ᠥᠪᠥᠷ ᠮᠣᠩᠭᠤᠯ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠨ ᠤ ᠪᠠᠷᠢᠮᠵᠢᠶ᠎ᠠ ᠶᠢ 6.6%᠎ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/5/18
     ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠥᠨᠥᠬᠡᠨ 2023 ᠣᠨ ᠤ ᠪᠦᠬᠦ ᠣᠷᠣᠨ ᠤ ᠨᠡᠶᠢᠭᠡᠮ ᠎ ᠤᠨ ᠠᠰᠠᠷᠠᠮᠵᠢ ᠶᠢᠨ ᠪᠠᠷᠢᠮᠵᠢᠶ᠎ᠠ ᠶᠢ ᠨᠡᠶᠢᠲᠡᠯᠡᠵᠦ᠂ 2023 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠦᠬᠦ ᠣᠷᠣᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠨ ᠤ ᠪᠠᠷᠢᠮᠵᠢᠶ᠎ᠠ᠂ ᠣᠨᠴᠠ ᠬᠦᠴᠢᠷᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ᠂ ᠣᠨᠴᠠ ᠬᠦᠴᠢᠷᠲᠡᠢ ᠬᠥᠮᠥᠰ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠦᠭᠡᠳ ᠪᠦᠬᠦ ᠣᠷᠣᠨ ᠤ ᠡᠯ᠎ᠡ ᠭᠠᠵᠠᠷ ᠤᠨ ᠬᠤᠲᠠ ᠬᠥᠳᠡᠭᠡ ᠶᠢᠨ ᠵᠥᠷᠢᠶ᠎ᠡ ᠶᠢ ᠴᠢᠨᠠᠭᠰᠢᠳᠠ ᠪᠠᠭᠠᠰᠬᠠᠭᠰᠠᠨ ᠪᠠᠶᠢᠨ᠎ᠠ᠃ 2023 ᠣᠨ ᠳᠤ ᠪᠦᠬᠦ ᠣᠷᠣᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠎ ᠶᠢᠨ ᠠᠮᠢᠳᠤᠷᠠᠯ ᠤᠨ ᠪᠠᠲᠤᠯᠠᠭᠠᠨ ᠤ ᠪᠠᠷᠢᠮᠵᠢᠶ᠎ᠠ ᠶᠢ ᠲᠤᠰ ᠲᠤᠰ ᠰᠠᠷ᠎ᠠ ᠪᠣᠯᠭᠠᠨ 840 ᠲᠥᠭᠦᠷᠢᠭ ᠪᠠ 670 ᠲᠥᠭᠦᠷᠢᠭ ᠲᠤ ᠬᠦᠷᠭᠡᠵᠦ᠂ 2022 ᠣᠨ ᠤ ᠬᠢ ᠠᠴᠠ ᠳᠤᠮᠳᠠᠴᠢ ᠪᠠᠷ 6.6%᠎ ᠪᠠᠷ ᠨᠡᠮᠡᠭᠳᠡᠭᠦᠯᠵᠡᠢ᠃ ᠪᠦᠬᠦ ᠣᠷᠣᠨ ᠤ ᠬᠤᠲᠠ ᠬᠥᠳᠡᠭᠡ ᠶᠢᠨ ᠣᠨᠴᠠ ᠬᠦᠴᠢᠷᠲᠡᠢ ᠬᠥᠮᠥᠰ ᠤᠨ ᠦᠨᠳᠦᠰᠦᠨ ᠠᠮᠢᠳᠤᠷᠠᠯ ᠤᠨ ᠳᠤᠮᠳᠠᠴᠢ ᠪᠠᠷᠢᠮᠵᠢᠶ᠎ᠠ ᠶᠢ ᠲᠤᠰ ᠲᠤᠰ ᠰᠠᠷ᠎ᠠ ᠪᠣᠯᠭᠠᠨ 1380 ᠲᠥᠭᠦᠷᠢᠭ ᠪᠠ 1020 ᠲᠥᠭᠦᠷᠢᠭ ᠲᠤ ᠬᠦᠷᠭᠡᠵᠦ᠂ 2022 ᠣᠨ ᠤ ᠬᠢ ᠠᠴᠠ ᠳᠤᠮᠳᠠᠴᠢ ᠪᠠᠷ 5.1%᠎ ᠪᠠᠷ ᠨᠡᠮᠡᠭᠳᠡᠭᠦᠯᠵᠡᠢ᠃ ᠥᠪᠡᠷ ᠤᠨ ᠪᠡᠶ᠎ᠡ ᠳᠡᠭᠡᠨ ᠵᠥᠪ ᠦᠭᠡᠢ ᠨᠢᠭᠡ ᠪᠦᠯᠦᠭ ᠣᠨᠴᠠ ᠬᠦᠴᠢᠷᠲᠡᠢ ᠬᠥᠮᠥᠰ ᠢ ᠠᠰᠠᠷᠠᠨ ᠬᠠᠷᠠᠭᠠᠯᠵᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠪᠣᠯᠭᠠᠨ 495 ᠲᠥᠭᠦᠷᠢᠭ ᠲᠤ ᠬᠦᠷᠭᠡᠵᠦ᠂ ᠥᠪᠡᠷ ᠤᠨ ᠪᠡᠶ᠎ᠡ ᠳᠡᠭᠡᠨ ᠪᠦᠷᠢᠮᠦᠰᠦᠨ ᠵᠥᠪ ᠦᠭᠡᠢ ᠣᠨᠴᠠ ᠬᠦᠴᠢᠷᠲᠡᠢ ᠬᠥᠮᠥᠰ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠤᠮᠳᠠᠴᠢ ᠪᠠᠷ ᠰᠠᠷ᠎ᠠ ᠪᠣᠯᠭᠠᠨ 1266 ᠲᠥᠭᠦᠷᠢᠭ ᠎ ᠲᠤ ᠬᠦᠷᠭᠡᠭᠰᠡᠨ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号