ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠲᠣᠮᠣ ᠣᠷᠣᠨ ᠠᠴᠠ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠰᠢᠯᠵᠢᠬᠦ ᠶᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2023/4/4
     ᠤᠯᠤᠰ ᠢ ᠬᠦᠴᠦᠷᠬᠡᠭᠵᠢᠭᠦᠯᠬᠦ ᠳᠤ ᠤᠷᠢᠳ ᠢᠶᠠᠷ ᠡᠷᠬᠡᠪᠰᠢ ᠬᠦᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠦᠳᠡᠭᠡ ᠠᠵᠤ ᠠᠬᠤᠢ ᠬᠦᠴᠦᠷᠬᠡᠭᠵᠢᠪᠡᠯ ᠤᠯᠤᠰ ᠰᠠᠶ᠋ᠢ ᠬᠦᠴᠦᠷᠬᠡᠭᠵᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ︽ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠤᠨ᠎ᠠ︾ ᠭᠡᠵᠦ ᠳᠤᠷᠠᠳᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠲᠤᠮᠤ ᠣᠷᠣᠨ ᠠᠴᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠰᠢᠯᠵᠢᠬᠦ ᠬᠠᠷᠠᠯᠲᠠ ᠶᠢ ᠲᠣᠳᠣᠷᠬᠠᠢ ᠳᠤᠷᠠᠳᠴᠤ᠂ ᠬᠥᠳᠡᠭᠡ ᠠᠵᠤ ᠠᠬᠤᠢ ᠶᠢ ᠴᠢᠬᠤᠯᠠᠴᠢᠯᠠᠬᠤ ᠤᠳᠤᠷᠢᠳᠤᠮᠵᠢ ᠶᠢ ᠢᠮᠠᠭᠲᠠ ᠲᠤᠭᠤᠰᠢᠯᠠᠭᠤᠯᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠬᠦ ᠵᠠᠮ ᠤᠯᠠᠮ ᠲᠣᠳᠣᠷᠬᠠᠢ ᠪᠤᠯᠵᠤ᠂ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠠᠯᠤᠰ ᠢᠷᠡᠭᠡᠳᠦᠢ ᠤᠯᠠᠮ ᠭᠡᠭᠡᠨ ᠰᠠᠷᠠᠭᠤᠯ ᠪᠣᠯᠪᠠ᠃      ᠲᠠᠪᠤᠨ ᠵᠢᠯ ᠤᠨ ᠲᠤᠷᠰᠢ᠂ ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠵᠣ᠂ ᠠᠮᠤ ᠪᠤᠳᠠᠭᠠᠨ ᠤ ᠶᠡᠷᠦᠩᠬᠡᠶ ᠤᠨᠠᠯᠲᠠ ᠪᠥᠬᠦ ᠤᠯᠤᠰ ᠲᠤ ᠠᠷᠪᠠᠳᠤᠭᠠᠷ ᠲᠤ ᠣᠷᠣᠵᠤ ᠪᠠᠶᠢᠭᠰᠠᠨ ᠠᠴᠠ ᠪᠠᠨ ᠪᠥᠬᠦ ᠤᠯᠤᠰ ᠲᠤ ᠵᠢᠷᠭᠤᠳᠤᠭᠠᠷ ᠲᠤ ᠣᠷᠣᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠪᠠ ᠢᠮᠠᠭᠠᠨ ᠨᠤᠤᠯᠤᠭᠤᠷ᠂ ᠲᠡᠵᠢᠭᠡᠯ ᠡᠪᠡᠰᠦ ᠶᠢᠨ ᠭᠠᠷᠤᠯᠲᠠ ᠪᠥᠬᠦ ᠤᠯᠤᠰ ᠲᠤ ᠲᠥᠷᠤᠬᠦᠯᠡᠵᠤ ᠂ ᠤᠯᠤᠰ ᠤᠨ ︽ᠠᠮᠤ ᠶᠢᠨ ᠰᠠᠩ︾ ︽ᠮᠢᠬᠠᠨ ᠤ ᠬᠥᠮᠥᠷᠭᠡ︾᠂ ︽ᠰᠦᠨ ᠤ ᠬᠦᠨᠦᠭ︾ ᠪᠠ ︽ᠨᠤᠤᠯᠤᠭᠤᠷ ᠤᠨ ᠤᠷᠤᠨ︾ ᠪᠣᠯᠵᠣ᠂ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠠᠵᠠ ᠳᠤᠬᠢᠶᠠᠯ ᠢᠷᠡᠵᠤ᠂ ᠬᠠᠨᠳᠤᠰᠢ ᠮᠠᠰᠢ ᠰᠠᠶᠢᠨ ᠪᠤᠯᠵᠤ᠂ ᠬᠦᠴᠦᠨ ᠴᠢᠳᠠᠯ ᠢ ᠲᠥᠪᠯᠡᠷᠡᠭᠦᠯᠵᠦ ᠪᠠᠶᠢᠨ᠎ᠠ᠃      ᠴᠢᠭᠯᠡᠯ ᠨᠢᠭᠡᠨᠲᠡ ᠲᠣᠳᠣᠷᠬᠠᠶ ᠪᠣᠯᠵᠣ᠂ ᠪᠦᠷᠢᠶ᠎ᠡ ᠨᠢᠭᠡᠨᠲᠡ ᠬᠠᠩᠭᠢᠨᠠᠪᠠ᠂ ᠵᠠᠯᠭᠠᠭᠠᠳ ᠵᠣᠷᠢᠭᠲᠠᠶ ᠪᠠᠷ ᠲᠦᠷᠦᠭᠦᠯᠡᠨ ᠬᠢᠵᠤ᠂ ᠬᠥᠭᠡᠭᠡᠵᠦ ᠭᠦᠢᠴᠡᠨ ᠳᠠᠪᠠᠨ ᠭᠠᠷᠴᠤ᠂ ᠶᠡᠭᠡ ᠪᠠᠷ ᠠᠵᠢᠯᠯᠠᠨ ᠲᠦᠷᠭᠡᠨ ᠳᠡᠪᠰᠢᠵᠦ᠂ ᠥᠷᠯᠥᠭᠡ ᠦᠳᠡᠰᠢ ᠶᠢ ᠲᠡᠮᠡᠴᠡᠨ᠂ ︽ᠵᠢᠷᠭᠤᠭᠠᠨ ᠬᠤᠪᠢᠷᠠᠭᠤᠯᠤᠯᠳᠠ︾ ᠠᠴᠠ ᠭᠠᠷᠳᠠᠵᠤ᠂ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠶ᠃      ᠨᠢᠭᠡ ᠳᠤ ᠲᠠᠷᠢᠶᠠᠨ ᠭᠠᠵᠠᠷ ᠤᠨ ᠲᠠᠯᠠᠪᠠᠢ ᠪᠠᠷ ᠭᠤᠤᠯᠯᠠᠵᠤ ᠪᠠᠶᠢᠭᠰᠠᠨ ᠠᠴᠠ ᠶᠠᠰᠤ ᠴᠢᠨᠠᠷ ᠢᠶᠠᠷ ᠭᠤᠤᠯᠯᠠᠬᠤ ᠲᠡᠶᠢᠰᠢ ᠬᠤᠪᠢᠷᠠᠭᠤᠯᠤᠨ᠎ᠠ᠃ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠂ ᠮᠠᠨ ᠤ ᠣᠷᠣᠨ ᠤ ᠲᠠᠷᠢᠶᠠᠨ ᠭᠠᠵᠠᠷ ᠤᠨ ᠲᠠᠯᠠᠪᠠᠢ ᠪᠦᠬᠦ ᠤᠯᠤᠰ ᠲᠤ ᠬᠤᠶᠠᠳᠤᠭᠠᠷ ᠲᠤ ᠣᠷᠣᠵᠤ᠂ ᠬᠥᠮᠦᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠪᠦᠬᠦ ᠤᠯᠤᠰ ᠲᠤ ᠨᠢᠭᠡᠳᠦᠭᠡᠷ ᠲᠤ ᠣᠷᠣᠨ᠎ᠠ᠃ ᠭᠡᠪᠡᠴᠦ ᠭᠠᠵᠠᠷ ᠤᠨ ᠦᠩ ᠰᠢᠮ᠎ᠡ ᠮᠠᠭᠤᠳᠠᠵᠤ᠂ ᠮᠦ ᠪᠦᠷᠢ ᠶᠢᠨ ᠤᠨᠠᠯᠲᠠ ᠨᠡᠯᠢᠶᠡᠳ ᠳᠣᠣᠷ᠎ᠠ ᠪᠠᠶᠢᠬᠤ ᠠᠰᠠᠭᠤᠳᠠᠯ ᠲᠤᠪᠤᠶᠢᠮ᠎ᠠ ᠪᠠᠶᠢᠨ᠎ᠠ᠃ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠳᠤ ᠮᠥ ᠪᠦᠷᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠵᠦ᠂ ᠦᠷ᠎ᠡ ᠠᠰᠢᠭ ᠢ ᠳᠡᠭᠡᠭᠰᠢᠯᠡᠭᠦᠯᠦᠨ᠎ᠠ᠃ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 395 ᠲᠦᠮᠡᠨ ᠮᠥ ᠰᠢᠨ᠎ᠡ ᠪᠠᠷ ᠪᠠᠶᠢᠭᠤᠯᠬᠤ ᠶᠢᠨ ᠬᠠᠮᠲᠤ ᠠᠯᠬᠤᠮ ᠠᠯᠬᠤᠮ ᠢᠶᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ᠂ ᠬᠠᠷ᠎ᠠ ᠬᠥᠷᠥᠰᠥ ᠰᠢᠷᠣᠶ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠠ᠃      ᠬᠤᠶᠠᠷ ᠲᠤ ᠬᠠᠩᠭᠠᠯᠭ᠎ᠠ ᠶᠢ ᠦᠨᠳᠦᠰᠦᠨ ᠳᠡᠭᠡᠨ ᠪᠠᠲᠤᠯᠠᠵᠤ ᠪᠠᠶᠢᠭᠰᠠᠨ ᠠᠴᠠ ᠣᠯᠠᠨ ᠡᠰᠢᠲᠦ ᠬᠠᠩᠭᠠᠯᠭ᠎ᠠ ᠲᠡᠶᠢᠰᠢ ᠬᠤᠪᠢᠷᠠᠭᠤᠯᠤᠨ᠎ᠠ᠃ ᠬᠤᠭᠤᠯᠠᠨ ᠤ ᠠᠰᠠᠭᠤᠳᠠᠯ ᠢ ᠰᠢᠢᠳᠪᠦᠷᠢᠯᠡᠬᠦ ᠳᠤ ᠬᠢᠵᠠᠭᠠᠷ ᠲᠠᠢ ᠲᠠᠷᠢᠶᠠᠨ ᠭᠠᠵᠠᠷ ᠢ ᠯᠠ ᠬᠠᠷᠠᠭᠠᠳ ᠪᠠᠶᠢᠵᠤ ᠪᠣᠯᠬᠤ ᠦᠭᠡᠢ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠡᠨᠡ ᠵᠢᠯ ᠤᠨ ᠠᠮᠤ ᠪᠤᠳᠠᠭᠠᠨ ᠤ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠥᠷᠭᠡᠨ ᠠᠭᠤᠳᠠᠮ ᠲᠠᠯ᠎ᠠ ᠨᠤᠲᠤᠭ᠂ ᠪᠣᠬᠢᠷᠲᠤᠯ ᠦᠭᠡᠢ ᠤᠢ ᠰᠢᠭᠤᠢ ᠠᠴᠠ ᠢᠳᠡᠭᠡᠨ ᠤᠯᠵᠤ ᠂ ᠦᠨᠢᠶᠡᠨ ᠰᠦ ᠶᠢᠨ ᠭᠠᠷᠤᠯᠲᠠ ᠶᠢ 785 ᠲᠦᠮᠡᠨ ᠲᠣᠨ ᠳᠤ ᠬᠦᠷᠲᠡᠯ᠎ᠡ ᠳᠡᠭᠡᠭᠰᠢᠯᠡᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 300 ᠲᠦᠮᠡᠨ ᠲᠣᠨ ᠳᠤ ᠬᠦᠷᠲᠡᠯ᠎ᠡ ᠨᠡᠮᠡᠭᠳᠡᠭᠦᠯᠵᠦ᠂ ᠵᠢᠮᠢᠰ᠂ ᠴᠡᠴᠡᠭ᠂ ᠨᠣᠭᠤᠭ᠎ᠠ᠂ ᠮᠦᠭᠦ᠂ ᠡᠮ ᠵᠡᠷᠭᠡ ᠠᠵᠤ ᠦᠢᠯᠡᠰ ᠢ ᠬᠥᠭᠵᠢᠭᠦᠯᠵᠦ᠂ ︽ᠳᠤᠮᠳᠠᠳᠤ ᠤᠯᠤᠰ ᠤᠨ ᠠᠶᠠᠭ᠎ᠠ︾ ᠳᠤ ᠠᠮᠤ ᠪᠤᠳᠠᠭ᠎ᠠ ᠢᠯᠡᠭᠦᠬᠡᠨ ᠰᠠᠪᠠᠯᠠᠵᠤ᠂ ᠰᠠᠶᠢᠨ ᠠᠮᠤ ᠪᠤᠳᠠᠭ᠎ᠠ ᠰᠠᠪᠠᠯᠠᠵᠤ᠂ ᠰᠠᠶᠢᠨ ᠰᠦ ᠰᠠᠪᠠᠯᠠᠵᠤ᠂ ᠰᠠᠶᠢᠨ ᠮᠢᠬ᠎ᠠ ᠰᠠᠪᠠᠯᠠᠵᠤ᠂ ᠠᠷᠠᠳ ᠤᠯᠠᠨ ᠤ ︽ᠵᠢᠮᠢᠰ ᠤᠨ ᠰᠠᠭᠰᠤ︾᠂ ︽ᠨᠤᠭᠤᠭ᠎ᠠ ᠶᠢᠨ ᠰᠠᠭᠰᠤ︾ ᠶᠢ ᠪᠠᠶᠠᠯᠢᠭᠵᠢᠭᠤᠯᠤᠨ᠎ᠠ᠃      ᠭᠤᠷᠪᠠ ᠳᠤ ᠲᠠᠩ ᠭᠠᠭᠴᠠ ᠭᠤᠭᠴᠤᠭ᠎ᠠ ᠪᠠᠶᠢᠬᠰᠠᠨ ᠠᠴᠠ ᠪᠦᠷᠢᠨ ᠪᠦᠲᠦᠨ ᠬᠡᠯᠬᠢᠶ᠎ᠡ ᠲᠡᠶᠢᠰᠢ ᠬᠤᠪᠢᠷᠠᠭᠤᠯᠤᠨ᠎ᠠ᠃ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠯᠠᠩᠬᠢ ᠨᠢ ᠳᠦᠭᠦᠮ ᠳᠦᠳᠡ ᠡᠳ᠋ᠰᠢᠭᠦᠯᠬᠦ ᠪᠠᠷ ᠭᠤᠣᠯ ᠪᠣᠯᠭᠠᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠶᠠᠪᠤᠳᠠᠯ ᠢ ᠶᠡᠷᠦ ᠠᠴᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠴᠢᠳᠠᠭᠠᠳᠤᠶ ᠪᠠᠶᠢᠵᠤ᠂ ᠠᠵᠤ ᠦᠢᠯᠡᠰ ᠤᠨ ᠬᠡᠯᠬᠢᠶ᠎ᠡ ᠪᠣᠯᠤᠨ ᠥᠷᠲᠡᠭ ᠤᠨ ᠬᠡᠯᠬᠢᠶ᠎ᠡ ᠶᠢᠨ ᠳᠣᠣᠷ᠎ᠠ ᠳᠠᠪᠬᠤᠷᠭ᠎ᠠ ᠳᠤ ᠣᠷᠣᠰᠢᠭᠰᠠᠭᠠᠷ ᠢᠷᠡᠪᠡ᠃ ᠬᠡᠯᠬᠢᠶᠡᠵᠢᠯ ᠤᠨ ᠰᠡᠳᠭᠢᠬᠦᠶ ᠪᠠᠷ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠤᠷᠤᠨ ᠤ ᠪᠥᠲᠥᠭᠡᠨ ᠪᠠᠶᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠰᠦ ᠶᠢᠨ ᠦᠢᠯᠡᠰ᠂ ᠮᠢᠬᠠᠨ ᠤ ᠦᠬᠡᠷ᠂ ᠮᠢᠬᠠᠨ ᠤ ᠬᠤᠨᠢ᠂ ᠣᠶ ᠰᠢᠭᠤᠶ ᠡᠪᠡᠰᠦ ᠵᠡᠷᠭᠡ ᠰᠠᠭᠤᠷᠢ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠲᠠᠢ ᠠᠵᠤ ᠦᠢᠯᠡᠰ ᠤᠨ ᠬᠡᠯᠬᠢᠶ᠎ᠡ ᠶᠢ ᠭᠤᠤᠯᠳᠠᠯᠭ᠎ᠠ ᠲᠠᠢ ᠪᠣᠶ ᠪᠣᠯᠭᠠᠵᠤ᠂ ᠮᠠᠯ ᠠᠵᠤ ᠠᠬᠤᠶ ᠲᠠᠷᠢᠶᠠᠯᠠᠩ ᠤᠨ ᠳᠠᠷᠢᠵᠤ ᠲᠡᠵᠢᠭᠡᠬᠦ ᠭᠤᠭᠴᠤᠭ᠎ᠠ ᠠᠴᠠ ᠡᠳ᠋ᠰᠢᠭᠦᠯᠦᠨ ᠪᠣᠷᠣᠯᠠᠭᠤᠯᠬᠤ ᠵᠡᠷᠭᠡ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠶᠢᠰᠢ ᠤᠷᠳᠤᠳᠬᠠᠵᠤ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠦᠢᠯᠡᠳᠬᠦᠨ ᠤ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃      ᠳᠥᠷᠪᠡ ᠳᠤ ᠪᠦᠳᠦᠭᠦᠯᠢᠭ ᠪᠥᠭᠡᠳ ᠦᠷ᠎ᠡ ᠠᠰᠢᠭ ᠳᠤᠤᠷ᠎ᠠ ᠪᠠᠶᠢᠭᠰᠠᠨ ᠠᠴᠠ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠲᠡᠶᠢᠰᠢ ᠬᠤᠪᠢᠷᠠᠭᠤᠯᠤᠨ᠎ᠠ᠃ ᠤᠷᠲᠤ ᠬᠤᠭᠤᠴᠠᠭᠠᠨ ᠤ ᠲᠤᠷᠰᠢ᠂ ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠲᠩᠷᠢ ᠶᠢᠨ ᠴᠢᠷᠠᠶ ᠶᠢ ᠬᠠᠷᠠᠬᠤ᠂ ᠤᠯᠠᠨ ᠲᠠᠷᠢᠵᠤ ᠪᠠᠭ᠎ᠠ ᠬᠤᠷᠢᠶᠠᠬᠤ᠂ ᠬᠡᠪᠴᠢᠶ᠎ᠡ ᠨᠢ ᠪᠠᠭ᠎ᠠ ᠪᠥᠭᠡᠳ ᠲᠠᠷᠠᠬᠠᠶ ᠪᠤᠲᠠᠷᠬᠠᠶ᠂ ᠤᠰᠤ ᠶᠢ ᠪᠦᠷᠢᠯᠭᠡᠨ ᠰᠦᠢᠳᠭᠡᠬᠦ ᠠᠰᠠᠭᠤᠳᠠᠯ ᠬᠦᠨᠳᠦ ᠨᠤᠴᠢᠳᠠᠢ ᠪᠠᠶᠢᠵᠤ᠂ ᠨᠡᠶᠢᠲᠡᠯᠢᠭ ᠴᠢᠨᠠᠷᠳᠠᠢ ᠪᠦᠳᠦᠭᠦᠯᠢᠭ ᠠᠵᠤ ᠠᠬᠤᠶ᠂ ︽ᠬᠦᠴᠦ ᠬᠥᠯᠥᠰᠥᠨ ᠤ ᠠᠵᠤ ᠠᠬᠤᠶ︾ ᠪᠤᠯᠤᠭᠰᠠᠭᠠᠷ ᠢᠷᠡᠵᠠᠢ᠃ ᠨᠢᠭᠡ ᠲᠠᠯ᠎ᠠ ᠪᠠᠷ ᠵᠣᠬᠢᠰᠲᠠᠢ ᠬᠡᠪᠴᠢᠶ᠎ᠠ ᠪᠠᠷ ᠡᠵᠡᠩᠨᠡᠬᠦ ᠶᠢ ᠠᠬᠢᠭᠤᠯᠵᠤ᠂ ᠢᠯᠢ᠂ ᠮᠧᠩ ᠨᠢᠤ ᠮᠡᠲᠦ ᠶᠢᠨ ᠲᠤᠮᠤ ᠠᠵᠤ ᠠᠬᠤᠶᠢᠯᠠᠯ ᠪᠣᠯᠤᠨ ᠨᠡᠩ ᠤᠯᠠᠨ ᠳᠤᠮᠳᠠ ᠪᠠᠭ᠎ᠠ ᠠᠵᠤ ᠠᠬᠤᠶᠢᠯᠠᠯ ᠤᠨ ᠬᠦᠭᠵᠢᠬᠦ ᠶᠢ ᠳᠡᠮᠵᠢᠬᠦ ᠪᠠᠷ ᠪᠠᠷᠠᠬᠤ ᠦᠭᠡᠢ ᠪᠠᠰᠠ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠡᠪᠴᠢᠶᠡᠲᠦ ᠡᠵᠡᠩᠨᠡᠯᠲᠡ ᠳᠤ ᠣᠷᠣᠯᠴᠠᠬᠤ ᠶᠢ ᠬᠦᠳᠦᠯᠦᠨ ᠵᠢᠯᠣᠭᠤᠳᠴᠤ ᠲᠡᠳᠬᠦᠨ ᠳᠡᠮᠵᠢᠵᠦ᠂ ᠮᠠᠯ ᠠᠵᠤ ᠠᠬᠤᠶ ᠲᠠᠷᠢᠶᠠᠯᠠᠩ ᠤᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠶᠢ ᠳᠠᠶᠢᠴᠢᠯᠠᠨ᠎ᠠ᠃ ᠨᠦᠬᠦᠭᠡ ᠲᠠᠯ᠎ᠠ ᠪᠠᠷ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠵᠤ᠂ ᠤᠰᠤ ᠶᠢ ᠪᠦᠷᠢᠯᠭᠡᠨ ᠰᠦᠢᠳᠭᠡᠬᠦ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠠ᠃      ᠲᠠᠪᠤ ᠳᠤ ᠤᠯᠠᠮᠵᠢᠯᠠᠯᠲᠤ ᠵᠠᠭᠪᠤᠷ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠤᠨ᠎ᠠ᠃ ᠲᠠᠷᠢᠶᠠᠨ ᠭᠠᠵᠠᠷ ᠪᠣᠯᠤᠨ ᠤᠰᠤᠨ ᠤ ᠡᠬᠢ ᠪᠠᠶᠠᠯᠢᠭ ᠬᠢᠵᠠᠭᠠᠷ ᠲᠠᠢ ᠪᠠᠶᠢᠬᠤ ᠪᠠᠶᠢᠳᠠᠯ ᠳᠤᠤᠷ᠎ᠠ᠂ ᠮᠠᠯ ᠠᠵᠤ ᠠᠬᠤᠶ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠳᠤ ᠦᠨᠳᠦᠰᠦᠨ ᠳᠡᠭᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ᠎ᠠ᠃ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠣᠷᠣᠭᠤᠯᠤᠯᠲᠠ ᠶᠢ ᠳᠠᠬᠢᠨᠲᠠ ᠨᠡᠮᠡᠭᠳᠡᠭᠦᠯᠵᠦ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠳᠠ ᠶᠢ ᠳᠠᠬᠢᠨᠲᠠ ᠴᠢᠩᠭᠠᠳᠬᠠᠵᠤ᠂ ᠰᠢᠨ᠎ᠠ ᠶᠢ ᠡᠭᠦᠳᠬᠦ ᠬᠡᠯᠬᠢᠶ᠎ᠠ ᠶᠢᠨ ᠪᠠᠶᠢᠷᠢᠰᠢᠭᠤᠯᠤᠯᠳᠠ ᠶᠢ ᠳᠠᠬᠢᠨᠳᠠ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠠᠬᠢᠨᠲᠠ ᠴᠢᠩᠭᠠᠳᠬᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠪᠣᠯᠤᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ︵ᠦᠷ᠎ᠡ︶ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ ᠪᠠᠶᠠᠨᠨᠠᠭᠤᠷ ᠤᠨ ᠲᠠᠷᠢᠶᠠᠯᠠᠩ ᠤᠨ ᠥᠨᠳᠥᠷ ᠪᠠᠷᠢᠮᠵᠢᠶᠠᠳᠤ ᠣᠷᠣᠨ ᠵᠡᠷᠭᠡ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠴᠢᠳᠠᠪᠤᠷᠢ ᠬᠠᠩᠭᠠᠨ᠎ᠠ᠃      ᠵᠢᠷᠭᠤᠭ᠎ᠠ ᠳᠤ ᠦᠢᠯᠡᠳᠬᠦᠨ ᠤ ᠡᠵᠡᠩᠨᠡᠯᠲᠡ ᠠᠴᠠ ᠲᠦᠷᠦᠯ ᠲᠡᠮᠳᠡᠭ ᠤᠨ ᠡᠵᠡᠩᠨᠡᠯᠲᠡ ᠳᠠᠶᠢᠰᠢ ᠬᠤᠪᠢᠷᠠᠭᠤᠯᠤᠨ᠎ᠠ᠃ ᠮᠠᠨ ᠤ ᠣᠷᠣᠨ ᠤ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠲᠤᠭ᠎ᠠ ᠬᠡᠮᠵᠢᠶ᠎ᠡ ᠪᠥᠬᠦ ᠤᠯᠤᠰ ᠲᠤ ᠬᠤᠶᠠᠳᠤᠭᠠᠷ ᠲᠤ ᠣᠷᠣᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠲᠤᠭ᠎ᠠ ᠬᠡᠮᠵᠢᠶ᠎ᠡ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠃ ᠭᠡᠪᠡᠴᠦ ᠵᠢᠩᠬᠢᠨᠢ ᠳᠠᠶᠠᠭᠠᠷ ᠢᠶᠠᠨ ᠮᠡᠳᠡᠵᠤ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ᠲᠣᠮᠣ ᠲᠦᠷᠦᠯ ᠲᠡᠮᠳᠡᠭ ᠬᠠᠷᠢᠨ ᠲᠣᠩ ᠴᠥᠭᠡᠨ ᠪᠠᠶᠢᠨ᠎ᠠ᠃ ᠲᠦᠷᠦᠯ ᠲᠡᠮᠳᠡᠭ ᠢ ᠬᠦᠴᠦᠯᠡᠨ ᠪᠤᠶᠢᠵᠢᠭᠤᠯᠵᠤ᠂ ︽ᠥᠪᠥᠷ ᠮᠣᠩᠭᠤᠯ ︾ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠭᠠᠵᠠᠷ ᠤᠨ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠶᠢ ᠤᠯᠠᠮ ᠠᠴᠠ ᠤᠯᠠᠮ ᠠᠯᠳᠠᠷᠰᠢᠭᠤᠯᠤᠨ᠎ᠠ᠃      ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠤᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠭᠤᠣᠯ ᠰᠡᠳᠦᠪ ᠮᠥᠨ᠂ ᠪᠦᠬᠦ ᠣᠷᠣᠨ ᠤ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠲᠣᠭᠲᠠᠭᠠᠭᠰᠠᠨ ᠬᠠᠷᠠᠯᠲᠠ ᠶᠢᠨ ᠦᠨᠳᠦᠷᠴᠡ ᠪᠠ ᠬᠤᠷᠳᠤᠴᠠ ᠲᠡᠩᠴᠡᠭᠦᠷᠢᠳᠠᠢ ᠪᠠᠶᠢᠵᠤ᠂ ᠠᠷᠭ᠎ᠠ ᠵᠠᠮ ᠤᠨ ᠨᠠᠷᠢᠪᠴᠢ ᠶᠢᠨ ᠬᠡᠮᠵᠢᠶ᠎ᠡ ᠪᠠ ᠪᠣᠳᠠᠲᠠᠶ ᠶᠢ ᠡᠷᠬᠢᠮᠯᠡᠬᠦ ᠬᠡᠮᠵᠢᠶ᠎ᠡ ᠬᠤᠤᠰᠯᠠᠵᠤ᠂ ᠠᠷᠭ᠎ᠠ ᠪᠣᠳᠣᠯᠭ᠎ᠠ ᠶᠢᠨ ᠡᠷᠴᠢᠮ ᠪᠠ ᠣᠨᠣᠪᠴᠢ ᠶᠢᠨ ᠬᠡᠮᠵᠢᠶ᠎ᠡ ᠶᠢ ᠵᠡᠷᠭᠡ ᠪᠠᠷ ᠠᠳᠬᠤᠵᠤ᠂ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠳᠠ ᠶᠢᠨ ᠬᠡᠲᠦ ᠶᠢᠨ ᠲᠥᠯᠥᠪ ᠮᠠᠰᠢ ᠲᠦᠷᠭᠡᠨ ᠢᠶᠠᠷ ᠪᠣᠳᠠᠲᠤ ᠠᠬᠤᠶ ᠪᠣᠯᠤᠨ ᠬᠤᠪᠢᠷᠠᠵᠤ᠂ ᠬᠥᠮᠦᠰ ᠶᠡᠬᠡᠳᠡ ᠬᠦᠰᠡᠨ ᠡᠷᠡᠮᠡᠯᠵᠡᠵᠦ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号