ᠮᠠᠨ ᠤ ᠤᠷᠤᠨ ᠳᠤ 36 ᠴᠢᠯᠠᠭᠤᠨ ᠠᠭᠤᠢ ᠶᠢᠨ ᠰᠦᠮ᠎ᠠ ᠪᠤᠢ
ᠨᠡᠶᠢᠲᠡᠯᠡᠭᠰᠡᠨ ᠴᠠᠭ᠄
2023/4/3
     ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠣᠷᠣᠨ ᠤ ᠳᠣᠲᠣᠷᠠᠬᠢ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ᠂ ᠲᠤᠰᠬᠠᠶ ᠪᠠᠶᠢᠴᠠᠭᠠᠬᠤ ᠳᠤᠭᠤᠶᠢᠯᠠᠩ ᠤᠨ ᠬᠥᠮᠦᠰ ᠢ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠲᠤᠰᠬᠠᠶ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠬᠢᠨᠠᠨ ᠬᠠᠷᠭᠤᠭᠤᠯᠵᠤ ᠰᠢᠯᠭᠠᠨ ᠠᠪᠬᠤ ᠬᠤᠷᠠᠯ ᠢ ᠬᠤᠷᠠᠯᠳᠤᠭᠤᠯᠪᠠ᠃      ᠲᠤᠰᠬᠠᠶ ᠮᠡᠷᠭᠡᠵᠢᠯᠲᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ  ︵ᠬᠠᠲᠠᠨ ᠰᠡᠶᠢᠯᠦᠮᠡᠯ ᠬᠥᠷᠥᠭ ᠢ ᠪᠠᠭᠲᠠᠭᠠᠨ᠎ᠠ︶ ᠶᠢᠨ ᠲᠤᠰᠬᠠᠶ ᠪᠠᠶᠢᠴᠠᠭᠠᠯᠲᠠ ᠶᠢᠨ ᠮᠡᠳᠡᠭᠦᠯᠦᠯᠲᠡ︾ ᠵᠢᠴᠢ ᠰᠠᠭᠤᠷᠢ ᠮᠠᠲ᠋ᠧᠷᠢᠶᠠᠯ ᠤᠨ ᠡᠮᠬᠢᠳᠭᠡᠯ ᠵᠡᠷᠭᠡ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠤᠰ ᠮᠡᠳᠡᠭᠦᠯᠦᠯᠲᠡ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠲᠣᠭᠲᠠᠭᠠᠭᠰᠠᠨ ᠵᠢᠱᠢᠶ᠎ᠡ ᠪᠠ ᠠᠭᠤᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠰᠠᠭᠤᠷᠢ ᠲᠤᠭ᠎ᠠ ᠶᠢ ᠦᠨᠳᠦᠰᠦᠨ ᠳᠡᠭᠡᠨ ᠲᠣᠳᠣᠷᠬᠠᠶ ᠣᠶᠢᠯᠠᠭᠠᠨ᠂ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠬᠯᠠᠵᠤ ᠪᠠᠶᠢᠭ᠎ᠠ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠲᠤᠭ᠎ᠠ ᠪᠠᠷᠢᠮᠲᠠ ᠨᠢ ᠨᠡᠯᠢᠶᠡᠳ ᠨᠠᠷᠢᠨ ᠪᠣᠳᠠᠲᠠᠶ᠂ ᠲᠠᠷᠠᠭᠠᠴᠢ ᠶᠢᠨ ᠠᠯᠬᠤᠮ ᠤᠨ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠬᠯᠠᠬᠤ ᠠᠵᠢᠯ ᠳᠤ ᠨᠡᠯᠢᠶᠡᠳ ᠰᠠᠶᠢᠨ ᠰᠠᠭᠤᠷᠢ ᠶᠢ ᠬᠠᠩᠭᠠᠭᠰᠠᠨ ᠪᠠᠶᠢᠨ᠎ᠠ ᠭᠡᠪᠡ᠃      2020 ᠣᠨ ᠤ 11 ᠰᠠᠷ᠎ᠠ ᠠᠴᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠴᠢᠯᠠᠭᠤᠨ ᠠᠭᠤᠶ ᠶᠢᠨ ᠰᠦᠮ᠎ᠡ ᠪᠠᠶᠢᠳᠠᠭ ᠬᠠᠮᠢᠶ᠎ᠠ ᠪᠥᠬᠦᠶ ᠠᠶᠢᠮᠠᠭ ᠬᠤᠲᠠ ᠶᠢᠨ ᠬᠢᠨ ᠢ ᠵᠣᠬᠢᠶᠠᠨ ᠪᠠᠶᠢᠭᠤᠯᠵᠤ 4 ᠰᠠᠷ᠎ᠠ ᠰᠢᠬᠠᠮ ᠤᠨ ᠴᠢᠯᠠᠭᠤᠨ ᠠᠭᠤᠶ ᠶᠢᠨ ᠰᠦᠮ᠎ᠡ ᠶᠢᠨ ᠲᠤᠰᠬᠠᠶ ᠪᠠᠶᠢᠴᠠᠭᠠᠯᠲᠠ ᠥᠷᠨᠢᠭᠦᠯᠵᠦ᠂ 2021 ᠣᠨ ᠤ 3 ᠰᠠᠷ᠎ᠠ ᠶᠢᠨ ᠰᠡᠭᠦᠯᠴᠢ ᠪᠠᠷ ᠬᠡᠭᠡᠷ᠎ᠡ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠠᠶᠢᠴᠠᠭᠠᠯᠲᠠ ᠪᠠᠷ ᠳᠠᠮᠵᠢᠨ᠂ ᠪᠥᠬᠦ ᠣᠷᠣᠨ ᠳᠤ ᠣᠲᠣ ᠬᠠᠳᠠᠭᠠᠯᠠᠭᠳᠠᠵᠤ ᠪᠠᠶᠢᠭ᠎ᠠ ᠴᠢᠯᠠᠭᠤᠨ ᠠᠭᠤᠶ ᠶᠢᠨ ᠰᠦᠮ᠎ᠡ ︵ᠬᠠᠲᠠᠨ ᠰᠡᠶᠢᠯᠦᠮᠡᠯ ᠬᠥᠷᠥᠭ ᠢ ᠪᠠᠭᠲᠠᠭᠠᠨ᠎ᠠ︶ 36 ᠪᠠᠶᠢᠵᠤ᠂ ᠡᠭᠦᠨ ᠳᠤ 3 ᠤᠯᠤᠰ ᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ 15 ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠶᠢᠵᠤ᠂ ᠭᠤᠤᠯᠳᠠᠭᠤ ᠬᠥᠬᠡᠬᠤᠲᠠ᠂ ᠪᠤᠭᠤᠲᠤ᠂ ᠣᠷᠳᠣᠰ ᠵᠡᠷᠭᠡ 8 ᠠᠶᠢᠮᠠᠭ ᠬᠤᠲᠠ ᠳᠤ ᠲᠠᠷᠬᠠᠵᠤ ᠪᠠᠶᠢᠳᠠᠭ ᠢ ᠢᠯᠡᠷᠡᠭᠦᠯᠵᠦ᠂ ᠡᠲᠡᠭᠡᠷ ᠴᠢᠯᠠᠭᠤᠨ ᠠᠭᠤᠶ ᠶᠢᠨ ᠰᠦᠮ᠎ᠡ ᠨᠢ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ᠂ ᠲᠡᠦᠬᠡᠨ ᠳᠠᠬᠢ ᠦᠨᠳᠦᠰᠦᠲᠡᠨ ᠤ ᠭᠠᠵᠠᠷ ᠣᠷᠣᠨ ᠪᠣᠯᠤᠨ ᠵᠦᠩᠶᠤᠸᠠᠨ ᠣᠷᠣᠨ ᠤ ᠣᠯᠠᠨ ᠤᠳᠠᠭ᠎ᠠ ᠶᠢᠨ ᠰᠣᠶᠣᠯ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠤᠰᠬᠠᠵᠤ᠂ ᠴᠢᠬᠤᠯᠠ ᠲᠡᠦᠬᠡ ᠶᠢᠨ ᠪᠠ ᠤᠷᠠᠯᠢᠭ ᠤᠨ ᠦᠨ᠎ᠡ ᠥᠷᠲᠡᠭ ᠲᠠᠢ᠂ ᠣᠯᠠᠨ ᠡᠰᠢᠲᠦ ᠨᠢᠭᠡ ᠴᠣᠭᠴᠠᠵᠢᠭᠰᠠᠨ ᠰᠢᠯᠢᠳᠡᠭ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号