2022 ᠤᠨ ᠤ 12 ᠰᠠᠷ᠎ᠠ ᠶᠢᠨ 29 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ | ᠲᠤᠪᠴᠢᠶ᠎ᠠ ᠳᠦᠷᠪᠡᠳᠦᠭᠡᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ | ᠨᠡᠷᠡᠰ ᠢ ᠨᠡᠶᠢᠲᠡᠯᠡᠵᠡᠢ᠂ ᠡᠭᠦᠨ ᠳᠤ ᠮᠠᠨ ᠤ ᠤᠷᠤᠨ ᠤ ᠯᠢᠶᠤᠤ ᠶᠢᠨ ᠳᠡᠭᠡᠳᠦ ᠨᠡᠶᠢᠰᠯᠡᠯ ᠤᠨ ᠪᠠᠭᠤᠷᠢ | ᠰᠤᠩᠭᠤᠭᠳᠠᠬᠰᠠᠨ ᠨᠢ ᠮᠠᠨ ᠤ ᠤᠷᠤᠨ ᠤ ᠠᠩᠬᠠᠳᠠᠭᠴᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ | ᠲᠤᠪᠴᠢᠶᠠᠨ ᠳᠤ ᠨᠡᠷᠡᠶᠢᠳᠦᠭᠳᠡᠭᠰᠡᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠤᠯᠪᠠ᠃ | ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠪᠠᠭᠠᠷᠢᠨ ᠵᠡᠭᠦᠨ ᠬᠤᠰᠢᠭᠤᠨ ᠤ ᠯᠢᠨᠳᠦ᠋ᠩ | ᠪᠠᠯᠭᠠᠰᠤᠨ ᠤ ᠡᠮᠦᠨ᠎ᠡ ᠲᠡᠭᠦᠷᠭᠡ ᠳᠤ ᠪᠠᠶᠢᠵᠤ᠂ ᠨᠡᠶᠢᠲᠡ ᠶᠢᠨ ᠣᠨ ᠲᠣᠭᠠᠯᠠᠯ ᠤᠨ 918 ᠣᠨ ᠳᠤ ᠪᠠᠶᠢᠭᠤᠯᠵᠤ᠂ | ᠨᠡᠶᠢᠲᠡ ᠶᠢᠨ ᠤᠨ ᠲᠤᠭᠠᠯᠠᠯ ᠤᠨ 926 ᠤᠨ ᠳᠤ ᠦᠷᠭᠡᠳᠭᠡᠨ ᠪᠠᠶᠢᠭᠤᠯᠵᠤ᠂ ᠨᠡᠶᠢᠲᠡ ᠶᠢᠨ ᠣᠨ ᠲᠣᠭᠠᠯᠠᠯ ᠤᠨ | 938 ᠣᠨ ᠳᠤ ᠳᠡᠭᠡᠳᠦ ᠨᠡᠶᠢᠰᠯᠡᠯ ᠬᠡᠮᠡᠨ ᠨᠡᠷᠡᠶᠢᠳᠦᠭᠳᠡᠭᠰᠡᠨ ᠯᠢᠶᠣᠤ ᠤᠯᠤᠰ ᠤᠨ ᠲᠠᠪᠤᠨ ᠨᠡᠶᠢᠰᠯᠡᠯ ᠤᠨ ᠲᠡᠷᠢᠭᠦᠨ | ᠪᠣᠯᠵᠤ᠂ 5 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠨ᠂ 1961 ᠣᠨ ᠳᠤ ᠲᠥᠷᠥ ᠶᠢᠨ ᠶᠠᠪᠤᠳᠠᠯ ᠤᠨ | ᠬᠤᠷᠢᠶᠠᠨ ᠠᠴᠠ ᠠᠩᠬᠠᠳᠠᠭᠴᠢ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠵᠠᠶ᠃ 2012 ᠣᠨ ᠳᠤ ᠳᠤᠮᠳᠠᠳᠤ ᠤᠯᠤᠰ ᠤᠨ | ᠳᠡᠯᠡᠬᠡᠢ ᠶᠢᠨ ᠰᠣᠶᠣᠯ ᠤᠨ ᠥᠪ ᠢᠶᠠᠷ ᠭᠤᠶᠤᠴᠢᠯᠠᠬᠤ ᠪᠡᠯᠡᠳᠭᠡᠯ ᠨᠡᠷᠡᠰ ᠲᠤ ᠣᠷᠣᠵᠤ᠂ 2013 ᠣᠨ ᠳᠤ | ᠬᠤᠶᠠᠳᠤᠭᠠᠷ ᠪᠦᠯᠦᠭ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠲᠦᠷᠦᠯ | ᠵᠦᠢᠯ ᠤᠨ ᠨᠡᠷᠡᠰ ᠲᠤ ᠣᠷᠣᠵᠤ᠂ 2021 ᠣᠨ ᠳᠤ ᠪᠦᠬᠦ ᠤᠯᠤᠰ ᠤᠨ ︽ᠵᠠᠭᠤᠨ ᠵᠢᠯ ᠤᠨ ᠵᠠᠭᠤᠨ ᠶᠡᠭᠡ | ᠬᠠᠭᠤᠴᠢ ᠰᠤᠳᠤᠯᠤᠯ ᠤᠨ ᠢᠯᠡᠷᠡᠭᠦᠯᠦᠯᠲᠡ︾ ᠳᠤ ᠰᠣᠩᠭᠤᠭᠳᠠᠵᠤ᠂ 2022 ᠣᠨ ᠳᠤ ︽ᠰᠢᠨ᠎ᠡ ᠴᠠᠭ | ᠦᠶ᠎ᠡ ᠶᠢᠨ ᠵᠠᠭᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠶᠢᠨ ᠨᠡᠷᠡᠰ ᠲᠤ ᠰᠣᠩᠭᠤᠭᠳᠠᠵᠤ᠂ | ᠮᠠᠨ ᠤ ᠤᠯᠤᠰ ᠤᠨ ᠣᠳᠣᠬᠠᠨ ᠳᠤ ᠬᠠᠳᠠᠭᠠᠯᠠᠭᠳᠠᠵᠤ ᠪᠠᠶᠢᠭ᠎ᠠ ᠬᠠᠮᠤᠭ ᠤᠨ ᠪᠦᠷᠢᠨ ᠪᠦᠲᠦᠨ ᠡᠷᠲᠡᠨ ᠤ ᠨᠡᠶᠢᠰᠯᠡᠯ | ᠬᠤᠳᠠ ᠶᠢᠨ ᠪᠠᠭᠤᠷᠢ ᠶᠢᠨ ᠨᠢᠭᠡ ᠪᠤᠯᠤᠭᠰᠠᠨ ᠪᠠᠶᠢᠨ᠎ᠠ᠃ | 2010 ᠣᠨ ᠠᠴᠠ ᠨᠠᠭᠠᠰᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠭᠤᠴᠢ ᠰᠤᠳᠤᠯᠤᠯ ᠤᠨ ᠭᠠᠵᠠᠷ ᠪᠣᠯᠤᠨ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯ ᠬᠠᠭᠤᠴᠢ | ᠰᠤᠳᠤᠯᠤᠯ ᠤᠨ ᠭᠠᠵᠠᠷ ᠢᠶᠠᠷ ᠪᠦᠷᠢᠯᠳᠦᠭᠰᠡᠨ ᠯᠢᠶᠣᠤ ᠶᠢᠨ ᠳᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠠᠩᠭᠢ | ᠤᠷᠢᠳ ᠬᠤᠵᠢᠳ 15 ᠪᠠᠭᠤᠷᠢ ᠳᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠡᠳ᠂ ᠯᠢᠶᠣᠤ ᠶᠢᠨ ᠳᠡᠭᠡᠳᠦ | ᠨᠡᠶᠢᠰᠯᠡᠯ ᠤᠨ ᠣᠷᠳᠣᠨ ᠤ ᠣᠨᠣᠪᠴᠢᠲᠠᠢ ᠣᠷᠣᠨ ᠪᠠᠶᠢᠷᠢ ᠪᠣᠯᠤᠨ ᠬᠡᠪᠴᠢᠶ᠎ᠡ ᠶᠢ ᠨᠤᠲᠠᠯᠠᠵᠤ᠂ ᠪᠤᠷᠬᠠᠨ ᠤ ᠱᠠᠰᠢᠨ ᠤ | ᠱᠤᠭᠤᠮᠠᠯ ᠬᠦᠷᠦᠭ᠂ ᠬᠢᠳᠠᠨ ᠦᠰᠦᠭ ᠤᠨ ᠬᠥᠰᠢᠶᠡᠨ ᠪᠢᠴᠢᠭ ᠤᠨ ᠦᠯᠡᠳᠡᠭᠳᠡᠯ ᠵᠡᠷᠭᠡ 2 ᠲᠦᠮᠡ ᠭᠠᠷᠤᠢ ᠬᠤᠪᠣᠷ | ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠢ ᠢᠯᠡᠷᠡᠭᠦᠯᠵᠦ᠂ ᠨᠡᠶᠢᠳᠡ 2500 ᠭᠠᠷᠤᠢ ᠪᠦᠯᠦᠭ ᠲᠠᠩᠰᠠ | ᠡᠪᠬᠡᠮᠡᠯ ᠤᠨ ᠮᠠᠲ᠋ᠧᠷᠢᠶᠠᠯ ᠢ ᠡᠮᠬᠢᠯᠡᠨ᠂ 20 ᠭᠠᠷᠤᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠵᠡᠢ᠃ 2013 | ᠣᠨ ᠳᠤ ᠯᠢᠶᠣᠤ ᠶᠢᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠷᠠᠭᠤᠨ ᠬᠦᠲᠦᠯ ᠤᠨ ᠰᠦᠮ᠎ᠡ ᠶᠢᠨ | ᠪᠠᠭᠤᠷᠢ ᠶᠢᠨ ᠬᠠᠭᠤᠴᠢ ᠰᠤᠳᠤᠯᠤᠯ ᠨᠢ ︽2012 ᠣᠨ ᠤ ᠪᠦᠬᠦ ᠤᠯᠤᠰ ᠤᠨ ᠬᠠᠭᠤᠴᠢ ᠰᠤᠳᠤᠯᠤᠯ ᠤᠨ ᠠᠷᠪᠠᠨ | ᠶᠡᠭᠡ ᠰᠢᠨ᠎ᠡ ᠢᠯᠡᠷᠡᠭᠦᠯᠦᠯᠲᠡ︾ ᠳᠤ ᠰᠤᠩᠭᠤᠭᠳᠠᠵᠠᠢ᠃ | 2017 ᠤᠨ ᠳᠤ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ | ᠰᠤᠳᠤᠯᠤᠯ ᠤᠨ ᠭᠠᠵᠠᠷ ᠪᠠᠭᠠᠷᠢᠨ ᠵᠡᠭᠦᠨ ᠬᠤᠰᠢᠭᠤᠨ ᠳᠤ ︽ᠭᠢᠳᠠᠨ ᠯᠢᠶᠤᠤ ᠶᠢᠨ ᠰᠤᠶᠤᠯ ᠤᠨ ᠬᠠᠭᠤᠴᠢ | ᠰᠤᠳᠤᠯᠤᠯ ᠤᠨ ᠰᠠᠭᠤᠷᠢᠨ︾ ᠢ ᠪᠠᠶᠢᠭᠤᠯᠵᠠᠢ᠃ ᠣᠶᠢᠯᠠᠭᠠᠭᠰᠠᠨ ᠢᠶᠠᠷ᠂ ᠪᠠᠭᠤᠷᠢ ᠶᠢᠨ ᠴᠡᠴᠡᠷᠯᠢᠭ ᠤᠨ ᠲᠦᠷᠦᠯ | ᠵᠦᠢᠯ ᠢ 2013 ᠣᠨ ᠤ 12 ᠰᠠᠷ᠎ᠠ ᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠠᠴᠠ | ᠵᠥᠪᠰᠢᠶᠡᠷᠡᠨ᠂ ᠣᠲᠣ ᠨᠢᠭᠡᠨᠲᠡ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠣᠭᠤᠷᠢᠭ ︵ᠯᠢᠶᠤᠤ ᠶᠢᠨ | ᠳᠡᠭᠡᠳᠦ ᠨᠡᠶᠢᠰᠯᠡᠯ ᠤᠨ ᠮᠦᠽᠧᠶ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠪᠠᠭᠲᠠᠨ᠎ᠠ︶᠂ ᠴᠡᠴᠡᠷᠯᠢᠭ ᠤᠨ | ᠭᠤᠤᠯ ᠡᠭᠦᠳᠡ ᠶᠢᠨ ᠲᠣᠭᠤᠷᠢᠭ ︵ᠴᠢᠶᠠᠨ ᠳ᠋ᠧ ᠮᠧᠨ ᠠᠭᠤᠳᠠᠮ ᠲᠠᠯᠠᠪᠠᠶ︶᠂ ᠬᠠᠭᠠᠨ ᠤ ᠬᠤᠲᠠ ᠶᠢᠨ | ᠪᠠᠭᠤᠷᠢ ᠶᠢᠨ ᠦᠵᠡᠭᠦᠯᠭᠡ ᠶᠢᠨ ᠲᠣᠭᠤᠷᠢᠭ ︵ᠬᠤᠲᠠ ᠶᠢᠨ ᠬᠡᠷᠡᠮ ᠳᠠᠭᠠᠭᠰᠠᠨ ᠦᠵᠡᠭᠦᠯᠭᠡ ᠶᠢᠨ ᠪᠦᠰᠡ ᠪᠠᠭᠲᠠᠨ᠎ᠠ︶ | ᠪᠣᠯᠤᠨ ᠪᠠᠷᠠᠭᠤᠨ ᠬᠤᠲᠠ ᠶᠢᠨ ᠬᠡᠷᠡᠮ ᠤᠨ ᠭᠠᠳᠠᠨᠠᠬᠢ ᠪᠦᠰᠡᠯᠢᠭ ᠴᠡᠴᠡᠷᠯᠢᠭ ︵ᠯᠢᠶᠤᠤ ᠶᠢᠨ ᠰᠣᠶᠣᠯ ᠤᠨ | ᠦᠵᠡᠭᠦᠯᠭᠡ ᠶᠢᠨ ᠲᠣᠭᠤᠷᠢᠭ᠂ ᠬᠠᠭᠤᠴᠢ ᠰᠤᠳᠤᠯᠤᠯ ᠬᠢᠭᠡᠳ ᠢᠯᠡᠷᠡᠭᠦᠯᠦᠯᠲᠡ ᠶᠢᠨ ᠠᠵᠢᠯᠯᠠᠭᠠᠨ ᠤ ᠲᠣᠭᠤᠷᠢᠭ᠂ | ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠣᠭᠤᠷᠢᠭ ᠪᠠᠭᠲᠠᠨ᠎ᠠ︶ ᠢ ᠪᠠᠶᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ᠂ ᠰᠤᠷᠭᠠᠨ ᠬᠥᠮᠦᠵᠢᠯ᠂ ᠰᠡᠯᠡᠭᠦᠴᠡᠯ ᠵᠢᠭᠤᠯᠴᠢᠯᠠᠯ᠂ ᠰᠣᠶᠣᠯ ᠵᠤᠭ᠎ᠠ ᠴᠡᠩᠭᠡᠯ ᠵᠡᠷᠭᠡ ᠤᠯᠠᠨ | ᠴᠢᠳᠠᠮᠵᠢ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠬᠤᠳᠠ ᠶᠢᠨ ᠰᠣᠶᠣᠯ ᠤᠨ ᠴᠡᠴᠡᠷᠯᠢᠭ | ᠪᠤᠯᠵᠤ᠂ ᠲᠤᠬᠠᠢ ᠶᠢᠨ ᠭᠠᠵᠠᠷ ᠤᠨ ᠰᠣᠶᠣᠯ ᠢᠷᠭᠡᠨᠰᠢᠯ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ | ᠰᠠᠶᠢᠵᠢᠷᠠᠭᠤᠯᠵᠤ᠂ ᠰᠣᠶᠣᠯ ᠵᠢᠭᠤᠯᠴᠢᠯᠠᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ ᠪᠤᠢ᠃ |