ ᠤᠨ 1000 ᠢᠵᠢ ᠮᠠᠰᠢᠨ ᠤ ᠥᠷᠥᠭᠡᠨ ᠤ ᠪᠦᠷᠬᠦᠭᠦᠯ ᠵᠡᠷᠭᠡ ᠲᠥᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠴᠠᠬᠢᠯᠭᠠᠨ ᠭᠠᠷᠭᠠᠬᠤ ᠮᠠᠰᠢᠨ᠂ ᠠᠷᠠᠭᠠᠲᠤ ᠬᠦᠷᠳᠣᠨ ᠤ ᠬᠠᠶᠢᠷᠴᠠᠭ᠂ ᠬᠤᠯᠬᠤᠪᠴᠢ ᠵᠡᠷᠭᠡ ᠤᠭᠰᠠᠷᠠᠭ᠎ᠠ ᠲᠣᠨᠤᠭ ᠦᠢᠯᠡᠳᠬᠦ ᠲᠥᠷᠦᠯ ᠵᠦᠢᠯ ᠢ ᠣᠷᠣᠭᠤᠯᠤᠨ ᠠᠪᠴᠢᠷᠠᠵᠤ᠂ ᠪᠦᠬᠦᠯᠢ ᠮᠠᠰᠢᠨ ᠠᠴᠠ ᠵᠠᠩᠭᠢᠯᠠᠭ᠎ᠠ ᠶᠢᠨ ᠰᠡᠯᠪᠢᠭ ᠲᠣᠨᠤᠭ ᠬᠦᠷᠲᠡᠯᠡᠬᠢ ᠪᠥᠬᠦ ᠶᠠᠪᠤᠴᠠ ᠶᠢ ᠢᠵᠢ ᠪᠥᠷᠢᠳᠦᠭᠦᠯᠬᠦ ᠶᠢ ᠪᠡᠶᠡᠯᠡᠭᠦᠯᠦᠨ᠎ᠡ᠃ ᠲᠣᠮᠣ ᠬᠡᠯᠪᠡᠷᠢ ᠶᠢᠨ ᠰᠠᠯᠬᠢ ᠢᠯᠴᠢ ᠶᠢᠨ ᠴᠠᠬᠢᠯᠭᠠᠨ ᠤ ᠰᠠᠭᠤᠷᠢᠨ ᠭᠠᠵᠠᠷ ᠤᠨ ᠢᠵᠢ ᠪᠥᠷᠢᠳᠦᠭᠰᠡᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠯᠢᠶᠠᠨ ᠳ᠋ᠦᠩ ᠲᠢᠶᠠᠨ ᠢ 5GWH ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠵᠢᠴᠢ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠲᠦᠷᠦᠯ ᠵᠦᠢᠯ᠂ ᠶᠠᠨ ᠳ᠋ᠠ ᠵᠢᠯ ᠳᠤ 3 ᠲᠦᠮᠡᠨ ᠲᠣᠨ ᠯᠢᠲ᠋ᠢ ᠢᠶᠣᠨ ᠤ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ᠂ ᠭᠠᠨ ᠹᠧᠩ ᠯᠢᠲ᠋ᠢ ᠶᠢᠨ ᠦᠢᠯᠡᠰ ᠤᠨ ᠵᠢᠯ ᠳᠤ 2 ᠲᠦᠮᠡᠨ ᠲᠣᠨ ᠨᠡᠭᠦᠷᠡᠰᠦᠨ ᠬᠦᠴᠢᠯ ᠤᠨ ᠯᠢᠲ᠋ᠢ ᠦᠢᠯᠡᠳᠪᠦᠷᠢᠯᠡᠬᠦ ᠪᠠ ᠰᠢᠨ ᠮᠧᠩ ᠰᠢᠨ ᠵᠢᠯ ᠳᠤ 10 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ᠂ ᠷᠦᠢ ᠴᠤᠸᠠᠩ ᠵᠢᠯ ᠳᠤ 20 ᠲᠦᠮᠡᠨ ᠲᠣᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠠᠴᠠ ᠭᠠᠵᠠᠷ ᠤᠨ ᠭᠠᠳᠠᠷᠭᠤ ᠶᠢᠨ ᠡᠨᠧᠷᠭᠢ ᠬᠠᠳᠠᠭᠠᠯᠠᠬᠤ ᠥᠷᠲᠡᠭᠡ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶᠡᠵᠢᠭᠰᠡᠨ ᠡᠨᠧᠷᠭᠢ ᠬᠠᠳᠠᠭᠠᠯᠠᠬᠤ ᠠᠵᠤ ᠦᠢᠯᠡᠰ ᠢ ᠪᠠᠶᠢᠭᠤᠯᠤᠨ᠎ᠠ᠃ ᠲᠣᠭᠠᠴᠢᠯᠠᠭᠰᠠᠨ᠂ ᠤᠶᠤᠨᠴᠢᠯᠠᠭᠰᠠᠨ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢᠨ ᠲᠣᠬᠢᠷᠠᠭᠤᠯᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠵᠢᠩ ᠨᠧᠩ᠂ ᠲᠠᠢ ᠹᠦ᠋ ᠣᠶᠤᠨᠴᠢ ᠠᠵᠢᠯᠯᠠᠭᠠᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠳ᠋ ᠪᠣᠳᠠᠰ ᠢ ᠳᠠᠬᠢᠨ ᠠᠰᠢᠭᠯᠠᠬᠤ ᠨᠡᠶᠢᠭᠡᠮᠯᠢᠭ᠂ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠪᠦᠯᠦᠭᠯᠡᠯ ᠲᠠᠢ ᠬᠠᠮᠲᠤᠷᠠᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠰᠢᠨ᠎ᠡ ᠡᠨᠧᠷᠭᠢ ᠶᠢᠨ ᠲᠥᠬᠦᠭᠡᠷᠦᠮᠵᠢ ᠦᠢᠯᠡᠳᠪᠦᠷᠢᠯᠡᠬᠦ ᠪᠠ ᠣᠷᠴᠢᠯᠳᠤᠭᠤᠯᠤᠨ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠷᠪᠠ ᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠯᠥᠭᠯᠡᠯ ᠤᠨ ᠬᠥᠭᠵᠢᠯᠲᠡ ᠶᠢ ᠬᠦᠴᠦᠲᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ 6 ᠲᠥᠷᠥᠯ ᠤᠨ ᠵᠠᠬ᠎ᠠ ᠲᠡᠯᠭᠡᠭᠦᠷᠴᠢᠯᠡᠭᠰᠡᠨ ᠲᠣᠤᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠥᠢᠯ ᠢ ᠤᠷᠢᠳᠠᠪᠡᠷ ᠰᠣᠩᠭᠤᠬᠤ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ  ᠦᠢᠯᠡᠰ ᠤᠨ ᠴᠠᠬᠢᠯᠭᠠᠨ ᠬᠦᠴᠦᠨ ᠤ ᠠᠷᠠᠯᠵᠢᠶ᠎ᠠ ᠶᠢ ᠥᠷᠨᠢᠭᠦᠯᠬᠦ ᠠᠰᠢᠭᠲᠠᠶ ᠴᠠᠭ ᠲᠣᠬᠢᠶᠠᠯ ᠢ ᠭᠥᠢᠴᠡᠳ ᠠᠰᠢᠭᠯᠠᠨ᠂ ᠴᠠᠬᠢᠯᠭᠠᠨ ᠰᠤᠷᠪᠤᠯᠵᠢ ᠶᠢᠨ ᠴᠡᠨᠡᠭ ᠨᠥᠭᠡᠴᠡ ᠶᠢ ᠨᠢᠭᠡ ᠴᠣᠠᠠᠴᠠᠵᠢᠭᠤᠯᠥᠠᠠᠰᠠᠨ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ ᠵᠥᠢᠯ ᠢ ᠳᠡᠯᠭᠡᠷᠡᠭᠦᠯᠵᠦ᠂ ᠨᠢᠭᠡ ᠪᠦᠯᠦᠭ ︽ᠴᠠᠬᠢᠯᠭᠠᠨ ᠤ ᠦᠨ᠎ᠡ ᠳᠤ ᠰᠡᠷᠭᠡᠭ︾ ᠪᠠᠶᠢᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠥᠢᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ ᠪᠤᠶᠢᠵᠢᠭᠤᠯᠤᠨ᠎ᠠ᠃ ᠵᠢᠩ ᠨᠧᠩ ᠤᠨ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠨᠥᠭᠡᠴᠡᠯᠡᠵᠥ ᠨᠣᠭᠤᠭᠠᠨ ᠰᠢᠪᠲᠦᠷ ᠥᠢᠯᠡᠳᠬᠦ᠂ ᠲᠤᠯᠤᠨ ᠨᠤᠤᠷ ᠤᠨ ᠳ᠋ᠠ ᠲᠠᠩ ᠤᠨ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠤᠯᠤᠨ ᠨᠤᠤᠷ ᠤᠨ ᠮᠢᠩ ᠶᠠᠩ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠲᠠᠩ ᠾᠧ ᠶᠢᠨ ᠠᠯᠮᠠᠰ ᠴᠢᠯᠠᠭᠤᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠾᠧᠨᠠᠨ ᠤ ᠵᠢᠤᠢ ᠱᠧᠩ ᠬᠡᠳᠦ ᠬᠠᠲᠠᠭᠤ ᠮᠠᠲ᠋ᠧᠷᠢᠶᠠᠯ᠂ ᠢᠦᠢ ᠵᠧᠦ ᠶᠢᠨ ᠰᠢᠨ ᠵᠢᠶᠠ ᠡᠾᠥ᠋ᠢ ᠰᠢᠨ᠎ᠡ ᠮᠠᠲ᠋ᠧᠷᠢᠶᠠᠯ ᠵᠡᠷᠭᠡ ᠭᠡᠷ᠎ᠡ ᠲᠤᠭᠲᠠᠬᠤ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠮᠠᠨ ᠤ ᠤᠯᠤᠰ ᠤᠨ ᠪᠠᠷᠠᠭᠤᠨ ᠣᠷᠣᠨ ᠤ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠴᠢᠷᠮᠠᠶᠢᠨ ᠴᠣᠭᠴᠠᠯᠠᠨ᠎ᠠ᠃ ᠬᠦᠴᠦᠨ ᠢᠶᠠᠨ ᠲᠥᠪᠯᠡᠷᠡᠭᠦᠯᠦᠨ ᠲᠤᠯᠤᠨ ᠨᠤᠤᠷ ᠤᠨ ᠬᠢᠮᠢ ᠶᠢᠨ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠢ ᠲᠣᠭᠲᠠᠭᠠᠬᠤ ᠠᠵᠢᠯ ᠢᠶᠠᠨ ᠠᠬᠢᠭᠤᠯᠵᠤ᠂ ᠳ᠋ᠠ ᠳᠠᠩ ᠤᠨ MTP ᠲᠣᠨᠣᠭᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠥ ᠳᠡᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠪᠠᠶᠠᠨᠬᠤᠸᠠ ᠬᠥᠩᠭᠡᠨᠴᠠᠭᠠᠨ ᠤ ᠰᠡᠭᠦᠯᠴᠢ ᠶᠢᠨ ᠪᠣᠯᠪᠠᠰᠤᠷᠠᠭᠤᠯᠬᠤ ᠠᠵᠤ ᠦᠢᠯᠡᠰ ᠤᠨ ᠲᠣᠭᠤᠷᠢᠨ ᠳᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠵᠢᠯ ᠳᠤ 40 ᠲᠦᠮᠡᠨ ᠲᠣᠨ ᠦᠢᠯᠡᠳᠪᠦᠷᠢᠯᠡᠬᠦ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ ᠶᠢᠨ ᠲᠥᠷᠥᠯ ᠵᠦᠢᠯ᠂ ᠪᠦᠦ ᠱᠦᠸᠧ ᠶᠢᠨ ᠵᠢᠯ ᠳᠤ 60 ᠲᠦᠮᠡᠨ ᠲᠣᠨ ᠦᠢᠯᠡᠳᠪᠦᠷᠢᠯᠡᠬᠦ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ  ᠢ ᠭᠥᠢᠴᠡᠳ ᠳᠠᠭᠠᠭᠠᠴᠠ ᠲᠠᠢ ᠦᠢᠯᠡᠳᠪᠦᠷᠢᠯᠡᠬᠦ ᠶᠢ ᠬᠦᠴᠦᠯᠡᠨ ᠠᠬᠢᠭᠤᠯᠵᠤ᠂ ᠪᠦᠦ ᠳ᠋ᠢᠩ ᠤᠨ ᠶᠦᠩ ᠹᠧᠩ ᠨᠠᠷᠢᠯᠢᠭ ᠮᠠᠰᠢᠨ ᠮᠧᠬᠠᠨᠢᠭ ᠦᠢᠯᠡᠳᠬᠦ᠂ ᠶᠢᠩ ᠺᠧᠦ ᠶᠢᠨ ᠵᠥᠩ ᠴᠧᠩ ᠬᠥᠩᠭᠡᠨᠴᠠᠭᠠᠨ ᠤ ᠦᠢᠯᠡᠰ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠨ᠎ᠠ᠃ ᠲᠦᠷᠪᠡ ᠳᠤ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠢᠯᠢ ᠶᠢᠨ ᠭᠤᠣᠯ ᠤᠨ ᠪᠠᠴᠢᠮ ᠪᠠᠶᠢᠳᠠᠯ ᠢ ᠠᠷᠭᠠᠴᠠᠬᠤ ᠲᠤᠬᠢᠷᠠᠭᠤᠯᠤᠨ ᠵᠢᠯᠣᠭᠤᠳᠬᠤ ᠲᠥᠪ᠂ ᠤᠶᠤᠨᠲᠤ ᠠᠵᠤ ᠥᠢᠯᠡᠳᠪᠥᠷᠢ ᠶᠢᠨ ᠬᠦᠷᠢᠶᠡᠯᠡᠩ ᠲᠣᠭᠤᠷᠢᠭ ᠵᠡᠷᠭᠡ ᠲᠣᠮᠣ ᠳ᠋ᠠᠶᠢᠲ᠋ᠠ ᠶᠢᠨ ᠵᠢᠱᠢᠶ᠎ᠡ ᠦᠵᠡᠭᠦᠯᠬᠦ ᠬᠡᠷᠡᠭᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠠᠭᠠᠯᠠᠯᠲᠠ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ 150 ᠠᠵᠤ ᠥᠢᠯᠡᠳᠪᠥᠷᠢ ᠶᠢᠨ ᠠᠵᠤ ᠠᠬᠤᠶᠢᠯᠠᠯ ᠤᠨ ︽ᠡᠭᠦᠯᠡᠨ ᠳᠤ ᠭᠠᠷᠬᠤ ᠲᠠᠪᠴᠠᠩ ᠳᠤ ᠭᠠᠷᠬᠤ︾ ᠢ ᠠᠬᠢᠭᠤᠯᠤᠨ᠎ᠠ᠃ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠢ ᠲᠥᠯᠥᠪᠵᠢᠭᠦᠯᠥᠨ ᠠᠬᠢᠭᠤᠯᠵᠤ᠂ ᠠᠶᠢᠮᠠᠭ ᠬᠤᠰᠢᠭᠤᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ᠂ ᠡᠯᠧᠺᠲᠷᠤᠨᠴᠢᠯᠠᠭᠰᠠᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢ ᠰᠠᠶᠢᠲᠤᠷ ᠠᠳᠬᠤᠨ᠎ᠠ᠃ 17 ᠨᠡᠭᠦᠷᠡᠰᠦᠨ ᠠᠭᠤᠷᠬᠠᠶ᠂ 14 ᠨᠡᠭᠦᠷᠡᠰᠦᠨ ᠤ ᠪᠤᠰᠤ ᠠᠭᠤᠷᠬᠠᠶ ᠳᠤ 161 ᠤᠶᠤᠨᠴᠢᠯᠠᠭᠰᠠᠨ ᠲᠥᠷᠥᠯ ᠵᠥᠢᠯ ᠬᠡᠷᠡᠭᠵᠢᠭᠦᠯᠵᠦ᠂ 59 ᠤᠶᠤᠨᠴᠢᠯᠠᠭᠰᠠᠨ ᠨᠡᠭᠡᠭᠡᠨ ᠮᠠᠯᠲᠠᠬᠤ ᠲᠠᠯᠠᠪᠠᠢ ᠶᠢ ᠰᠢᠨ᠎ᠡ ᠪᠠᠷ ᠪᠠᠶᠢᠭᠤᠯᠵᠤ᠂ 12 ᠨᠡᠭᠦᠷᠡᠰᠦᠨ ᠠᠭᠤᠷᠬᠠᠶ ᠶᠢᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠯᠲᠠ ᠪᠠᠨ ᠥᠩᠭᠡᠷᠡᠭᠦᠯᠬᠦ ᠶᠢ ᠪᠠᠲᠤᠯᠠᠨ᠎ᠠ᠃ ᠬᠤᠶᠠᠷ ᠲᠤ ᠪᠥᠬᠦ ᠣᠷᠣᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ ᠢ ᠬᠥᠭᠵᠢᠭᠦᠯᠬᠦ᠂ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠶ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠮᠠᠯ ᠠᠵᠤ ᠠᠬᠤᠶ ᠲᠠᠷᠢᠶᠠᠯᠠᠩ  ᠢ ᠬᠥᠭᠵᠢᠭᠦᠯᠬᠦ ᠶᠢ ᠪᠠᠷᠢᠮᠲᠠᠯᠠᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ  ᠥᠢᠯᠡᠰ ᠤᠨ ᠪᠥᠯᠥᠭᠯᠡᠯ ᠢ ᠬᠦᠴᠦᠯᠡᠨ ᠴᠤᠭᠴᠠᠯᠠᠨ᠎ᠠ᠃ ᠨᠢᠭᠡ ᠳᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠪᠣᠷᠣᠯᠠᠭᠤᠯᠣᠯᠳᠠ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ᠡᠷᠬᠡ ᠤᠯᠭᠤᠭᠰᠠᠨ ᠠᠵᠤ ᠠᠬᠤᠶᠢᠯᠠᠯ ᠢ ᠵᠤᠬᠢᠶᠠᠨ ᠪᠠᠶᠢᠭᠤᠯᠤᠨ 25 ᠲᠦᠮᠡᠨ ᠲᠣᠯᠣᠭᠠᠢ ᠠᠴᠠ ᠳᠡᠭᠡᠭᠰᠢᠬᠢ ᠪᠡᠯᠴᠢᠭᠡᠷ ᠤᠨ ᠬᠤᠨᠢ ᠶᠢ ᠮᠥᠷᠳᠡᠨ ᠨᠡᠬᠡᠮᠵᠢᠯᠡᠵᠥ᠂ ᠪᠥᠲᠥᠭᠡᠭᠳᠡᠭᠦᠨ ᠤ ᠦᠨ᠎ᠡ ᠶᠢ 8 % ᠠᠴᠠ ᠳᠡᠭᠡᠭᠰᠢ ᠥᠰᠬᠡᠬᠦ ᠶᠢ ᠪᠡᠶᠡᠯᠡᠭᠦᠯᠦᠨ᠎ᠡ︔ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠤᠨ ᠨᠡᠶᠢᠲᠡᠯᠡᠬᠦ ᠬᠤᠷᠠᠯ ᠬᠤᠷᠠᠯᠳᠤᠭᠤᠯᠵᠤ᠂ ᠡᠷᠬᠡ ᠣᠯᠭᠤᠭᠰᠠᠨ ᠠᠵᠤ ᠠᠬᠤᠶᠢᠯᠠᠯ ᠪᠠ ᠵᠢᠵᠢᠭ ᠥᠢᠯᠡᠳᠬᠡᠯ ᠤᠨ ᠭᠠᠵᠠᠷ ᠢ 25 ᠠᠴᠠ ᠳᠡᠭᠡᠭᠰᠢ ᠳᠤ ᠬᠦᠷᠦᠭᠦᠯᠵᠦ᠂ ᠰᠢᠯᠢ ᠶᠢᠨ ᠭᠤᠤᠯ  ᠴᠠᠭᠠᠨ ᠢᠳᠡᠭᠡᠨ ᠤ ᠨᠠᠷᠠᠲᠤ ᠲᠡᠮᠳᠡᠭ ᠤᠨ ᠬᠤᠰᠢᠭᠤᠴᠢ ᠳᠡᠯᠭᠡᠭᠦᠷ ᠢ ᠨᠡᠭᠡᠭᠡᠨ ᠡᠵᠡᠩᠨᠡᠨ᠎ᠡ᠃ ᠬᠤᠶᠠᠷ ᠲᠤ ᠦᠷ᠎ᠡ ᠶᠢᠨ ᠦᠢᠯᠡᠰ ᠢ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠮᠢᠬᠠᠨ ᠤ ᠦᠬᠡᠷ ᠤᠨ ᠦᠷ᠎ᠡ ᠶᠢᠨ ᠡᠬᠢ ᠪᠠᠶᠠᠯᠢᠭ ᠢ ᠬᠠᠳᠠᠭᠠᠯᠠᠵᠤ ᠠᠰᠢᠭᠯᠠᠬᠤ ᠰᠢᠨ᠎ᠡ ᠶᠢ ᠡᠭᠦᠳᠬᠦ ᠲᠥᠪ ᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠬᠤᠸᠠᠰᠢ ᠦᠬᠡᠷ︾ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠪᠠᠨ ᠲᠦᠷᠭᠡᠳᠬᠡᠵᠦ᠂ ᠵᠢᠯ ᠤᠨ ᠳᠣᠲᠣᠷ᠎ᠠ ᠬᠤᠸᠠᠰᠢ ᠦᠬᠡᠷ ᠤᠨ ᠢᠴᠡᠭᠡᠯ ᠦᠷ᠎ᠡ ᠶᠢᠨ ᠬᠡᠭᠡᠯᠳᠥᠭᠦᠯᠭᠡ 10 ᠲᠥᠮᠡᠨ ᠰᠢᠷᠬᠡᠭ ᠳᠡᠯᠭᠡᠷᠡᠭᠦᠯᠦᠨ ᠬᠡᠷᠡᠭᠯᠡᠵᠦ᠂ ᠰᠢᠨ᠎ᠡ ᠪᠠᠷ ᠨᠡᠮᠡᠭᠳᠡᠭᠰᠡᠨ ᠡᠭᠦᠯᠳᠡᠷ ᠪᠤᠶᠢᠵᠢᠭᠤᠯᠬᠤ ᠰᠥᠷᠥᠭᠵᠢᠯ ᠤᠨ ᠬᠡᠪᠴᠢᠶ᠎ᠡ ᠶᠢ 3000 ᠲᠣᠯᠣᠭᠠᠶ ᠳᠤ ᠬᠦᠷᠦᠭᠦᠯᠵᠦ᠂ ᠪᠥᠬᠦ ᠠᠶᠢᠮᠠᠭ ᠤᠨ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ ᠲᠣᠯᠣᠭᠠᠶ ᠶᠢ 220 ᠲᠦᠮᠡ ᠳᠤ ᠬᠦᠷᠦᠭᠦᠯᠵᠦ᠂ ᠭᠤᠤᠯᠳᠠᠯᠭᠠᠳᠤ ᠰᠦᠷᠦᠭ ᠢ 350 ᠠᠴᠠ ᠳᠡᠭᠡᠭᠰᠢ ᠳᠤ ᠬᠦᠷᠦᠭᠦᠯᠦᠨ᠎ᠡ᠃ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠤ ᠬᠤᠨᠢᠨ ᠤ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ ᠶᠢ 3 ᠳᠤ ᠬᠦᠷᠭᠡᠵᠦ᠂ ᠥᠷᠭᠡᠳᠬᠡᠨ ᠦᠷᠡᠵᠢᠭᠦᠯᠬᠦ ᠲᠠᠯᠠᠪᠠᠢ ᠶᠢ 120 ᠳᠤ ᠬᠦᠷᠭᠡᠵᠦ᠂ ᠭᠤᠣᠯᠳᠠᠯᠭᠠᠲᠤ ᠰᠦᠷᠦᠭ ᠢ 1500 ᠳᠤ ᠬᠦᠷᠭᠡᠵᠦ᠂ ᠮᠠᠯᠵᠢᠯ ᠤᠨ ᠣᠨ ᠤ ᠪᠠᠶᠢᠭᠠᠯᠢᠯᠢᠭ ᠢᠶᠠᠷ ᠪᠡᠯᠴᠢᠭᠡᠷᠯᠡᠭᠦᠯᠬᠦ ᠬᠤᠨᠢᠨ ᠤ ᠲᠤᠭ᠎ᠠ  ᠶᠢ 1100 ᠲᠦᠮᠡᠨ ᠲᠣᠯᠣᠭᠠᠢ ᠳᠤ ᠲᠣᠭᠲᠠᠪᠤᠷᠢᠵᠢᠭᠤᠯᠵᠤ᠂ 80 ᠲᠦᠮᠡᠨ ᠬᠤᠨᠢ ᠶᠢ ᠬᠠᠰᠢᠶᠠᠯᠠᠨ ᠪᠣᠷᠳᠣᠨ᠎ᠠ᠃ ᠮᠣᠩᠭᠤᠯ ᠠᠳᠤᠭᠤ᠂ ᠨᠤᠳᠤᠭ ᠤᠨ ᠦᠬᠡᠷ᠂ ᠰᠥᠨᠢᠳ ᠬᠤᠣᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠣᠷᠣᠨ ᠨᠤᠲᠤᠭ ᠤᠨ ᠡᠭᠦᠯᠳᠡᠷ ᠢ ᠪᠦᠬᠦᠨ ᠢ ᠤᠯᠤᠰ ᠤᠨ ᠮᠠᠯ ᠵᠢᠭᠦᠷᠲᠡᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠡᠭᠦᠯᠳᠡᠷ ᠤᠨ ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃ ᠭᠤᠷᠪᠠ ᠳᠤ ᠡᠳ᠋ᠰᠢᠭᠦᠯᠥᠨ ᠪᠣᠯᠪᠠᠰᠤᠷᠠᠭᠤᠯᠬᠤ ᠳᠠᠪᠬᠤᠷᠭ᠎ᠠ ᠶᠢ ᠲᠡᠰ ᠲᠡᠪᠰᠢᠭᠦᠯᠬᠦ ᠢᠨᠵᠧᠨᠧᠷᠢᠩ ᠬᠡᠷᠡᠭᠵᠢᠭᠦᠯᠦᠨ᠎ᠡ᠃ ᠳ᠋ᠠ ᠵᠤᠸᠠᠩ ᠶᠤᠸᠠᠨ ᠭᠤᠤᠯ ᠲᠣᠭᠤᠭᠠᠨ ᠭᠡᠷ ᠪᠣᠯᠤᠨ ᠡᠷᠳᠡᠨᠢ᠂ ᠶᠠᠩ ᠶᠠᠩ ᠮᠠᠯ ᠠᠵᠤ ᠠᠬᠤᠶᠢᠯᠠᠯ ᠤᠨ ᠪᠣᠯᠭᠤᠭᠰᠠᠨ ᠪᠦᠲᠦᠭᠡᠭᠳᠡᠬᠦᠨ ᠡᠳ᠋ᠰᠢᠭᠦᠯᠥᠨ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠤᠷᠤᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠠᠶᠢᠮᠠᠭ ᠤᠨ ᠮᠠᠯ ᠨᠢᠳᠤᠯᠵᠤ ᠡᠳ᠋ᠰᠢᠭᠦᠯᠬᠦ ᠬᠡᠮᠵᠢᠶ᠎ᠡ ᠶᠢ 400 ᠲᠦᠮᠡᠨ ᠬᠤᠨᠢᠴᠢᠯᠠᠭᠰᠠᠨ ᠨᠢᠭᠡᠴᠡ ᠠᠴᠠ ᠳᠡᠭᠡᠭᠰᠢ ᠲᠣᠭᠲᠠᠪᠤᠷᠢᠵᠢᠭᠤᠯᠵᠤ᠂ ᠨᠠᠷᠢᠯᠢᠭ ᠡᠳ᠋ᠰᠢᠭᠦᠯᠬᠦ ᠨᠣᠷᠮ᠎ᠠ ᠶᠢ 80 % ᠳᠤ ᠬᠦᠷᠭᠡᠨ᠎ᠡ᠃ ᠰᠢᠯᠢ ᠶᠢᠨ ᠬᠤᠲᠠ ᠶᠢᠨ ᠬᠤᠨᠢᠨ ᠤ ᠠᠷᠠᠰᠤ ᠪᠠᠷ ᠴᠠᠪᠠᠤᠯᠢᠭ ᠤᠭᠤᠷᠠᠭ ᠵᠢᠴᠢ ᠲᠤᠩᠭᠠᠯᠠᠭ ᠴᠠᠪᠠᠤ ᠶᠢᠨ ᠪᠦᠲᠦᠭᠡᠭᠳᠡᠬᠦᠨ 1000 ᠲᠣᠨ ᠭᠠᠷᠭᠠᠨ ᠠᠪᠬᠤ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠤᠨ ᠬᠤᠨᠢᠨ ᠠᠷᠠᠰᠤ᠂ ᠬᠤᠨᠢᠨ ᠰᠡᠭᠦᠯ ᠵᠡᠷᠭᠡ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85 % ᠳᠤ ᠬᠦᠷᠦᠭᠦᠯᠦᠨ᠎ᠡ᠃ ᠴᠠᠭᠠᠨ ᠢᠳᠡᠭᠡᠨ ᠤ ᠥᠢᠯᠡᠰ ᠤᠨ ᠥᠢᠯᠡᠳᠪᠥᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠰᠢᠶᠠᠨ ᠢᠶᠠᠷ ᠠᠬᠢᠭᠤᠯᠬᠤ ᠲᠥᠷᠥᠯ ᠵᠥᠢᠯ ᠢᠶᠠᠨ ᠢᠳᠡᠪᠬᠢᠲᠡᠶ ᠭᠤᠶᠤᠴᠢᠯᠠᠨ ᠮᠡᠳᠡᠭᠦᠯᠵᠦ᠂ ᠪᠥᠬᠦ ᠠᠶᠢᠮᠠᠭ ᠤᠨ ᠰᠠᠭᠠᠯᠢ ᠶᠢᠨ ᠥᠨᠢᠶᠡᠨ ᠤ ᠲᠤᠭ᠎ᠠ ᠶᠢ 29 ᠲᠦᠮᠡ ᠳᠤ ᠬᠦᠷᠦᠭᠦᠯᠵᠦ᠂ ᠰᠥᠨ ᠤ ᠭᠠᠷᠤᠯᠲᠠ ᠶᠢ 57 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ︔ ᠰᠢᠯᠢ ᠶᠢᠨ ᠬᠤᠲᠠ ᠶᠢᠨ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 50 ᠪᠠᠷᠢᠮᠵᠢᠶᠠᠵᠢᠭᠰᠠᠨ ᠵᠢᠵᠢᠭ ᠥᠢᠯᠡᠳᠬᠡᠯ ᠤᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠲᠦᠷᠪᠡ ᠳᠤ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠢᠨᠵᠧᠨᠧᠷᠢᠩ ᠬᠡᠷᠡᠭᠵᠢᠭᠦᠯᠦᠨ᠎ᠡ᠃ 2 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ᠂ ᠰᠢᠬᠢᠷᠯᠢᠭ᠂ ᠲᠣᠰᠣᠯᠢᠭ᠂ ᠢᠳᠡᠰᠢᠨ ᠨᠣᠭᠤᠭ᠎ᠠ᠂ ᠲᠥᠮᠥᠰᠥ ᠵᠡᠷᠭᠡ ᠶᠢᠨ ᠲᠠᠷᠢᠮᠠᠯ ᠤᠨ ᠲᠠᠯᠠᠪᠠᠶ ᠶᠢ ᠲᠣᠭᠲᠠᠭᠤᠨ ᠢᠶᠠᠷ ᠥᠷᠭᠡᠳᠬᠡᠨ᠎ᠡ︔ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠡᠪᠡᠰᠦ ᠲᠠᠷᠢᠬᠤ ᠲᠠᠯᠠᠪᠠᠶ ᠶᠢ ᠥᠷᠭᠡᠳᠬᠡᠵᠦ᠂ 4 ᠲᠦᠮᠡᠨ ᠮᠦ ᠳᠤ ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠪᠥᠬᠦ ᠤᠯᠤᠰ ᠤᠨ ᠨᠠᠷᠠᠲᠤ ᠲᠠᠯ᠎ᠠ ᠨᠤᠲᠤᠭ ᠤᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠦᠢᠯᠡᠴᠢᠯᠡᠭᠡᠨ ᠤ ᠦᠢᠯᠡᠰ ᠤᠨ ᠰᠡᠷᠭᠦᠯᠲᠡ ᠶᠢ ᠲᠦᠯᠬᠢᠨ ᠠᠬᠢᠭᠤᠯᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠪᠦᠬᠦ ᠠᠶᠢᠮᠠᠭ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠪᠡ ᠵᠢᠴᠢ ᠴᠢᠬᠤᠯᠠ ᠵᠠᠩᠭᠢᠯᠠᠭ᠎ᠠ ᠶᠢᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠲᠠᠭᠤᠰᠬᠠᠵᠤ᠂ ᠠᠶᠢᠮᠠᠭ ᠤᠨ ᠲᠣᠰ ᠱᠠᠲᠤᠨ ᠳᠤ ᠦᠷᠭᠦᠯᠵᠢᠯᠡᠨ 1 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠡᠯᠡ ᠮᠥᠩᠭᠦ ᠣᠷᠣᠭᠤᠯᠵᠤ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ 13 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠶᠢᠴᠢᠯᠠᠬᠤ ᠪᠠᠷ ᠴᠢᠷᠮᠠᠶᠢᠵᠤ᠂ ᠶᠤᠸᠠᠨ ᠤ ᠲᠡᠭᠡᠳᠥ ᠨᠡᠶᠢᠰᠯᠡᠯ ᠤᠨ ᠪᠠᠭᠤᠷᠢ᠂ ᠲᠤᠯᠤᠨ ᠨᠠᠭᠤᠷ᠂ ᠤᠯᠠᠭᠠᠢ ᠶᠢᠨ ᠵᠢᠤ ᠴᠢᠥᠢ ᠸᠠᠨ ᠵᠡᠷᠭᠡ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠬᠥᠴᠥᠨ ᠢᠶᠠᠨ ᠲᠥᠪᠯᠡᠷᠡᠭᠦᠯᠦᠨ ᠥᠷᠨᠢᠭᠦᠯᠦᠨ᠎ᠡ︔ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠰᠡᠯᠡᠭᠦᠴᠡᠨ ᠠᠮᠠᠷᠠᠬᠤ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ᠂ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠵᠤᠴᠢᠯᠠᠬᠤ ᠡᠷᠦᠬᠡ ᠵᠡᠷᠭᠡ ᠶᠢ ᠡᠭᠦᠳᠦᠨ ᠪᠠᠶᠢᠭᠤᠯᠬᠤ ᠠᠵᠢᠯ ᠢᠶᠠᠨ ᠪᠥᠬᠦ ᠲᠠᠯ᠎ᠠ ᠪᠠᠷ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠭᠤᠶᠤᠴᠢᠯᠠᠨ ᠡᠷᠭᠢᠯᠡᠵᠦ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠤᠶᠤᠲᠠᠳ ᠤᠨ ᠮᠥᠰᠥᠨ ᠳᠡᠭᠡᠷᠡᠬᠢ ᠯᠤᠤᠲᠤ ᠤᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠮᠠᠰᠢᠨ ᠲᠡᠷᠭᠡᠨ ᠤ ᠨᠠᠭᠠᠳᠤᠮ᠂ ᠲᠠᠯ᠎ᠠ ᠨᠤᠲᠤᠭ ᠤᠨ ᠵᠢᠭᠤᠯᠴᠢᠯᠠᠯ ᠤᠨ ᠵᠢᠷᠤᠭᠯᠠᠨ ᠰᠡᠭᠦᠳᠡᠷᠯᠡᠬᠦ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯ ᠤᠨ ᠤᠷᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠨ᠎ᠠ᠃         ︵ᠭᠤᠷᠪᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠥᠨ᠎ᠡ᠃ ᠨᠢᠭᠡ ᠳᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠬᠥᠲᠥᠯᠥᠨ ᠳᠠᠭᠠᠭᠤᠯᠬᠤ ᠪᠠ ︽ᠭᠤᠷᠪᠠᠨ ᠣᠷᠣᠨ ᠵᠠᠢ ᠭᠤᠷᠪᠠᠨ ᠱᠤᠭᠤᠮ︾ ᠤᠨ ᠡᠷᠡᠰ ᠬᠠᠳᠠᠨ ᠴᠢᠨᠠᠷ ᠢᠶᠠᠨ ᠴᠢᠩᠭᠠᠷᠠᠭᠤᠯᠵᠤ᠂ ᠠᠶᠢᠮᠠᠭ᠂ ᠬᠤᠰᠢᠭᠤ ᠰᠢᠶᠠᠨ ᠬᠤᠲᠠ         ︵ᠣᠷᠣᠨ︶᠂ ᠰᠤᠮᠤ ᠰᠢᠶᠠᠩ ᠪᠠᠯᠭᠠᠰᠤ ᠭᠤᠷᠪᠠᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ  ᠢᠶᠠᠨ  ᠪᠡᠶᠡᠯᠡᠭᠦᠯᠵᠦ᠂ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠵᠢᠴᠢ ᠨᠠᠷᠢᠨ ᠲᠥᠯᠥᠪᠵᠢᠭᠦᠯᠭᠡ  ᠪᠠᠨ ᠨᠠᠶᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠳᠦᠷᠢᠮ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠡᠪᠡᠰᠥᠨ ᠤ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠵᠥ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠥᠨ᠎ᠡ᠃ ᠠᠮᠢ ᠠᠬᠤᠢ ᠶᠢᠨ ᠵᠠᠰᠠᠯᠲᠠ ᠶᠢᠨ ᠴᠢᠬᠤᠯᠠ ᠶᠡᠭᠡ ᠢᠨᠵᠧᠨᠧᠷᠢᠩ ᠢ ᠥᠷᠨᠢᠭᠦᠯᠵᠦ᠂ ᠵᠢᠯ ᠤᠨ ᠳᠣᠲᠣᠷ᠎ᠠ 37 ᠲᠦᠮᠡᠨ ᠮᠤ᠋ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠨ᠎ᠡ᠃ ᠵᠠᠳᠠᠭᠠᠶ ᠠᠭᠤᠷᠬᠠᠶ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠥᠳᠡᠯᠦᠩᠭᠦᠶ ᠪᠠᠷ ᠦᠭᠡᠶᠢᠰᠬᠡᠬᠦ︾ ᠬᠠᠷᠠᠯᠲᠠ ᠶᠢ ᠪᠡᠶᠡᠯᠡᠭᠦᠯᠦᠨ᠎ᠡ᠃ ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠥᠨᠵᠡᠭᠡᠶᠢᠷᠡᠭᠦᠯᠥᠨ᠎ᠡ᠃ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠭᠤᠣᠯ ᠤᠨ ᠤᠷᠤᠰᠬᠠᠯ ᠤᠷᠤᠭᠤ ᠪᠣᠬᠢᠷᠲᠤᠯ ᠪᠤᠳᠠᠰ ᠭᠠᠳᠠᠭᠰᠢᠯᠠᠭᠤᠯᠬᠤ 14 ᠠᠮᠠ ᠶᠢ ᠵᠢᠷᠤᠮᠵᠢᠭᠤᠯᠬᠤ ᠪᠠᠶᠢᠭᠤᠯᠤᠯᠲᠠ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠤᠯᠤᠰ  ᠤᠨ ᠰᠢᠯᠭᠠᠨ ᠪᠠᠶᠢᠴᠠᠭᠠᠯᠲᠠ ᠶᠢᠨ 4 ᠣᠭᠲᠣᠯᠤᠭᠠᠰᠤ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠬᠦᠷᠦᠭᠦᠯᠬᠦ ᠶᠢ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠷᠠᠭᠤᠯᠵᠤ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢ ᠪᠥᠬᠦ ᠣᠷᠣᠨ ᠤ ᠲᠡᠷᠢᠭᠦᠨ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠤᠰᠬᠠᠢ ᠲᠥᠷᠥᠯ  ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ 3 ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠠᠷᠢᠮᠵᠢᠶᠠᠵᠢᠭᠤᠯᠤᠨ ᠬᠠᠳᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 10 ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠢᠵᠢ ᠪᠥᠷᠢᠳᠦᠭᠦᠯᠦᠭᠰᠡᠨ ᠨᠤᠨᠲᠠᠭ ᠨᠡᠭᠦᠷᠡᠰᠦᠨ ᠤ ᠦᠨᠡᠰᠦ ᠶᠢ ᠢᠯᠭᠠᠨ  ᠰᠢᠯᠢᠬᠦ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠨᠠᠷ ᠰᠠᠶᠢᠲᠠᠶ ᠪᠡᠶᠡᠯᠡᠭᠦᠯᠵᠦ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠬᠤ ᠣᠨ ᠤ 3 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠳᠤ ᠦᠯᠡᠳᠡᠭᠰᠡᠨ 3 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠤᠨ᠎ᠠ᠃ ᠭᠤᠷᠪᠠ ᠳᠤ ᠠᠷᠪᠢᠯᠠᠨ ᠭᠠᠮᠨᠠᠵᠤ ᠡᠷᠴᠢᠮᠵᠢᠭᠦᠯᠥᠨ ᠤᠷᠴᠢᠯᠵᠢᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠰᠢᠯᠢ ᠶᠢᠨ ᠭᠤᠣᠯ ᠠᠶᠢᠮᠠᠭ ᠤᠨ ᠨᠡᠭᠦᠷᠡᠰᠦᠳᠦ᠋ᠷᠣᠭ᠍ᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠤᠨ ᠬᠡᠷᠡᠭᠵᠢᠭᠦᠯᠬᠦ ᠲᠥᠰᠦᠯ︾ ᠢ ᠬᠢᠨᠠᠮᠠᠭᠠᠢ  ᠨᠠᠶᠢᠳᠠᠪᠣᠷᠢᠵᠢᠭᠤᠯᠬᠤ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠪᠠ ᠪᠣᠬᠢᠷᠳᠣᠯ ᠶᠡᠬᠡᠲᠡᠶ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ ᠃  ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 272.34 ᠾᠧᠺᠲ᠋ᠠᠷ ᠭᠠᠵᠠᠷ ᠰᠢᠷᠣᠶ᠂ ᠰᠤᠯᠠ ᠪᠠᠶᠢᠭ᠎ᠠ 47.36 ᠾᠧᠺᠲ᠋ᠠᠷ ᠭᠠᠵᠠᠷ ᠰᠢᠷᠣᠶ ᠶᠢ ᠰᠢᠢᠳᠪᠥᠷᠢᠯᠡᠵᠤ᠂ 6 ᠲᠠᠮᠫᠤᠷᠠᠭᠰᠠᠨ ᠠᠵᠤ ᠠᠬᠤᠶᠢᠯᠠᠯ  ᠂ 2 ᠥᠢᠯᠡᠳᠪᠥᠷᠢᠯᠡᠯ ᠢ ᠨᠢ ᠵᠤᠭᠰᠤᠭᠠᠭᠰᠠᠨ ᠠᠵᠤ ᠠᠬᠤᠶᠢᠯᠠᠯ᠂ ︽ ᠬᠠᠭᠠᠰ ᠳᠤᠲᠠᠭᠤ ᠤᠷᠬᠢᠭᠰᠠᠨ︾ 4 ᠪᠠᠷᠢᠯᠭ᠎ᠠ ᠶᠢ ᠠᠮᠢᠳᠤᠯᠢᠭᠵᠢᠭᠤᠯᠤᠨ᠎ᠠ ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠵᠦ᠂ 16 ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠵᠦ᠂ 8 ᠠᠵᠤ ᠠᠬᠤᠶᠢᠯᠠᠯ ᠳᠤ ᠤᠰᠤ ᠠᠷᠪᠢᠯᠠᠬᠤ ᠥᠭᠡᠷᠡᠴᠢᠯᠡᠯᠲᠡ ᠬᠢᠨ᠎ᠡ᠃ ᠪᠣᠬᠢᠷᠲᠤᠯ ᠦᠭᠡᠶ ᠥᠢᠯᠡᠳᠪᠥᠷᠢᠯᠡᠯ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢᠶᠠᠨ ᠬᠢᠨᠠᠮᠠᠭᠠᠶ ᠥᠷᠨᠢᠭᠦᠯᠵᠦ᠂ ᠵᠢᠯ ᠤᠨ ᠳᠣᠲᠣᠷ᠎ᠠ ᠤᠯᠤᠰ ᠤᠨ ᠲᠠᠰ ᠤᠨ ᠪᠣᠬᠢᠷᠲᠤᠯ ᠦᠭᠡᠶ ᠦᠢᠯᠡᠳᠪᠦᠷᠢ ᠶᠢ 1—2᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠶ ᠦᠢᠯᠡᠳᠪᠦᠷᠢ ᠶᠢ 3 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠬᠠᠶ ᠶᠢᠨ ᠭᠠᠵᠠᠷ ᠲᠤᠨᠢ ᠰᠢᠩᠭᠡᠭᠡᠬᠦ ᠪᠠ ᠥᠨᠳᠥᠷ ᠨᠡᠮᠡᠯᠳᠡ‌ᠥᠷᠳᠡᠭ ᠢᠶᠠᠷ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃       ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠨᠡᠭᠡᠭᠡᠯᠲᠡ ᠬᠢᠬᠦ ᠠᠷᠭ᠎ᠠ ᠬᠡᠮᠵᠢᠶ᠎ᠡ ᠪᠠᠨ ᠬᠦᠴᠦᠯᠡᠨ ᠭᠦᠨᠵᠡᠭᠡᠶᠢᠷᠡᠭᠦᠯᠵᠦ᠂ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠢᠭᠡ ᠳᠤ ᠦᠷᠭᠦᠯᠵᠢᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠬᠦᠴᠦᠯᠡᠨ ᠰᠢᠯᠢᠳᠡᠭᠵᠢᠭᠦᠯᠥᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪᠯᠡᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠲᠠᠯᠪᠢᠬᠤ ᠬᠠᠮᠢᠶᠠᠷᠬᠤ ᠥᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠥᠪᠰᠢᠶᠡᠷᠡᠨ ᠣᠷᠣᠭᠤᠯᠬᠤ᠂ ᠥᠪᠡᠷ ᠤᠨ ᠥᠷᠲᠡᠭ᠂ ᠪᠠᠯᠠ ᠳᠣᠭᠢᠷᠠᠭᠤᠯᠬᠤ᠂ ᠭᠠᠶᠢᠯᠢ ᠰᠥᠢᠳᠬᠡᠯ᠂ ᠣᠯᠠᠨ ᠨᠡᠶᠢᠲᠡ ᠶᠢᠨ ᠥᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠥᠪᠡᠷ ᠤᠨ ᠥᠷᠲᠡᠭ ᠢ ᠬᠦᠴᠦᠯᠡᠨ ᠪᠠᠭᠤᠷᠠᠭᠤᠯᠵᠤ᠂ ᠳᠠᠯᠳᠠ ᠰᠠᠭᠠᠳ ᠢ ᠠᠷᠢᠯᠭᠠᠨ᠎ᠠ᠃ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠶᠡᠬᠡᠪᠡᠷ ᠠᠬᠢᠭᠤᠯᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠤᠨ᠎ᠠ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠢ ᠲᠥᠪᠯᠡᠷᠡᠭᠦᠯᠥᠨ ᠭᠥᠢᠴᠡᠳᠬᠡᠬᠦ ᠲᠥᠷᠥᠯ ᠵᠥᠢᠯ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠢᠳᠡᠪᠬᠢᠲᠡᠶ ᠲᠠᠭᠠᠭᠠᠨ ᠠᠪᠴᠤ᠂ ᠵᠢᠯ ᠤᠨ ᠡᠴᠥᠰ ᠠᠴᠠ ᠡᠮᠦᠨ᠎ᠡ ᠬᠠᠮᠢᠶ᠎ᠠ ᠪᠥᠬᠦᠶ ᠵᠦᠢᠯᠡᠰ ᠢ ︽ᠪᠥᠬᠦ ᠶᠠᠪᠤᠴᠠ ᠶᠢ ᠰᠥᠯᠵᠢᠶᠡᠨ ᠲᠡᠭᠡᠷ᠎ᠡ ᠬᠦᠢᠴᠡᠳᠭᠡᠬᠦ︾ ᠶᠢ ᠪᠡᠶᠡᠯᠡᠭᠦᠯᠥᠨ᠎ᠡ᠃ ᠪᠦᠬᠦ ᠠᠶᠢᠮᠠᠭ ᠤᠨ ︽ᠮᠥᠩᠬᠡ ᠰᠤᠪᠠᠭ︾ ᠤᠨ ᠣᠨᠴᠠᠯᠢᠭᠲᠤ ᠬᠡᠷᠡᠭᠯᠡᠭᠡᠨ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠦᠢᠴᠡᠳᠭᠡᠵᠣ ᠳᠠᠭᠤᠰᠬᠠᠭᠰᠠᠨ ᠨᠣᠷᠮ᠎ᠠ ᠶᠢ 60 % ᠠᠴᠠ ᠳᠡᠭᠡᠭᠰᠢ ᠳᠤ ᠬᠦᠷᠦᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠬᠤᠶᠠᠷ ᠢ ᠲᠤᠰᠢᠶᠠᠬᠤ ᠠᠴᠠ ᠬᠡᠯᠲᠦᠷᠢᠭᠦᠯᠬᠦ︾ ᠶᠢ ᠭᠦᠨᠵᠡᠭᠡᠶ ᠬᠡᠷᠡᠭᠵᠢᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠴᠢᠬᠤᠯᠠ ᠱᠠᠲᠤ ᠦᠶ᠎ᠡ ᠶᠢᠨ 16 ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ︽ᠣᠶᠢᠷ᠎ᠠ ᠬᠠᠪᠢ ᠳᠤᠨᠢ ᠭᠦᠢᠴᠡᠳᠬᠡᠬᠦ︾ ᠥᠢᠯᠡᠴᠢᠯᠡᠭᠡᠨ ᠤ ᠬᠡᠪᠴᠢᠶ᠎ᠡ ᠪᠠ ᠬᠢᠷᠢ ᠲᠦᠪᠰᠢᠨ ᠢ ᠥᠷᠭᠡᠳᠬᠡᠵᠦ᠂ ᠵᠢᠯ ᠤᠨ ᠡᠴᠥᠰ ᠠᠴᠠ ᠡᠮᠦᠨ᠎ᠡ ᠠᠷᠠᠳ ᠲᠤ ᠲᠥᠬᠦᠮ ᠦᠵᠡᠭᠦᠯᠬᠦ 1056 ᠥᠢᠯᠡᠴᠢᠯᠡᠭᠡᠨ ᠤ ᠲᠥᠪ ︵ᠥᠷᠲᠡᠭᠡ︶ ᠳᠤ ᠬᠠᠪᠰᠤᠷᠤᠨ ᠭᠥᠢᠴᠡᠳᠬᠡᠵᠥ ᠣᠷᠣᠯᠠᠨ ᠭᠦᠢᠴᠡᠳᠬᠡᠬᠦ ᠥᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠠᠷᠢᠮᠵᠢᠶᠠᠵᠢᠭᠤᠯᠬᠤ᠂ ᠤᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠠᠷᠭᠤ ᠶᠢ ᠬᠦᠯᠢᠶᠡᠨ ᠠᠪᠤᠪᠠᠯ ᠳᠠᠷᠦ᠋ᠢᠬᠠᠨ ᠭᠦᠢᠴᠡᠳᠬᠡᠬᠦ︾ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠷᠠᠭᠤᠯᠵᠤ᠂ ᠬᠤᠯᠪᠤᠭᠠᠯᠠᠨ ᠰᠢᠯᠭᠠᠨ  ᠬᠤᠷᠢᠶᠠᠬᠤ᠂ ᠬᠤᠯᠪᠤᠭᠠᠯᠠᠨ ᠵᠢᠷᠤᠭ ᠲᠥᠯᠥᠪᠯᠡᠭᠡ ᠬᠢᠨᠠᠬᠤ᠂ ᠬᠠᠮᠲᠤᠷᠠᠨ ᠬᠢᠨᠠᠨ ᠵᠥᠪᠰᠢᠶᠡᠷᠡᠬᠦ᠂ ᠠᠮᠠᠯᠠᠭᠰᠠᠨ ᠢᠶᠠᠨ ᠮᠡᠳᠡᠭᠳᠡᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠶᠢ ᠭᠦᠨᠵᠡᠭᠡᠶ ᠠᠬᠢᠭᠤᠯᠤᠨ᠎ᠠ᠃ ᠬᠤᠶᠠᠷ ᠲᠤ ︽ᠰᠢᠨᠵᠢᠯᠡᠭᠡ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠪᠡᠷᠢ  ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠯᠭᠠᠮ᠎ᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠳᠤ ᠰᠢᠨᠵᠢᠯᠡᠭᠡ‌ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢ 20 % ᠪᠠᠷ ᠨᠡᠮᠡᠭᠳᠡᠭᠦᠯᠵᠦ᠂ ᠬᠡᠷᠡᠭᠯᠡᠭᠡᠨ ᠤ ᠮᠡᠷᠭᠡᠵᠢᠯ ᠪᠠ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠥᠢᠯ ᠢ 8 ᠠᠴᠠ ᠳᠡᠭᠡᠭᠰᠢ᠂ ︽ᠰᠢᠯᠢᠳᠡᠭ ᠢᠶᠠᠷ ᠳᠠᠭᠠᠭᠤᠯᠤᠭᠴᠢ ᠪᠣᠯᠭᠠᠬᠤ︾ ᠲᠥᠷᠥᠯ ᠵᠦᠢᠯ ᠢ 2 ᠠᠴᠠ ᠳᠡᠭᠡᠭᠰᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 45 ᠳᠤ ᠬᠦᠷᠦᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ 60 ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ 1᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 5᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ 2᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 3 ᠶᠢ ᠰᠢᠨ᠎ᠡ ᠪᠠᠷ ᠪᠤᠶᠢᠵᠢᠭᠤᠯᠤᠨ᠎ᠠ᠃ ᠭᠤᠷᠪᠠ ᠳᠤ ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠵᠠᠩᠭᠢᠯᠠᠭ᠎ᠠ ᠶᠢᠨ ᠲᠤᠯᠭᠠᠭᠤᠷᠢᠯᠠᠬᠤ ᠴᠡᠭ ᠢ ᠪᠦᠲᠦᠭᠡᠨ ᠪᠠᠶᠢᠭᠤᠯᠬᠤ ᠪᠠᠷ ᠬᠥᠴᠥᠯᠡᠵᠥ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤᠨ ᠤ ᠬᠤᠶᠠᠷ ᠪᠣᠭᠤᠮᠲᠠ ᠶᠢᠨ ᠭᠠᠵᠠᠷ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠣᠭᠤᠮᠲᠠ ᠪᠠᠷ ᠥᠩᠭᠡᠷᠡᠭᠦᠯᠬᠦ ᠪᠠᠲᠤᠯᠠᠭ᠎ᠠ ᠶᠢᠨ ᠴᠢᠳᠠᠪᠤᠷᠢ ᠪᠠ ᠨᠣᠳᠣᠭᠰᠢᠭᠤᠯᠣᠨ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠪᠦᠬᠦ ᠵᠢᠯ ᠤᠨ ᠪᠣᠭᠤᠮᠲᠠ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠠᠪᠠᠭᠤᠯᠵᠤ᠂ 40 % ᠠᠴᠠ ᠳᠡᠭᠡᠭᠰᠢ ᠨᠡᠮᠡᠭᠳᠡᠭᠦᠯᠬᠦ ᠶᠢ ᠪᠠᠲᠤᠯᠠᠨ᠎ᠠ᠃ ᠡᠷᠢᠶᠡᠨ ᠬᠤᠲᠠ ᠶᠢᠨ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡᠨ ᠤ  ᠲᠥᠪᠯᠡᠷᠡᠭᠦᠯᠬᠦ ᠲᠥᠪ ᠤᠨ ᠲᠥᠷᠥᠯ ᠵᠥᠢᠯ ᠤᠨ ᠡᠬᠢᠯᠡᠭᠦᠯᠦᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠥᠷᠥᠯ ᠵᠥᠢᠯ ᠢ ᠪᠥᠬᠦ ᠶᠠᠪᠤᠴᠠ ᠪᠠᠷ ᠠᠵᠢᠯᠯᠠᠭᠤᠯᠬᠤ ᠪᠠᠨ ᠪᠡᠶᠡᠯᠡᠭᠦᠯᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠣᠨᠴᠠᠭᠠᠶ ᠲᠥᠷᠥ ᠶᠢᠨ ᠪᠣᠳᠣᠯᠭ᠎ᠠ ᠶᠢ ᠨᠤᠲᠤᠭᠰᠢᠭᠤᠯᠬᠤ ᠪᠠᠷ ᠴᠢᠷᠮᠠᠶᠢᠵᠤ᠂ ᠵᠠᠬ᠎ᠠ ᠶᠢᠨ ᠠᠷᠠᠯᠵᠢᠶ᠎ᠠ ᠶᠢ ᠨᠣᠳᠣᠭᠰᠢᠭᠤᠯᠣᠨ ᠡᠳ᠋ᠰᠢᠭᠦᠯᠬᠦ ᠲᠤᠷᠰᠢᠯᠲᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ︔ ᠵᠡᠭᠦᠨ ᠬᠠᠲᠠᠪᠴᠢ ᠶᠢᠨ ᠲᠡᠮᠦᠷ ᠵᠠᠮ ᠤᠨ ᠪᠣᠭᠤᠮᠲᠠ ᠶᠢᠨ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠲᠠᠯᠠᠢ ᠶᠢᠨ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠵᠡᠷᠭᠡ ᠢᠵᠢ ᠪᠦᠷᠢᠳᠦᠭᠰᠡᠨ ᠰᠠᠭᠤᠷᠢ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠠᠶᠠᠨᠴᠢᠳ ᠪᠠ ᠡᠳ᠋ ᠪᠠᠷᠠᠭ᠎ᠠ ᠶᠢ ᠰᠠᠯᠭᠠᠨ ᠲᠤᠬᠢᠷᠠᠭᠤᠯᠵᠤ ᠳᠡᠰ ᠳᠡᠪᠰᠢᠭᠦᠯᠬᠦ ᠪᠠ ᠪᠦᠬᠦ ᠲᠠᠯ᠎ᠠ ᠪᠠᠷ ᠣᠶᠤᠨᠴᠢ ᠪᠠᠷ ᠪᠣᠭᠤᠮᠲᠠ ᠥᠩᠭᠡᠷᠡᠭᠦᠯᠬᠦ ᠶᠢ ᠪᠡᠶᠡᠯᠡᠭᠦᠯᠦᠨ᠎ᠡ᠃       ︵ᠲᠠᠪᠤ︶ ᠬᠥᠭᠵᠢᠯᠲᠡ ᠶᠢᠨ ᠰᠠᠭᠤᠷᠢ ᠨᠥᠬᠦᠴᠡᠯ ᠢᠶᠠᠨ ᠶᠡᠬᠡᠪᠡᠷ ᠰᠠᠶᠢᠵᠢᠷᠠᠭᠤᠯᠵᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠨᠡᠩ ᠥᠨᠳᠥᠷ ᠲᠦᠪᠰᠢᠨ ᠳᠤ ᠲᠠᠪᠰᠢᠬᠤ ᠶᠢ ᠠᠬᠢᠭᠤᠯᠤᠨ᠎ᠠ᠃ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠦᠬᠦ ᠲᠠᠯ᠎ᠠ ᠪᠠᠷ ᠠᠬᠢᠭᠤᠯᠤᠨ᠎ᠠ᠃ ᠠᠵᠤ ᠦᠢᠯᠡᠰ ᠢ ᠬᠥᠭᠵᠢᠭᠦᠯᠬᠦ ᠪᠠᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠵᠢᠯ ᠤᠨ ᠳᠣᠲᠣᠷ᠎ᠠ 8.54 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠰ ᠤᠨ ᠲᠥᠷᠥᠯ ᠤᠨ 111 ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠳᠤ ᠶᠠᠳᠠᠭᠤ ᠠᠴᠠ ᠠᠩᠭᠢᠵᠢᠷᠠᠭᠰᠠᠳ ᠤᠷᠤᠯᠴᠠᠬᠤ ᠪᠠ ᠨᠡᠮᠡᠭᠳᠡᠯ ᠥᠷᠲᠡᠭ ᠤᠨ ᠠᠰᠢᠭ ᠤᠷᠤᠯᠭ᠎ᠠ ᠶᠢ ᠬᠤᠪᠢᠶᠠᠯᠴᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯᠤᠨ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠ ᠰᠢᠯᠢᠳᠡᠭ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠮᠵᠢᠯᠴᠠᠭ᠎ᠠ ᠵᠡᠷᠭᠡ ᠠᠵᠢᠯ ᠢ ᠦᠷᠭᠦᠯᠵᠢᠯᠡᠨ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ 35 ᠠᠶᠢᠮᠠᠭ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠᠨ ᠲᠤᠪᠤᠶᠢᠮ᠎ᠠ ᠰᠠᠶᠢᠲᠤᠷ ᠠᠳᠬᠤᠨ᠎ᠠ᠃ ︽ᠵᠣᠷᠯᠣᠩ ᠤᠨ ᠦᠭᠡᠷᠡᠴᠢᠯᠡᠯᠳᠡ︾ ᠶᠢ ᠯᠠᠪᠳᠠᠭᠤᠨ ᠠᠬᠢᠭᠤᠯᠵᠤ᠂ ᠨᠢᠭᠡᠨᠲᠡ ᠪᠠᠶᠢᠭ᠎ᠠ ᠵᠣᠷᠯᠣᠩ ᠤᠨ ᠠᠰᠠᠭᠤᠳᠠᠯ ᠢ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠯ ᠤᠨ ᠳᠣᠲᠣᠷ᠎ᠠ 2499 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ 1300 ᠭᠠᠷᠤᠶ ᠬᠢᠯᠢ ᠬᠢᠵᠠᠭᠠᠷ ᠤᠨ ᠮᠠᠯᠵᠢᠬᠤ ᠡᠷᠦᠬᠡ ᠳᠤ ᠲᠣᠣᠷᠴᠢᠯᠠᠭᠰᠠᠨ ᠴᠠᠬᠢᠯᠭᠠᠨ ᠨᠡᠪᠲᠡᠷᠡᠭᠦᠯᠬᠦ ᠪᠠᠷ ᠴᠢᠷᠮᠠᠶᠢᠨ᠎ᠠ︔ 4G ᠶᠢᠨ ᠴᠠᠬᠢᠯᠭᠠᠨ ᠬᠤᠯᠪᠣᠭᠠᠨ ᠤ ᠨᠡᠶᠢᠳᠡᠮ ᠥᠢᠯᠡᠴᠢᠯᠡᠭᠡ ᠶᠢᠨ ᠰᠠᠭᠤᠷᠢ ᠥᠷᠲᠡᠭᠡ 86᠂ 5G ᠶᠢᠨ ᠰᠠᠭᠤᠷᠢ ᠥᠷᠲᠡᠭᠡ 400 ᠶᠢ ᠰᠢᠨ᠎ᠡ ᠪᠠᠷ ᠪᠠᠶᠢᠭᠤᠯᠤᠨ᠎ᠠ︔ 103 ᠬᠢᠯᠢ ᠬᠢᠵᠠᠭᠠᠷ ᠤᠨ ᠭᠠᠴᠠᠭ᠎ᠠ ᠲᠣᠰᠬᠤᠨ ᠤ 2000 ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠲᠤᠤᠷ ᠰᠦᠯᠵᠢᠶ᠎ᠡ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ ᠢᠶᠠᠷ ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠪᠡᠶᠡᠯᠡᠭᠦᠯᠥᠨ᠎ᠡ᠃ ᠬᠤᠶᠠᠷ ᠲᠤ ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠵᠣᠬᠢᠮᠵᠢᠲᠠᠢ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠬᠢᠷᠢ ᠲᠦᠪᠰᠢᠨ ᠢ ᠲᠡᠭᠡᠭᠰᠢᠯᠡᠭᠦᠯᠥᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠯ ᠤᠨ ᠳᠣᠲᠣᠷ᠎ᠠ ᠨᠡᠶᠢᠲᠡ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 100 ᠺᠢᠯᠣᠮᠧᠲᠷ ᠭᠠᠵᠠᠷ ᠳᠣᠣᠷᠠᠬᠢ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ᠂ 18 ᠺᠢᠯᠣᠮᠧᠲᠷ ᠵᠠᠮ ᠳᠡᠪᠢᠰᠬᠦ ᠵᠡᠷᠭᠡ 85 ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠭᠠᠵᠠᠷ ᠤᠨ ᠦᠨ᠎ᠡ᠂ ᠬᠡᠷ ᠪᠠᠶᠢᠰᠢᠩ ᠤᠨ ᠦᠨ᠎ᠡ᠂ ᠵᠢᠱᠢᠯᠲᠡ ᠶᠢ ᠲᠣᠭᠲᠠᠪᠤᠷᠢᠵᠢᠭᠤᠯᠵᠤ᠂ ᠵᠢᠯ ᠤᠨ ᠳᠣᠲᠣᠷ᠎ᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 25 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠰᠢᠨ᠎ᠡ ᠪᠠᠷ ᠪᠠᠶᠢᠭᠤᠯᠬᠤ ᠲᠠᠸᠠᠷ ᠤᠨ ᠤᠷᠤᠨ ᠰᠠᠭᠤᠴᠠ ᠶᠢᠨ ︽ᠬᠡᠷ ᠪᠠᠶᠢᠰᠢᠩ ᠪᠠ ᠬᠡᠷ ᠪᠠᠶᠢᠰᠢᠩ  ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠥᠨᠡᠮᠯᠡᠯ ᠢ ᠬᠠᠮᠳᠤ ᠳᠤᠨᠢ ᠲᠤᠰᠢᠶᠠᠬᠤ︾ ᠲᠤᠷᠰᠢᠯᠲᠠ ᠶᠢᠨ ᠴᠡᠭ  ᠢ ᠥᠷᠭᠡᠳᠬᠡᠨ᠎ᠡ᠃ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 33 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 1229 ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠦᠷᠭᠦᠯᠵᠢᠯᠡᠨ ᠰᠢᠢᠳᠪᠥᠷᠢᠯᠡᠵᠥ᠂  ᠭᠥᠢᠴᠡᠳᠬᠡᠬᠦ ᠶᠣᠰᠣᠲᠠᠶ ᠶᠢ ᠨᠢ ᠪᠦᠬᠦᠨ ᠢ ᠭᠥᠢᠴᠡᠳᠬᠡᠨ᠎ᠡ᠃ ᠭᠤᠷᠪᠠ ᠳᠤ ᠰᠠᠭᠤᠷᠢ ᠲᠥᠬᠦᠭᠡᠷᠦᠮᠵᠢ ᠶᠢᠨ ᠳᠠᠭᠠᠭᠠᠴᠠ ᠶᠢᠨ ᠴᠢᠳᠠᠪᠤᠷᠢ ᠶᠢ ᠴᠢᠩᠭᠠᠳᠬᠠᠨ᠎ᠠ᠃ ᠵᠢᠯ ᠤᠨ ᠳᠣᠲᠣᠷ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 21.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠠᠭᠦᠯᠬᠦ ᠪᠠᠷ ᠲᠥᠯᠥᠪᠯᠡᠵᠥ᠂ ᠤᠯᠤᠰ ᠤᠨ ᠵᠠᠮ ᠤᠨ 331 ᠱᠤᠭᠤᠮ ᠤᠨ ᠠᠷᠤ ᠨᠠᠭᠤᠷ ᠤᠨ ᠪᠥᠳᠥᠭᠦᠨ ᠠᠴᠠ ᠤᠯᠢᠶᠠᠰᠤᠲᠠᠢ ᠬᠦᠷᠬᠦ ᠵᠡᠷᠭᠡ 4 ᠵᠤᠷᠪᠤᠰ ᠵᠠᠰᠠᠮᠠᠯ ᠵᠠᠮ ᠤᠨ ᠭᠤᠣᠯ ᠴᠣᠭᠴᠠ ᠶᠢ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠵᠡᠷᠭᠡ 4 ᠵᠤᠷᠪᠤᠰ ᠵᠠᠰᠠᠮᠠᠯ ᠵᠠᠮ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠯᠤᠰ ᠤᠨ ᠵᠠᠮ ᠤᠨ 207 ᠱᠤᠭᠤᠮ ᠤᠨ ᠰᠢᠯᠢ ᠶᠢᠨ ᠬᠤᠲᠠ ᠠᠴᠠ ᠪᠠᠶᠠᠨᠬᠤᠸᠠ ᠬᠦᠷᠬᠦ ᠵᠠᠰᠠᠮᠠᠯ ᠵᠠᠮ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ 600 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠤᠨ᠎ᠠ︔ 9.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 755 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠯᠢ ᠶᠢᠨ ᠬᠤᠲᠠ ᠠᠴᠠ ᠰᠠᠩ ᠤᠨ ᠳᠠᠯᠠᠢ ᠬᠦᠷᠬᠦ ᠬᠡᠰᠡᠭ ᠤᠨ ᠵᠠᠰᠠᠨ ᠰᠢᠨᠡᠳᠬᠡᠬᠦ ᠢᠨᠵᠧᠨᠧᠷᠢᠩ ᠢ ᠪᠠᠶᠡᠯᠡᠭᠦᠯᠵᠣ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠰᠠᠩ ᠤᠨ ᠳᠠᠯᠠᠢ ᠠᠴᠠ ᠪᠤᠩᠬᠤᠨ ᠬᠦᠷᠬᠦ ᠬᠡᠰᠡᠭ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠲᠠᠭᠤᠰᠬᠠᠨ᠂ ᠲᠥᠷᠭᠡᠨ ᠬᠤᠷᠳᠤᠴᠠᠲᠤ ᠭᠠᠯᠲᠤ ᠲᠡᠷᠭᠡᠨ ᠤ ᠠᠶᠠᠯᠠᠬᠤ ᠨᠥᠬᠦᠴᠡᠯ ᠢ ᠪᠦᠷᠢᠯᠳᠦᠭᠦᠯᠵᠦ᠂ ᠵᠢᠯ ᠤᠨ ᠳᠣᠲᠣᠷ᠎ᠠ ︽ᠰᠠᠭᠠᠳ ᠥᠭᠡᠢ ᠨᠡᠪᠳᠡᠷᠡᠬᠦ ᠲᠥᠷᠭᠡᠨ ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ ᠬᠠᠷᠠᠯᠲᠠ ᠶᠢ ᠪᠡᠶᠡᠯᠡᠭᠦᠯᠦᠨ᠎ᠡ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠬᠤ ᠶᠢᠨ ᠬᠠᠮᠲᠤ ᠠᠶᠠᠯᠠᠯ ᠨᠡᠪᠲᠡᠷᠡᠭᠦᠯᠦᠨ ᠡᠵᠡᠩᠨᠡᠬᠦ ᠶᠢ ᠪᠡᠶᠡᠯᠡᠭᠦᠯᠵᠦ᠂ ᠤᠯᠠᠭᠠᠢ ᠬᠠᠮᠢᠶᠠᠷᠤᠯᠲᠠ ᠶᠢᠨ ᠣᠷᠣᠨ᠂ ᠲᠠᠶᠢᠹᠤᠰᠧ ᠬᠤᠰᠢᠭᠤ᠂ ᠳᠣᠯᠣᠨ ᠨᠤᠤᠷ ᠰᠢᠶᠠᠨ᠂ ᠰᠥᠨᠢᠳ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ ᠤᠨ ᠲᠣᠣᠷ ᠰᠦᠯᠵᠢᠶᠡᠨ ᠤ ᠠᠶᠠᠯᠠᠯ ᠤᠨ ᠱᠤᠭᠤᠮ ᠢ ᠲᠡᠭᠦᠯᠳᠡᠷᠵᠢᠭᠦᠯᠵᠦ᠂ 27 ᠬᠤᠲᠠ ᠳᠤ ᠠᠭᠠᠷ ᠤᠨ ᠠᠶᠠᠯᠠᠯ ᠨᠡᠪᠲᠡᠷᠡᠭᠦᠯᠵᠥ᠂ 23 ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠪᠡᠶᠡᠯᠡᠭᠦᠯᠵᠦ᠂ ᠪᠦᠬᠦ ᠵᠢᠯ ᠤᠨ ᠠᠶᠠᠨᠴᠢᠳ ᠤᠨ ᠠᠶᠠᠯᠠᠯ ᠤᠨ ᠬᠡᠮᠵᠢᠶ᠎ᠡ ᠶᠢ 100 ᠲᠦᠮᠡᠨ ᠬᠥᠮᠦᠨ ᠤᠳᠠᠭ᠎ᠠ ᠳᠤ ᠬᠦᠷᠦᠭᠦᠯᠦᠨ᠎ᠡ᠃ 2.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠭᠤᠣᠯ ᠤᠨ ᠲᠠᠩ  ᠢ ᠵᠠᠰᠠᠬᠤ ᠵᠡᠷᠭᠡ ᠢᠨᠵᠧᠨᠧᠷᠢᠩ ᠬᠡᠷᠡᠭᠵᠢᠭᠦᠯᠬᠦ ᠪᠠᠷ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠨᠤᠨ ᠮᠥᠷᠡᠨ ᠠᠴᠠ ᠤᠰᠤ ᠲᠠᠲᠠᠵᠤ ᠰᠢᠯᠢ ᠶᠢᠨ ᠭᠤᠣᠯ ᠳᠤ ᠤᠷᠤᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠲᠤᠷ ᠬᠢᠨ᠎ᠡ᠃ ᠴᠠᠬᠢᠯᠭᠠᠨ ᠲᠤᠤᠷ ᠲᠤ 8.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠢᠵᠢ ᠪᠦᠷᠢᠳᠦᠭᠦᠯᠬᠦ ᠴᠠᠬᠢᠯᠭᠠᠨ ᠬᠠᠩᠭᠠᠬᠤ ᠢᠨᠵᠧᠨᠧᠷᠢᠩ ᠪᠠ 5 ᠲᠥᠷᠥᠯ ᠤᠨ 110 ᠺᠢᠯᠤᠸᠠᠲ ᠤᠨ ᠴᠠᠬᠢᠯᠭᠠᠨ ᠬᠦᠷᠭᠡᠬᠦ ᠬᠦᠴᠦᠳᠡᠯ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠲᠠᠭᠤᠰᠬᠤ ᠶᠢ  ᠪᠠᠳᠣᠯᠠᠵᠣ᠂ ᠭᠠᠵᠠᠷ ᠣᠷᠣᠨ ᠤ ᠴᠠᠬᠢᠯᠭᠠᠨ ᠲᠣᠬᠢᠷᠠᠭᠤᠯᠬᠤ ᠠᠦ᠋ᠲ᠋ᠣᠴᠢᠯᠠᠯᠲᠠ ᠶᠢᠨ ᠪᠦᠲᠦᠮᠵᠢᠲᠡᠶ ᠪᠦᠷᠬᠦᠴᠡ ᠶᠢᠨ ᠨᠣᠷᠮ᠎ᠠ ᠶᠢ 80 % ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ 18.8 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠥᠮᠵᠢ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ 20 ᠲᠥᠷᠥᠯ ᠤᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠰᠢᠨ᠎ᠡ ᠪᠠᠷ ᠨᠡᠮᠡᠭᠳᠡᠭᠦᠯᠬᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠤᠲᠤᠷᠠᠬᠢ ︽ᠪᠠᠷᠢᠮᠵᠢᠶᠠᠲᠤ ᠭᠠᠵᠠᠷ︾  ᠢ 30 %   ᠳᠤ ᠬᠥᠷᠥᠭᠦᠯᠵᠥ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 20 % ᠠᠴᠠ ᠳᠡᠭᠡᠭᠰᠢ ᠳᠡᠭᠡᠭᠰᠢᠯᠡᠭᠦᠯᠬᠦ ᠪᠠᠷ ᠴᠢᠷᠮᠠᠶᠢᠵᠤ᠂ ᠲᠥᠪᠯᠡᠷᠡᠭᠦᠯᠥᠨ ᠡᠷᠴᠢᠮᠵᠢᠭᠦᠯᠦᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠳᠬᠡᠨ ᠪᠤᠶ ᠪᠣᠯᠭᠠᠨ᠎ᠠ᠃       ︵ᠵᠢᠷᠭᠤᠭ᠎ᠠ︶ ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠪᠡᠷᠭᠡ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠨᠢᠭᠡ ᠳᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠬᠠᠮᠢᠶ᠎ᠠ ᠪᠥᠬᠦᠶ ᠢᠵᠢ ᠪᠥᠷᠢᠳᠥᠭᠰᠡᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ︽ᠬᠡᠦᠬᠡᠳ ᠤᠨ ᠬᠡᠯᠡ ᠶᠢ ᠢᠵᠢᠯ ᠲᠠᠭᠤᠳᠠᠯᠭ᠎ᠠ ᠲᠠᠢ ᠪᠣᠯᠭᠠᠬᠤ︾ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 90 % ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠦᠭᠡ ᠬᠡᠯᠡ ᠦᠰᠦᠭ ᠪᠢᠴᠢᠭ ᠢ ᠲᠦᠷᠢᠮᠵᠢᠭᠦᠯᠦᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ︵ᠴᠡᠴᠡᠷᠯᠢᠭ︶ ᠶᠢᠨ ᠰᠢᠯᠭᠠᠨ ᠬᠤᠷᠢᠶᠠᠯᠲᠠ ᠶᠢ ᠥᠩᠭᠡᠷᠡᠭᠦᠯᠬᠦ ᠪᠠᠷ ᠴᠢᠷᠮᠠᠶᠢᠨ᠎ᠠ᠃ ᠨᠠᠷᠠᠲᠤ ᠰᠤᠷᠭᠠᠭᠤᠯᠢ ᠶᠢᠨ ᠵᠠᠬᠢᠷᠤᠯ᠂ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠢ ᠤᠷᠢᠨ ᠠᠪᠴᠢᠷᠠᠬᠤ ᠪᠠ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠳᠦᠷᠢᠮ ᠢ ᠪᠠᠶᠢᠭᠤᠯᠵᠤ᠂ ᠵᠢᠯ ᠤᠨ ᠳᠣᠲᠣᠷ᠎ᠠ 229 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠡᠯᠰᠡᠨ᠎ᠡ᠃ 9 ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ 2400 ᠬᠡᠦᠬᠡᠳ ᠤᠨ ᠣᠷᠣ ᠶᠢ ᠰᠢᠨ᠎ᠡ ᠪᠠᠷ ᠨᠡᠮᠡᠭᠳᠡᠭᠦᠯᠥᠨ᠎ᠡ᠃ ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠪᠠ ᠲᠠᠪᠤᠳᠤᠭᠠᠷ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ᠃ ᠰᠢᠯᠢ ᠶᠢᠨ ᠭᠤᠤᠯ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠥᠢᠯᠡᠴᠢᠯᠡᠭᠡᠨ ᠤ ᠡᠭᠦᠯᠡᠨ ᠲᠠᠪᠴᠠᠩ ᠢ ᠰᠠᠶᠢᠲᠤᠷ ᠬᠡᠷᠡᠭᠯᠡᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠵᠥ ᠰᠢᠯᠭᠠᠨ ᠥᠨᠡᠯᠡᠵᠥ ᠤᠷᠮᠠᠰᠢᠭᠤᠯᠬᠤ ᠠᠷᠭ᠎ᠠ ᠶᠢ ᠨᠠᠶᠢᠳᠠᠪᠤᠷᠢᠵᠢᠭᠤᠯᠵᠤ᠂ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠳᠠᠳᠤ ᠰᠤᠷᠭᠠᠭᠤᠯᠢ ᠵᠡᠷᠭᠡ ᠤᠷᠤᠨ ᠤ ᠲᠤᠲᠤᠨ᠎ᠠ ᠭᠠᠳᠠᠨᠠᠬᠢ ᠰᠤᠷᠭᠠᠭᠤᠯᠢ ᠲᠠᠢ ᠬᠠᠮᠲᠤᠷᠠᠯᠴᠠᠨ ᠰᠤᠷᠭᠠᠭᠤᠯᠢ ᠡᠷᠬᠢᠯᠡᠬᠦ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠬᠥᠷᠥᠭᠰᠡᠳ ᠤᠨ ᠨᠣᠷᠮ᠎ᠠ ᠪᠠ ᠥᠨᠳᠥᠷ ᠬᠤᠪᠢ ᠶᠢᠨ ᠬᠡᠰᠡᠭ ᠲᠤ ᠰᠢᠨ᠎ᠡ ᠰᠢᠪᠳᠤᠯᠤᠯᠲᠠ ᠲᠠᠢ ᠪᠤᠯᠭᠠᠬᠤ ᠪᠠᠷ ᠴᠢᠷᠮᠠᠶᠢᠨ᠎ᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠪᠠ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠶᠠᠷ ᠲᠤ᠂ ᠡᠷᠡᠭᠦᠯ ᠮᠡᠨᠳᠥ ᠰᠢᠯᠢ ᠶᠢᠨ ᠭᠤᠣᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠵᠠᠰᠠᠯ ᠤᠨ ᠡᠮᠴᠢᠯᠡᠭᠡᠨ ᠤ ᠮᠡᠷᠭᠡᠵᠢᠯ ᠤᠨ ᠠᠰᠠᠷ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠥᠨᠳᠥᠷ ᠳᠠᠷᠤᠯᠲᠠᠲᠤ ᠬᠦᠴᠢᠯᠲᠥ᠋ᠷᠥᠭᠴᠢ ᠶᠢᠨ ᠠᠰᠠᠷ᠂ ︽ᠣᠶᠤᠨᠴᠢ ᠡᠮᠴᠢᠯᠡᠭᠡ ︵ᠨᠢᠭᠡᠳᠦᠭᠡᠷ ᠬᠤᠭᠤᠴᠠᠭ᠎ᠠ︶︾ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠠᠨ ᠱᠧᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠠᠨᠠᠭᠠᠬᠤ ᠤᠬᠠᠭᠠᠨ ᠤ ᠲᠥᠪ᠂ ᠵᠡᠮᠳᠡᠭᠴᠦᠳ ᠤᠨ ᠡᠷᠡᠭᠦᠯᠵᠢᠯ ᠤᠨ ᠲᠥᠪ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ 3 ᠬᠤᠰᠢᠭᠤ ᠰᠢᠶᠠᠨ ᠬᠤᠲᠠ ᠶᠢᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠲᠦᠷᠦᠯ ᠤᠨ ᠡᠮᠨᠡᠯᠭᠡ ᠶᠢᠨ ᠬᠤᠷᠢᠶ᠎ᠠ  ᠪᠣᠯᠭᠠᠨ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠬᠡᠯᠪᠡᠷᠢ ᠶᠢᠨ᠂ ᠴᠢᠨᠠᠷ ᠰᠠᠶᠢᠲᠠᠢ ᠬᠡᠯᠪᠡᠷᠢ ᠶᠢᠨ ᠬᠢᠲᠠᠳ ᠡᠮᠨᠡᠯᠭᠡ ᠶᠢᠨ ᠬᠤᠷᠢᠶ᠎ᠠ ᠮᠣᠩᠭᠤᠯ ᠡᠮᠨᠡᠯᠭᠡ ᠶᠢᠨ ᠬᠤᠷᠢᠶᠠᠨ ᠤ ᠬᠠᠮᠤᠷᠬᠤ ᠨᠣᠷᠮ᠎ᠠ ᠶᠢ 60 % ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠨ᠎ᠠ᠃ ᠭᠤᠷᠪᠠ ᠳᠤ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠠᠳᠠᠯ ᠦᠢᠯᠡᠰ ᠴᠣᠭᠴᠠᠯᠠᠬᠤ ᠰᠢᠯᠢ ᠶᠢᠨ ᠭᠤᠣᠯ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠥᠢᠯ ᠢᠶᠠᠷ ᠬᠦᠴᠢᠷᠳᠡᠯ ᠲᠠᠢ ᠣᠯᠠᠨ ᠲᠦᠮᠡᠨ ᠳᠤ ᠠᠵᠢᠯ ᠣᠯᠭᠤᠬᠤ ᠲᠣᠭᠲᠠᠴᠠ ᠶᠢ ᠪᠠᠶᠢᠭᠤᠯᠤᠨ᠂ ᠰᠤᠯᠠ ᠬᠥᠯᠥᠰᠥᠨ ᠠᠵᠢᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠪᠦᠬᠦ ᠠᠶᠢᠮᠠᠭ ᠤᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠥᠮᠦᠰ ᠢ ᠪᠦᠷᠢᠨ ᠪᠦᠷᠬᠦᠭᠦᠯᠬᠦ ᠶᠢ ᠠᠬᠢᠭᠤᠯᠤᠨ᠎ᠠ᠃ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠦᠷᠢᠮ ᠢ ᠰᠠᠶᠢᠲᠤᠷ ᠬᠡᠷᠡᠭᠵᠢᠭᠦᠯᠵᠦ᠂ ᠡᠮ ᠤᠨ ᠵᠥᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠪᠠᠬᠢᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠠᠭᠠᠰᠬᠠᠬᠤ᠂ ᠠᠵᠢᠯ ᠣᠯᠭᠤᠬᠤ ᠥᠪᠡᠷ ᠤᠨ ᠥᠷᠲᠡᠭ ᠢ ᠪᠠᠭᠤᠷᠠᠭᠤᠯᠬᠤ᠂ ᠭᠠᠭᠴᠠ ᠬᠥᠮᠦᠨ  ᠲᠠᠢ ᠡᠷᠦᠬᠡ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠨᠠᠶᠢᠳᠠᠪᠣᠷᠢᠵᠢᠭᠤᠯᠬᠤ᠂ ᠰᠢᠯᠢ ᠶᠢᠨ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠤᠷᠤᠮᠠᠷ ᠪᠠᠶᠢᠭ᠎ᠠ ᠬᠥᠴᠢᠷᠳᠡᠯᠳᠡᠢ ᠡᠷᠥᠬᠡ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠᠨ ᠳ᠋ᠦᠩᠨᠡᠨ᠂ ᠨᠥᠬᠦᠴᠡᠯ ᠲᠠᠢ ᠭᠠᠵᠠᠷ ᠣᠷᠣᠨ ᠤ ᠠᠯᠬᠤᠮ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠤᠨ 2.0 ᠢᠨᠵᠧᠨᠧᠷᠢᠩ ᠢ ᠲᠦᠯᠬᠢᠨ ᠠᠬᠢᠭᠤᠯᠵᠤ᠂ 3 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠨ᠂ 1 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ 1052 ᠡᠷᠦᠬᠡ ᠣᠨᠴᠠ ᠬᠥᠴᠢᠷᠳᠡᠯᠳᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠤᠬᠢᠷᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃       ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠨᠢᠭᠡ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠥᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠣᠳᠠᠲᠠᠢ ᠠᠳᠬᠤᠵᠤ᠂     ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ ᠭᠠᠵᠠᠷ︾ ᠢ ᠬᠠᠮᠲᠤᠪᠠᠷ ᠡᠭᠦᠳᠴᠦ ᠬᠠᠮᠲᠤᠪᠠᠷ ᠪᠠᠶᠢᠭᠤᠯᠬᠤ ᠪᠠᠶᠢᠷᠢᠰᠢᠯ ᠢ ᠭᠦᠨᠵᠡᠭᠡᠶᠢᠷᠡᠭᠦᠯᠦᠨ᠎ᠡ᠃ ᠬᠤᠶᠠᠷ ᠲᠤ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠣᠶᠣᠨᠳᠣ ᠳᠣᠲᠣᠭᠠᠳᠤ ᠶᠢ ᠬᠠᠮᠠᠭᠠᠯᠠᠬᠤ︾ ︽ᠲᠣᠷᠠᠨᠳᠣ ᠢᠨᠵᠧᠨᠧᠷᠢᠩ︾ ᠲᠤ ᠲᠦᠰᠢᠭᠯᠡᠨ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠠᠮᠢᠨ ᠬᠡᠷᠡᠭ ᠪᠠ ᠵᠠᠮ ᠬᠠᠷᠢᠯᠴᠠᠭᠠᠨ ᠤ ᠠᠳᠡᠯ ᠭᠠᠷᠬᠤ ᠨᠣᠷᠮ᠎ᠠ ᠶᠢ ᠤᠯᠠᠮ ᠪᠠᠭᠠᠰᠬᠠᠨ᠎ᠠ᠃ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠬᠡᠷᠡᠭ ᠳᠠᠭᠠᠭᠠᠴᠢᠯᠠᠬᠤ ᠠᠵᠢᠯ ᠤᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠤᠰᠬᠠᠭᠰᠠᠨ ᠠᠵᠢᠯ ᠢ ᠪᠣᠳᠠᠲᠠᠶ ᠰᠠᠶᠢᠲᠤᠷ ᠬᠢᠨ᠎ᠡ᠃ ᠭᠤᠷᠪᠠ ᠳᠤ ᠠᠶᠤᠯᠭᠦᠢ ᠦᠢᠯᠡᠳᠪᠦᠷᠢᠯᠡᠯ ᠢᠶᠠᠨ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠪᠠᠨ ᠪᠠᠶᠢᠩᠭᠤᠵᠢᠭᠤᠯᠤᠨ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠪᠠ ᠬᠠᠮᠲᠤᠷᠠᠨ ᠪᠠᠶᠢᠴᠠᠭᠠᠬᠤ ᠪᠠᠨ ᠦᠷᠭᠦᠯᠵᠢᠯᠡᠨ ᠥᠷᠨᠢᠭᠦᠯᠵᠦ᠂ ᠬᠦᠨᠳᠦ ᠶᠡᠭᠡ ᠠᠳᠡᠯ ᠭᠠᠷᠬᠤ ᠠᠴᠠ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠤᠷᠢᠯᠲᠠ ᠪᠣᠯᠪᠠᠰᠤᠷᠠᠯ ᠢᠶᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ ᠤᠯᠤᠰ ᠤᠨ ᠢᠳᠡᠭᠡᠨ ᠤ ᠵᠥᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠲᠦᠷᠪᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠨ᠎ᠡ᠃ ︽ᠡᠷᠡᠭᠦᠯ ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠪᠦᠬᠦ ᠬᠥᠮᠦᠰ ᠢᠯᠠᠩᠭᠤᠶ᠎ᠠ ᠨᠠᠰᠤᠲᠠᠶᠢᠴᠤᠳ ᠤᠨ ᠥᠯᠥ ᠬᠠᠯᠲᠠᠭᠠᠬᠤ ᠲᠠᠷᠢᠯᠭ᠎ᠠ  ᠶᠢ ᠴᠢᠩᠭᠠᠳᠬᠠᠨ᠂ ᠡᠮ ᠪᠣᠯᠤᠨ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠱᠠᠲᠤ ᠲᠥᠷᠥᠯ ᠬᠤᠪᠢᠶᠠᠨ ᠡᠪᠡᠳᠴᠢᠲᠡᠨ ᠢ ᠠᠪᠤᠷᠠᠨ ᠡᠮᠨᠡᠨ᠎ᠡ᠃      ᠭᠡᠰᠢᠭᠦᠳ ᠡ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ ᠲᠣᠶᠢᠯ ᠤᠨ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠦᠭᠡᠳ ᠡᠭᠦᠷᠭᠡ ᠬᠦᠨᠳᠦ ᠨᠦᠰᠡᠷ ᠪᠠᠶᠢᠭᠰᠠᠭᠠᠷ ᠶᠣᠮ᠃ ᠪᠢᠳᠡ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠭᠡᠰᠢᠭᠦᠳ ᠤᠨ ᠬᠦᠴᠦᠲᠡᠶ ᠳᠡᠮᠵᠢᠯᠭᠡ ᠳᠤᠤᠷ᠎ᠠ᠂ ᠠᠵᠠ ᠲᠣᠬᠢᠶᠠᠯ ᠢ ᠵᠠᠪᠳᠣᠨ᠂ ᠡᠷᠴᠢ ᠵᠣᠷᠢᠭ ᠢᠶᠠᠨ ᠬᠥᠪᠴᠢᠯᠡᠨ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠣᠳᠣᠬᠢᠴᠢᠯᠠᠭᠰᠠᠨ ᠰᠢᠯᠢ ᠶᠢᠨ ᠭᠤᠤᠯ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠰᠦᠭᠡᠢ︕      ᠲᠠ ᠪᠦᠬᠦᠨ ᠳᠤ ᠪᠠᠶᠠᠷᠯᠠᠯ᠎ᠠ  ︕            
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号