ᠨᠠᠮ ᠤᠨ ᠳᠠᠭᠤᠨ ᠢ ᠳᠠᠮᠵᠢᠭᠤᠯᠤᠭᠴᠢ — ᠤᠯᠠᠭᠠᠨᠮᠥ᠋ᠴᠢᠷ ᠤᠨ ᠭᠡᠷᠡᠯ ᠬᠢᠯᠪᠠᠭ᠎ᠠ
ᠨᠡᠶᠢᠲᠡᠯᠡᠭᠰᠡᠨ ᠴᠠᠭ᠄
2023/4/3
    ᠬᠤᠰᠢᠭᠤ ᠤᠯᠠᠭᠠᠨᠮᠦ᠋ᠴᠢᠷ 1957 ᠣᠨ ᠳᠤ ᠪᠠᠶᠢᠭᠤᠯᠤᠭᠳᠠᠭᠰᠠᠨ ᠠᠴᠠ ᠪᠠᠨ ᠠᠪᠤᠭᠠᠳ᠂ ᠬᠦᠭᠡ ᠲᠡᠭᠷᠢ ᠪᠠᠷ ᠬᠥᠰᠢᠭᠡ ᠬᠢᠵᠦ᠂ ᠬᠦᠷᠦᠰᠦᠳᠦ ᠭᠠᠵᠠᠷ ᠢᠶᠠᠷ ᠲᠠᠪᠴᠠᠩ ᠪᠤᠯᠭᠠᠵᠤ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠦᠨᠳᠦᠰᠦᠨ ᠱᠠᠳᠤᠨ ᠤ ᠤᠯᠠᠨ ᠲᠦᠮᠡᠨ ᠳᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠵᠦ᠂ ᠨᠠᠮ ᠤᠨ ᠲᠠᠭᠤᠨ ᠪᠣᠯᠣᠨ ᠬᠠᠶᠢᠷ᠎ᠠ ᠬᠠᠯᠠᠮᠵᠢ ᠶᠢ ᠳᠠᠮᠵᠢᠭᠤᠯᠤᠨ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠤᠯᠤᠭᠠᠷᠠᠢ ᠭᠡᠰᠡᠨ ᠶᠡᠷᠦᠩᠭᠡᠢ ᠱᠦᠵᠢ ᠶᠢᠨ ᠨᠠᠶᠢᠳᠠᠯᠭ᠎ᠠ ᠪᠠᠷ ᠤᠷᠤᠭᠰᠢᠯᠠᠨ ᠳᠡᠮᠡᠴᠡᠵᠦ ᠶᠠᠪᠤᠭ᠎ᠠ ᠪᠢᠯᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠣᠷᠢᠭᠵᠢᠭᠤᠯᠤᠯ ᠳᠣᠣᠷ᠎ᠠ᠂ ᠳᠡᠳᠡ ᠦᠷᠭᠦᠯᠵᠢᠯᠡᠨ ︽ᠤᠬᠠᠭᠤᠯᠤᠨ ᠲᠠᠶᠢᠯᠪᠤᠷᠢᠯᠠᠬᠤ + ᠤᠳᠬ᠎ᠠ ᠤᠷᠠᠯᠢᠭ︾ ᠤᠨ ᠬᠡᠯᠪᠡᠷᠢ ᠪᠠᠷ ᠦᠨᠳᠦᠰᠦᠨ ᠱᠠᠲᠤᠨ ᠤ ᠤᠯᠠᠨ ᠲᠦᠮᠡᠨ ᠳᠤ ᠪᠠᠨ ᠦᠢᠯᠡᠴᠢᠯᠡᠵᠦ ᠪᠠᠶᠢᠨ᠎ᠠ᠃
      ᠰᠦᠨᠢᠳ ᠨᠤᠳᠤᠭ ᠤᠨ ᠦᠷᠭᠡᠨ ᠳᠠᠯ᠎ᠠ ᠳᠤ ᠠᠩᠬᠠᠨ ᠤ ᠴᠠᠰᠤ ᠪᠠᠭᠤᠵᠤ ᠡᠪᠦᠯ ᠤᠨ ᠬᠦᠢᠳᠡ ᠤᠷᠤᠭᠰᠠᠨ ᠴᠦ ᠂ ᠮᠠᠨ ᠤ ᠤᠯᠠᠭᠠᠨᠮᠦᠴᠢᠷ ᠤᠨ ᠭᠡᠰᠢᠬᠦᠳ ᠬᠦᠭᠵᠢᠮ ᠵᠢᠮᠰᠦᠭ ᠢᠶᠠᠨ ᠠᠪᠴᠤ ᠦᠨᠳᠦᠰᠦᠨ ᠱᠠᠳᠤᠨ ᠤ ᠤᠯᠠᠨ ᠲᠦᠮᠡᠨ ᠤ ᠳᠤᠮᠳᠠ ᠬᠦᠨᠵᠡᠭᠡᠶᠢᠷᠡᠬᠦ ᠠᠶᠠᠨ ᠢᠶᠠᠨ ᠵᠤᠭᠰᠤᠭ᠎ᠠ ᠦᠬᠡᠢ ᠪᠠᠶᠢᠯ᠎ᠠ᠃ ᠵᠢᠷᠦᠬᠡ ᠪᠠᠯᠭᠠᠰᠤᠨ ᠤ ᠰᠢᠨ ᠮᠢᠨ ᠨᠡᠶᠢᠭᠡᠮ ᠲᠣᠭᠤᠷᠢᠭ ᠤᠨ ᠬᠤᠩᠭᠤᠷᠠᠤᠪᠤᠭ᠎ᠠ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠤ ᠬᠦᠷᠢᠶᠡᠯᠡᠩ ᠳᠤ᠂ ᠲᠣᠰᠬᠤᠨ ᠤ ᠠᠷᠠᠳ ᠤᠳ ᠬᠠᠷᠠᠩᠭ᠎ᠠ ᠬᠡᠩᠭᠡᠷᠭᠡ ᠳᠡᠯᠡᠳᠴᠦ᠂ ᠥᠩᠭᠡᠲᠦ ᠳᠡᠪᠢᠭᠦᠷ ᠪᠠᠷᠢᠨ ᠶᠠᠩᠭᠠᠷ ᠪᠥᠵᠢᠭᠯᠡᠵᠦ᠂ ᠪᠠᠶᠠᠷ ᠬᠦᠷ ᠢᠶᠠᠷ ᠪᠢᠯᠬᠠᠨ᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠤᠶᠠᠩᠭᠠᠳᠤ ᠳᠠᠭᠤᠤ ᠤᠯᠠᠭᠠᠨᠮᠦ᠋ᠴᠢᠷ ᠤᠨ ᠳᠠᠭᠤᠴᠢᠳ ᠤᠨ ᠴᠠᠩᠭᠢᠨᠠᠮ᠎ᠠ ᠬᠤᠭᠤᠯᠠᠢ ᠪᠠᠷ ᠠᠷᠠᠳ ᠤᠯᠠᠨ ᠤ ᠰᠤᠨᠤᠰᠬᠠᠯ ᠳᠤ ᠬᠦᠷᠴᠦ ᠰᠡᠳᠬᠢᠯ ᠢ ᠳᠤᠭᠳᠤᠯᠤᠭᠤᠯᠤᠨ᠎ᠠ᠃
  ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ᠂ ︽ᠪᠠᠶᠠᠷ ᠪᠠᠭᠳᠤᠯ᠂ ᠪᠤᠯᠪᠠᠰᠤᠨ ᠢ ᠬᠦᠷᠭᠡᠭᠦ︾ ᠤᠯᠠᠭᠠᠨᠮᠦ᠋ᠴᠢᠷ ᠤᠨ ᠦᠨᠳᠦᠰᠦᠨ ᠱᠠᠳᠤᠨ ᠳᠠᠬᠢ ᠲᠦᠪᠯᠡᠷᠡᠬᠦᠯᠦᠨ ᠦᠢᠯᠡᠴᠢᠯᠡᠬᠦ ᠠᠵᠢᠯᠯᠠᠭ᠎ᠠ ᠨᠢ ᠤᠷᠠᠨ ᠰᠠᠶᠢᠬᠠᠨ ᠤ ᠳᠤᠭᠯᠠᠯᠳᠠ᠂ ᠰᠠᠶᠢᠨ ᠳᠤᠷ᠎ᠠ ᠶᠢᠨ ᠦᠢᠯᠡᠴᠢᠯᠡᠭᠡ᠂ ︽ᠤᠯᠠᠭᠠᠨᠮᠥ᠋ᠴᠢᠷ +︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠡᠷᠭᠡ ᠤᠯᠠᠨ ᠬᠡᠯᠪᠡᠷᠢ ᠪᠠᠷ ᠶᠠᠪᠤᠭᠳᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠳᠤ ᠤᠶᠢᠯᠠᠭᠠᠭᠤᠯᠤᠨ᠂ ᠳᠤᠰᠬᠤᠨ ᠤ ᠠᠷᠠᠳ ᠲᠤ ︽ᠤᠶᠤᠨ ᠤ ᠰᠢᠮ᠎ᠡ︾ ᠬᠦᠷᠳᠡᠭᠡᠯ᠎ᠡ᠃ ᠡᠭᠦᠨ ᠠᠴᠠ ᠭᠠᠳᠠᠨ᠎ᠠ ᠪᠠᠰᠠ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭᠠᠳᠤ ᠬᠤᠷᠠᠯ ᠠᠴᠠ ᠳᠤᠰ ᠳᠤᠰ ᠠᠯᠪᠠᠨ ᠵᠢᠷᠤᠮ ᠤᠨ ᠡᠮᠴᠢᠯᠡᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ᠂ ᠭᠡᠷ ᠳᠤᠳᠤᠷᠠᠬᠢ ᠣᠲᠤᠭ᠎ᠠ ᠮᠡᠳᠡᠷᠡᠬᠦ ᠭᠠᠯ ᠤᠨ ᠭᠠᠮᠰᠢᠭ ᠢ ᠬᠠᠶᠢᠨ ᠬᠡᠮᠵᠢᠬᠦ ᠰᠡᠷᠡᠮᠵᠢ ᠶᠢᠨ ᠳᠣᠬᠢᠶᠠᠨ ᠤ ᠮᠠᠰᠢᠨ ᠤᠭᠰᠠᠷᠠᠬᠤ ᠵᠡᠷᠭᠡ ᠦᠢᠯᠡᠴᠢᠯᠡᠭᠡ ᠬᠦᠷᠭᠡᠨ᠂ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠦᠰᠦ ᠵᠠᠰᠠᠵᠤ ᠦᠭᠬᠦ ᠵᠡᠷᠭᠡ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠨᠢ ᠲᠣᠰᠬᠤᠨ ᠤ ᠠᠷᠠᠳ ᠤᠨ ᠬᠦᠷᠢᠶᠡᠯᠡᠯ ᠢ ᠤᠯᠵᠠᠢ᠃
 ᠣᠶᠢᠯᠠᠭᠠᠭᠰᠠᠨ ᠢᠶᠠᠷ᠂ ︽ᠤᠯᠠᠭᠠᠨᠮᠥ᠋ᠴᠢᠷ +︾ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡ ᠨᠢ ᠬᠤᠰᠢᠭᠤ ᠤᠯᠠᠭᠠᠨᠮᠥ᠋ᠴᠢᠷ ᠤᠨ ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠷ ᠤᠳᠤᠷᠢᠳᠤᠮᠵᠢ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠳᠠᠪᠠᠭᠤᠯᠢᠭ ᠢ ᠨᠡᠶᠢᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠠᠢ ᠨᠢᠭᠲᠠ ᠵᠣᠯᠭᠠᠭᠤᠯᠵᠤ᠂ ᠤᠨᠤᠯ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠵᠡᠷᠭᠡ ᠪᠣᠯᠪᠠᠰᠤᠨ ᠦᠢᠯᠡᠳᠦᠯᠭᠡ ᠶᠢᠨ ᠲᠦᠷᠦᠯ ᠵᠦᠢᠯ ᠤᠨ ᠲᠣᠭᠤᠷᠢᠨ ᠳᠤ ᠦᠢᠯᠡᠴᠢᠯᠡᠭᠡ ᠥᠷᠨᠢᠭᠦᠯᠵᠦ᠂ ᠰᠥᠨᠢᠳ ᠤᠨ ᠲᠠᠯ᠎ᠠ ᠨᠤᠲᠤᠭ ᠤᠨ ᠭᠡᠷᠡᠯ ᠰᠠᠴᠤᠷᠠᠩᠭᠤᠢ ᠨᠡᠷ᠎ᠡ ᠶᠢᠨ ᠬᠠᠭᠤᠳᠠᠰᠤ ᠪᠤᠯᠤᠭᠰᠠᠨ ᠪᠠᠶᠢᠨ᠎ᠠ᠃  
   ᠬᠤᠰᠢᠭᠤ ᠤᠯᠠᠭᠠᠨᠮᠥ᠋ᠴᠢᠷ ᠨᠠᠮ ᠤᠨ ᠲᠠᠭᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠣᠯᠠᠨ ᠲᠦᠮᠡᠨ ᠳᠤ ᠦᠢᠯᠡᠴᠢᠯᠡᠬᠦ ᠬᠠᠷᠢᠭᠤᠴᠠᠯᠭ᠎ᠠ ᠶᠢ ᠡᠪᠦᠷᠯᠡᠨ᠂ ᠦᠨᠳᠦᠰᠦᠨ ᠱᠠᠲᠤᠨ ᠳᠤ ᠪᠠᠭᠤᠵᠤ ᠪᠣᠯᠪᠠᠰᠤᠨ ᠪᠠ ᠬᠠᠶᠢᠷ᠎ᠠ ᠬᠠᠯᠠᠮᠵᠢ ᠬᠦᠷᠭᠡᠵᠦ᠂ ᠨᠠᠮ ᠤᠨ ᠳᠠᠭᠤᠨ ᠢ ᠳᠠᠮᠵᠢᠭᠤᠯᠬᠤ ᠡᠭᠦᠷᠭᠡ ᠪᠠᠨ ᠳᠡᠭᠦᠰ ᠰᠠᠶᠢᠬᠠᠨ ᠪᠡᠶᠡᠯᠡᠬᠦᠯᠵᠦ ᠶᠠᠪᠤᠨ᠎ᠠ᠃ ᠪᠦᠬᠦ ᠤᠯᠤᠰ ᠤᠨ ᠤᠤᠭᠠᠨ ᠤᠯᠠᠭᠠᠨᠮᠥ᠋ᠴᠢᠷ ᠪᠣᠯᠤᠭᠰᠠᠨ ᠤ ᠬᠤᠪᠢ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠦᠢᠯᠡᠳᠦᠯᠭᠡᠵᠢᠭᠦᠯᠵᠦ᠂ ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠥᠨᠢ ᠡᠭᠦᠷᠢᠳᠡ ᠠᠷᠠᠳ ᠲᠦᠮᠡᠨ ᠳᠤ ᠦᠢᠯᠡᠴᠢᠯᠡᠵᠦ᠂ ᠥᠨᠢ ᠡᠭᠦᠷᠢᠳᠡ ᠠᠷᠠᠳ ᠲᠦᠮᠡᠨ ᠤ ᠲᠥᠯᠥᠭᠡ ᠳᠠᠭᠤᠯᠠᠵᠤ᠂ ᠤᠯᠠᠭᠠᠨᠮᠦᠴᠢᠷ ᠤᠨ ᠲᠤᠭ ᠢ ᠡᠬᠡ ᠤᠯᠤᠰ ᠤᠨ ᠤᠮᠠᠷᠠᠲᠤ ᠬᠢᠯᠢ ᠳᠤ ᠡᠭᠦᠷᠢᠳᠡ ᠨᠠᠮᠢᠷᠠᠭᠤᠯᠬᠤ ᠡᠭᠦᠷᠢᠳᠡ ᠶᠢᠨ ᠵᠤᠷᠢᠯᠳᠠ ᠪᠠᠷ ᠢᠶᠠᠨ ᠡᠷᠡᠮᠡᠭᠡᠶᠢᠯᠡᠨ ᠤᠷᠤᠭᠰᠢᠯᠠᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号