ᠡᠷᠴᠢ ᠵᠣᠷᠢᠭ ᠢᠶᠠᠨ ᠬᠥᠪᠴᠢᠯᠡᠵᠦ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠶ᠎ᠡ
ᠨᠡᠶᠢᠲᠡᠯᠡᠭᠰᠡᠨ ᠴᠠᠭ᠄
2023/4/4
     — ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ ᠨᠢ      ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠬᠤᠶᠢᠰᠢᠳᠠ ᠶᠢᠨ ᠲᠠᠪᠤᠨ ᠵᠢᠯ ᠪᠠ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠢᠲᠡᠭᠡᠯ ᠢ ᠨᠡᠮᠡᠭᠳᠡᠭᠦᠯᠵᠦ᠂ ᠵᠣᠷᠢᠭ ᠢ ᠬᠥᠪᠴᠢᠯᠡᠪᠡ᠃ᠵᠢᠷᠤᠭ ᠲᠦᠰᠦᠪ ᠨᠢᠭᠡᠨᠳᠡ ᠲᠤᠳᠤᠷᠬᠠᠢ ᠪᠤᠯᠵᠤ᠂ ᠠᠰᠢᠬᠳᠠᠢ ᠨᠦᠬᠦᠴᠡᠯ ᠢ ᠠᠰᠢᠬᠯᠠᠨ ᠬᠦᠴᠢᠷ ᠢ ᠰᠦᠷᠦᠨ ᠤᠷᠤᠭᠰᠢᠯᠠᠬᠤ ᠴᠠᠭ ᠪᠤᠯᠵᠠᠢ︔ ᠬᠦᠨᠳᠦ ᠬᠠᠷᠢᠭᠤᠴᠠᠯᠭ᠎ᠠ ᠮᠥᠷᠥᠨ ᠲᠡᠭᠡᠷ᠎ᠠ ᠲᠠᠯᠪᠢᠭᠳᠠᠵᠤ ᠪᠤᠢ᠂ ᠬᠤᠷᠳᠤᠨ ᠮᠤᠷᠢ ᠪᠠᠨ ᠲᠠᠰᠢᠭᠤᠷᠳᠠᠬᠤ ᠴᠢᠬᠤᠯᠠᠲᠠᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠵᠤ᠂ ᠬᠦᠬᠡᠬᠡᠵᠤ ᠭᠦᠢᠴᠡᠬᠦ ᠢᠳᠡᠭᠡᠯ ᠲᠠᠢ ᠡᠷᠴᠢ ᠵᠣᠷᠢᠭ ᠢᠶᠠᠨ ᠬᠥᠪᠴᠢᠯᠡᠨ᠂ ᠴᠠᠭ ᠮᠥᠴᠡ ᠲᠠᠢ ᠤᠷᠤᠯᠳᠤᠨ᠂ ᠥᠷᠯᠥᠭᠡ ᠦᠳᠡᠰᠢ ᠶᠢ ᠲᠡᠮᠡᠴᠡᠨ᠂ ᠬᠠᠷᠠᠯᠲᠠ ᠵᠦᠭ ᠢᠶᠠᠨ ᠡᠷᠡᠯᠭᠡᠭᠯᠡᠨ ᠤᠷᠤᠭᠰᠢᠯᠠᠵᠤ᠂ ᠬᠥᠭᠵᠢᠯᠲᠡ ᠶᠢᠨ ᠬᠤᠷᠳᠤᠴᠠ ᠪᠠᠨ ᠲᠦᠷᠭᠡᠳᠭᠡᠵᠦ᠂ ᠲᠥᠯᠥᠪᠵᠢᠭᠦᠯᠭᠡ ᠶᠢᠨ ᠵᠢᠷᠤᠭ ᠢ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠵᠤ᠂ ᠴᠠᠭ ᠤᠨ ᠬᠦᠰᠦᠨᠦᠭᠲᠦ ᠶᠢ ᠵᠠᠮ ᠤᠨ ᠬᠦᠰᠦᠨᠦᠭᠲᠦ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃      ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠬᠦ ᠳᠤ᠂ ᠡᠷᠬᠡᠪᠰᠢ ︽ᠬᠦᠯᠢᠶᠡᠵᠦ ᠦᠯᠦ ᠪᠤᠯᠬᠤ︾ ᠲᠤᠯᠭᠠᠮ ᠪᠤᠳᠤᠯ ᠪᠣᠯᠤᠨ ︽ᠤᠳᠠᠭᠠᠰᠢᠷᠠᠵᠤ ᠦᠯᠦ ᠪᠤᠯᠬᠤ︾ ᠲᠦᠭᠰᠢᠭᠦᠷᠢᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ ᠤᠳᠤ ᠰᠢᠨ᠎ᠡ ᠠᠵᠤ ᠦᠢᠯᠡᠰ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠵᠠᠯᠭᠠᠭ᠎ᠠ ᠵᠠᠯᠭᠠᠭ᠎ᠠ ᠪᠠᠷ ᠢᠯᠡᠷᠡᠵᠦ᠂ ᠪᠦᠲᠦᠴᠡ ᠶᠢ ᠲᠤᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠨᠢ ᠬᠠᠷᠢᠯᠴᠠᠨ ᠬᠡᠯᠬᠢᠶᠡᠷᠡᠯᠳᠤᠵᠦ᠂ ᠲᠦᠷᠦ ᠶᠢᠨ ᠪᠤᠳᠤᠯᠭ᠎ᠠ ᠶᠢ ᠭᠤᠶᠤᠴᠢᠯᠠᠬᠤ᠂ ᠲᠦᠷᠦᠯ ᠵᠦᠢᠯ ᠢ ᠡᠷᠢᠯᠬᠢᠯᠡᠬᠦ᠂ ᠠᠷᠠᠯᠵᠢᠶᠠᠴᠢᠨ ᠤᠷᠢᠬᠤ ᠳᠤ ᠴᠤ ᠲᠡᠷᠡ᠂ ᠡᠰᠡᠬᠦᠯ᠎ᠡ ᠠᠰᠠᠭᠤᠳᠠᠯ ᠢ ᠠᠳᠬᠤᠬᠤ᠂ ᠪᠤᠭᠤᠮᠳᠠ ᠰᠢᠪᠳᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠴᠦ ᠲᠡᠷᠡ᠂ ᠭᠠᠭᠴᠠ ᠬᠦ ᠠᠵᠢᠯ ᠢᠶᠠᠨ ᠡᠬᠢᠯᠡᠭᠦᠯᠵᠦ᠂ ᠲᠦᠷᠭᠡᠳᠭᠡᠨ ᠠᠬᠢᠭᠤᠯᠪᠠᠯ ᠰᠠᠶ᠋ᠢ ᠬᠦᠴᠢᠷ ᠪᠡᠷᠭᠡ ᠶᠢ ᠲᠤᠭᠤᠯᠤᠨ ᠵᠣᠷᠢᠭᠲᠠᠢ ᠳᠠᠪᠠᠵᠤ᠂ ᠬᠦᠬᠡᠬᠡᠨ ᠭᠦᠢᠴᠡᠵᠦ ᠴᠢᠳᠠᠨ᠎ᠠ᠃ ᠥᠨᠥᠳᠦᠷ ᠣᠷᠦ᠋ᠢᠳᠠᠯ᠎ᠠ ᠬᠡᠰᠡᠨ ᠴᠦ ᠡᠷᠲᠡ ᠳᠡᠭᠡᠨ ᠲᠤᠭᠠᠴᠠᠭᠳᠠᠵᠤ ᠮᠠᠷᠭᠠᠰᠢ ᠡᠷᠲᠡᠯᠡᠭᠰᠡᠨ ᠴᠦ ᠤᠷᠦ᠋ᠢᠳᠠᠭᠰᠠᠨ ᠳᠠᠭᠠᠨ ᠲᠤᠭᠠᠴᠠᠭᠳᠠᠨ᠎ᠠ᠃ ︽ᠲᠦᠷᠭᠡᠨ︾ ᠪᠠ ︽ᠭᠦᠶᠦᠬᠦ︾᠎ ᠶᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠪᠠᠯ ᠪᠢᠳᠡ ᠳᠠᠷᠪᠠᠭᠤᠯ ᠬᠡᠶᠢᠰᠭᠡᠨ ᠦᠷᠢᠰᠦᠯᠳᠦᠨ ᠤᠷᠤᠭᠰᠢᠯᠠᠬᠤ᠂ ᠰᠠᠯᠬᠢ ᠳᠠᠪᠠᠯᠭᠠᠨ ᠢ ᠰᠦᠷᠦᠨ ᠤᠷᠤᠭᠰᠢᠯᠠᠬᠤ ᠰᠢᠨ᠎ᠡ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠪᠠᠨ ᠲᠦᠷᠭᠡᠳᠭᠡᠵᠦ᠂ ᠳᠠᠪᠠᠭᠤᠯᠢᠭ ᠢᠶᠠᠨ ᠪᠠᠳᠠᠷᠠᠭᠤᠯᠵᠤ ᠴᠢᠳᠠᠨ᠎ᠠ᠃      ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠬᠦ ᠳᠤ᠂ ᠡᠷᠬᠡᠪᠰᠢ ᠨᠢᠭᠡ ᠯᠡ ᠠᠮᠢᠰᠬᠤᠭ᠎ᠠ ᠪᠠᠷ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ᠂ ᠵᠢᠳᠭᠦᠯ ᠴᠢᠷᠮᠠᠶᠢᠯᠭ᠎ᠠ ᠭᠠᠷᠭᠠᠬᠤ ᠲᠤᠷ᠎ᠠ ᠦᠭᠡᠢ ᠬᠤᠶᠢᠷᠭᠤ ᠴᠢᠨᠠᠷ ᠢ ᠡᠷᠡᠰ ᠲᠡᠪᠴᠢᠵᠦ᠂ ᠠᠰᠠᠭᠤᠳᠠᠯ ᠪᠠ ᠬᠦᠴᠢᠷᠳᠡᠯ ᠳᠤ ᠲᠤᠯᠭᠠᠷᠠᠪᠠᠯ ᠬᠤᠶᠢᠰᠢ ᠰᠠᠭᠤᠬᠤ ᠬᠤᠶᠢᠷᠭᠤ ᠵᠠᠩ ᠢ ᠡᠷᠡᠰ ᠲᠡᠪᠴᠢᠵᠦ᠂ ︽ᠬᠠᠷᠭᠤᠬᠰᠠᠨ ᠲᠠᠶᠢᠰᠤᠨ ᠢᠶᠠᠨ ᠵᠠᠪᠠᠯ ᠢᠯᠠᠬᠤ︾ ᠣᠪᠣᠷ ᠢᠶᠠᠷ ᠰᠢᠷᠦᠭᠦᠨ ᠥᠷᠢᠰᠥᠯᠳᠦᠭᠡᠨ ᠳᠤ ᠣᠷᠣᠯᠴᠠᠵᠤ᠂ ᠲᠡᠮᠡᠴᠡᠯ ᠤᠨ ᠡᠷᠴᠢ ᠵᠣᠷᠢᠭ᠂ ᠱᠠᠯᠠᠪᠳᠠᠨ ᠵᠠᠪᠳᠤᠬᠤ ᠠᠶᠢᠵᠠᠮ ᠢᠶᠠᠷ ᠤᠷᠤᠭᠰᠢᠯᠠᠬᠤ ᠬᠡᠷᠡᠭᠲᠡᠢ᠃ ᠡᠷᠬᠡᠪᠰᠢ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠪᠠᠷ ᠪᠠᠭᠠᠲᠤᠷ ᠢ ᠦᠨᠡᠯᠡᠵᠦ᠂ ᠪᠣᠳᠠᠲᠤ ᠠᠮᠵᠢᠯᠲᠠ ᠪᠠᠷ ᠭᠠᠪᠢᠶ᠎ᠠ ᠤᠰᠤᠯ ᠢ ᠲᠡᠮᠳᠡᠭᠯᠠᠵᠤ᠂ ᠠᠵᠢᠯ ᠬᠢᠬᠦ ᠳᠤ ᠶᠠᠪᠤᠴᠠ ᠶᠢ ᠦᠵᠡᠬᠦ ᠪᠠᠷ ᠪᠠᠷᠠᠬᠤ ᠦᠬᠡᠢ ᠨᠡᠩ ᠴᠤ ᠦᠷ᠎ᠡ ᠳ᠋ᠦᠩ ᠢ ᠨᠢ ᠦᠵᠡᠬᠦ ᠬᠡᠷᠡᠭᠲᠡᠢ᠂ ︽ᠦᠩᠭᠡ ᠶᠢᠨ ᠴᠡᠴᠡᠭ ᠮᠢᠷᠠᠯᠵᠠᠨ ᠲᠡᠯᠭᠡᠷᠡᠭᠡᠳ ᠦᠷ᠎ᠡ ᠵᠢᠮᠢᠰ ᠰᠠᠭᠤᠬᠤ ᠦᠬᠡᠢ︾ ᠪᠠᠶᠢᠵᠤ ᠪᠣᠯᠬᠤ ᠦᠭᠡᠢ᠃ ᠡᠷᠬᠡᠪᠰᠢ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠭᠡᠬᠦ︾ ᠱᠠᠭᠠᠷᠳᠠᠯᠭ᠎ᠠ ᠶᠣᠰᠣᠭᠠᠷ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ᠂ ᠬᠢᠲᠤᠭᠠᠨ ᠤ ᠢᠷ ᠢ ᠳᠣᠲᠣᠭᠰᠢ ᠬᠠᠨᠳᠤᠭᠤᠯᠬᠤ ᠰᠥᠰᠥ ᠵᠣᠷᠢᠭ ᠢᠶᠠᠷ ᠰᠤᠷᠲᠠᠯ ᠤᠨ ᠬᠡᠮ ᠰᠣᠭᠤᠭ ᠢ ᠳᠠᠷᠤᠶ ᠲᠦᠷᠭᠡᠨ ᠠᠷᠢᠯᠭᠠᠵᠤ᠂ ᠪᠥᠬᠦ ᠣᠷᠣᠨ ᠤ ᠳᠡᠭᠡᠷ᠎ᠠ ᠳᠤᠤᠷ᠎ᠠ ᠱᠠᠲᠤᠨ ᠤ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠭᠦᠢᠴᠡᠳ ᠬᠥᠭᠵᠢᠭᠡᠬᠦ ᠬᠡᠷᠡᠭᠲᠡᠶ᠃      ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠬᠦ ᠳᠤ ᠵᠠᠩᠭᠢᠯᠠᠭ᠎ᠠ ᠨᠢ ᠺᠠᠳ᠋ᠷ ᠢ ᠦᠵᠡᠵᠦ᠂ ᠺᠠᠳ᠋ᠷ ᠤᠨ ᠪᠠᠶᠢᠳᠠᠯ᠂ ᠡᠷᠴᠢ ᠵᠣᠷᠢᠭ ᠪᠣᠯᠤᠨ ᠰᠤᠷᠲᠠᠯ ᠢ ᠦᠵᠡᠨ᠎ᠡ᠃ ᠵᠣᠷᠢᠭᠲᠠᠢ ᠪᠠᠷ ᠠᠰᠠᠭᠤᠳᠠᠯ ᠢ ᠬᠦᠴᠦᠯᠡᠨ ᠰᠢᠢᠳᠪᠦᠷᠢᠯᠡᠪᠡᠯ ᠰᠠᠶ᠋ᠢ ᠦᠨᠡᠨ ᠬᠠᠷᠢᠭᠤᠴᠠᠯᠭ᠎ᠠ ᠡᠭᠦᠷᠭᠡᠯᠡᠵᠦ ᠴᠢᠳᠠᠨ᠎ᠠ᠂ ᠬᠦᠴᠢᠷ ᠪᠡᠷᠬᠡᠰᠢᠶᠡᠯ ᠤᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠪᠡᠯ ᠰᠠᠶ᠋ᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠣᠳᠣᠬᠠᠨ ᠳᠤ᠂ ᠮᠠᠨ ᠤ ᠣᠷᠣᠨ ᠤ ᠬᠥᠭᠵᠢᠯᠲᠡ ᠳᠤ ᠪᠠᠰᠠ ᠴᠥᠭᠡᠨ ᠪᠤᠰᠤ ᠪᠡᠷᠬᠡ ᠪᠣᠭᠤᠮᠲᠠ ᠶᠢ ᠲᠤᠭᠤᠯᠬᠤ ᠬᠡᠷᠡᠭᠲᠡᠢ᠂ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠭᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠠᠷᠢᠯᠭᠠᠬᠤ ᠳᠤ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠪᠣᠳᠠᠲᠠᠢ ᠠᠵᠢᠯᠯᠠᠭ᠎ᠠ ᠠᠪᠬᠤ ᠭᠡᠷᠡᠭᠳᠠᠢ᠃ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠱᠠᠲᠤᠨ ᠳᠤ ᠣᠷᠣᠬᠤ ᠲᠤᠳᠤᠮ ᠂ ᠤᠯᠠᠮ ᠢᠯᠡᠭᠦᠦ ᠦᠷᠭᠦᠯᠵᠢᠯᠡᠨ ᠬᠦᠴᠦᠯᠡᠵᠦ᠂ ᠠᠯᠬᠤᠮ ᠠᠯᠬᠤᠮ ᠢᠶᠠᠷ ᠦᠷ᠎ᠠ ᠪᠦᠳᠤᠮᠵᠢ ᠭᠠᠷᠭᠠᠬᠤ ᠭᠡᠷᠡᠭᠳᠠᠢ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠴᠠᠭ ᠦᠶ᠎ᠡ ᠪᠣᠯᠬᠤ ᠲᠤᠳᠤᠮ ᠤᠯᠠᠮ ᠨᠠᠷᠢᠨ ᠬᠢᠨᠠᠮᠠᠭᠠᠢ ᠤᠷᠤᠵᠤ ᠬᠠᠲᠠᠭᠤ ᠲᠠᠢ ᠨᠢ ᠬᠠᠯᠳᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠪᠢᠳᠡ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ︽ᠰᠶᠢᠳᠪᠦᠷᠢᠯᠡᠬᠦ ᠰᠡᠳᠭᠢᠬᠦᠢ︾᠎ ᠪᠠᠨ ᠴᠢᠩᠭᠠᠳᠬᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠢ ᠲᠠᠪᠠᠭ᠋ᠤ ᠵᠠᠮ ᠢ ᠵᠣᠷᠢᠭᠲᠠᠢ ᠡᠷᠢᠵᠦ᠂ ᠶᠠᠪᠤᠳᠠᠯ ᠤᠴᠢᠷ ᠢ ᠵᠥᠪᠬᠡᠨ ᠰᠠᠶᠢᠲᠤᠷ ᠬᠢᠬᠦ ᠪᠠᠷ ᠠᠷᠭ᠎ᠠ ᠰᠦᠪᠡᠭᠴᠢᠯᠡᠬᠦ ᠠᠴᠠ ᠪᠢᠰᠢ᠂ ᠬᠢᠬᠦ ᠦᠭᠡᠢ ᠪᠠᠶᠢᠬᠤ ᠰᠢᠯᠲᠠᠭ ᠡᠷᠢᠵᠤ ᠪᠤᠯᠬᠤ ᠦᠬᠡᠢ᠂ ᠪᠣᠯᠤᠯᠴᠠᠭ᠎ᠠ ᠦᠭᠡᠢ ᠵᠦᠢᠯ ᠢ ᠪᠤᠯᠤᠯᠴᠠᠭ᠎ᠠ ᠲᠠᠢ ᠪᠤᠯᠭᠠᠬᠤ ᠭᠡᠷᠡᠭᠳᠠᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠢᠵᠦ᠂ ᠲᠦᠷᠦᠭᠦᠯᠡᠨ ᠭᠠᠪᠰᠢᠭᠠᠶᠢᠯᠠᠵᠤ᠂ ᠤᠳᠤᠷᠢᠳᠬᠤ ᠺᠠᠳ᠋ᠷᠴᠤᠳ ᠮᠠᠩᠯᠠᠶᠢᠯᠠᠬᠤ ᠪᠠᠷ ᠪᠦᠬᠦ ᠨᠡᠶᠢᠭᠡᠮ ᠤᠨ ︽ᠲᠦᠮᠡᠨ ᠠᠬᠳᠠ ᠶᠢᠨ ᠲᠦᠪᠡᠷᠬᠡᠨ︾᠎ ᠢ ᠳᠠᠶᠢᠴᠢᠯᠠᠬᠤ ᠬᠡᠷᠡᠭᠲᠡᠢ᠃      ᠰᠢᠨ᠎ᠡ ᠠᠶᠠᠨ ᠤ ᠬᠡᠬᠡᠨ ᠰᠠᠷᠠᠭᠤᠯ ᠠᠯᠤᠰ ᠢᠷᠡᠭᠡᠳᠦᠢ ᠬᠥᠮᠦᠰ ᠢ ᠡᠷᠡᠯᠬᠡᠭᠯᠡᠨ ᠤᠷᠤᠭᠰᠢᠯᠠᠭᠤᠯᠵᠤ᠂ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠵᠢᠷᠤᠭ ᠲᠥᠰᠦᠪ ᠬᠥᠮᠦᠰ ᠢ ᠤᠷᠮᠠᠰᠢᠭᠤᠯᠤᠨ ᠵᠤᠷᠢᠭᠵᠢᠭᠤᠯᠵᠤ ᠪᠠᠶᠢᠨ᠎ᠠ ᠃ ᠥᠪᠥᠷ ᠮᠣᠩᠭᠤᠯ ᠢ ᠨᠡᠩ ᠲᠦᠷᠭᠡᠨ ᠨᠡᠩ ᠰᠠᠶᠢᠨ ᠬᠥᠭᠵᠢᠭᠦᠯᠦᠶ᠎ᠡ ᠭᠡᠪᠡᠯ ᠳᠥᠭᠦᠮ ᠠᠷᠭ᠎ᠠ ᠭᠡᠵᠦ ᠪᠠᠶᠢᠬᠤ ᠦᠭᠡᠢ ᠂ ᠭᠠᠭᠴᠠ ᠬᠦ ᠲᠦᠷᠭᠡᠨ ᠬᠢᠵᠦ ᠶᠡᠭᠡ ᠪᠠᠷ ᠬᠢᠵᠦ᠂ ᠰᠢᠷᠭᠠᠭᠤ ᠠᠵᠢᠯᠯᠠᠵᠤ ᠪᠣᠳᠠᠲᠠᠢ ᠬᠢᠬᠦ ᠯᠠ ᠬᠡᠷᠡᠭᠲᠡᠢ᠃ ᠪᠢᠳᠡ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠢᠳᠬᠦᠯ ᠴᠢᠷᠮᠠᠶᠢᠯᠭ᠎ᠠ ᠭᠠᠷᠭᠠᠵᠤ᠂ ᠬᠦᠨᠳᠦ ᠡᠭᠦᠷᠭᠡ ᠶᠢ ᠡᠭᠦᠷᠭᠡᠯᠡᠵᠦ᠂ ᠤᠮᠤᠭ ᠪᠠᠳᠠᠷᠠᠩᠭᠤᠢ ᠡᠷᠡᠯᠬᠡᠭᠯᠡᠨ ᠴᠢᠷᠮᠠᠶᠢᠵᠤ᠂ ᠵᠤᠷᠢᠭᠲᠠᠢ ᠤᠷᠤᠭᠰᠢᠯᠠᠵᠤ᠂ ᠨᠡᠩ ᠪᠣᠳᠠᠲᠠᠢ ᠰᠤᠷᠲᠠᠯ ᠢᠶᠠᠷ ᠠᠵᠢᠯ ᠬᠢᠵᠦ ᠦᠢᠯᠡᠰ ᠪᠦᠳᠦᠭᠡᠵᠦ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠶᠡᠭᠡ ᠬᠥᠭᠵᠢᠯᠲᠡ᠂ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ ᠤᠨ ᠳᠤᠮᠳᠠ ᠲᠦᠪᠰᠢᠨ ᠳᠤ ᠬᠦᠷᠭᠡᠬᠦ ᠬᠠᠷᠠᠯᠲᠠ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号