ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠵᠡᠮᠳᠡᠭᠴᠤᠳ ᠤᠨ | ᠬᠤᠯᠪᠤᠭᠠᠲᠦ ᠬᠤᠷᠠᠯ ᠪᠠ ᠤᠯᠠᠭᠠᠨᠬᠠᠳᠠ ᠬᠤᠲᠠ ᠶᠢᠨ ᠬᠠᠷᠠᠭᠠᠨ ᠤ ᠪᠡᠷᠬᠡᠰᠢᠶᠡᠯ ᠲᠠᠢ ᠬᠦᠮᠦᠰ ᠤᠨ ᠨᠡᠶᠢᠭᠡᠮᠯᠢᠭ | ᠠᠴᠠ ᠬᠠᠮᠲᠤᠷᠠᠨ ᠡᠷᠬᠢᠯᠡᠭᠰᠡᠨ ᠤᠯᠠᠭᠠᠨᠬᠠᠳᠠ ᠬᠤᠲᠠ ᠶᠢᠨ ᠬᠠᠷᠠᠭᠠᠨ ᠤ ᠪᠡᠷᠬᠡᠰᠢᠶᠡᠯ ᠲᠠᠢ ᠬᠦᠮᠦᠰ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠮᠡᠳᠡᠯᠭᠡ ᠶᠢᠨ ᠤᠷᠤᠯᠳᠤᠭᠠᠨ 5 | ᠳ᠋ᠤᠭᠠᠷ ᠰᠠᠷ᠎ᠠ ᠶᠢᠨ 16 ᠤ ᠡᠳᠦᠷ ᠤᠯᠠᠭᠠᠨᠬᠠᠳᠠ ᠬᠤᠲᠠᠨ᠎ᠠ ᠠᠮᠵᠢᠯᠲᠠ ᠲᠡᠭᠦᠰ ᠶᠠᠪᠤᠭᠳᠠᠭᠰᠠᠨ ᠪᠠᠶᠢᠨ᠎ᠠ᠃ | ᠤᠯᠠᠭᠠᠨᠬᠠᠳᠠ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠶ ᠰᠤᠷᠤᠯᠴᠠᠨ ᠲᠤᠤᠱᠯᠠᠭᠤᠯᠬᠤ | ᠲᠠᠯ᠎ᠠ ᠪᠠᠷ ᠬᠢ ᠦᠷᠭᠡᠨ ᠤᠯᠠᠨ ᠵᠡᠮᠳᠡᠭᠴᠤᠳ ᠤᠨ ᠦᠢᠯᠡ ᠠᠵᠢᠯᠯᠠᠭ᠎ᠠ ᠶᠢ ᠬᠥᠲᠥᠯᠥᠨ ᠵᠢᠯᠣᠭᠤᠳᠴᠤ᠂ ᠲᠡᠳᠡᠨ ᠤ | ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠬᠤ ᠦᠵᠡᠯ ᠰᠠᠨᠠᠭᠠᠨ ᠤ ᠤᠬᠠᠮᠰᠠᠷ ᠪᠠ ᠦᠶᠯᠡ | ᠠᠵᠢᠯᠯᠠᠭᠠᠨ ᠤ ᠤᠬᠠᠮᠰᠠᠷ ᠢ ᠨᠢ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠵᠠᠮᠨᠠᠯ ᠳᠤ ᠪᠦᠯᠬᠦᠮᠳᠡᠨ ᠲᠡᠮᠡᠴᠡᠬᠦ | ᠶᠢᠨ ᠬᠦᠴᠦᠷᠬᠡᠭ ᠶᠡᠭᠡ ᠦᠵᠡᠯ ᠰᠠᠨᠠᠭᠠᠨ ᠤ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠶᠢᠨ ᠲᠦᠯᠦᠭᠡ ᠲᠤᠰ | ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠪᠡ᠃ ᠲᠤᠰ ᠠᠵᠢᠯᠯᠠᠭ᠎ᠠ ᠳᠤ ᠤᠯᠠᠭᠠᠨᠬᠠᠳᠠ ᠬᠤᠲᠠ ᠶᠢᠨ 12 | ᠬᠤᠰᠢᠭᠤ ᠰᠢᠶᠠᠨ ᠲᠤᠭᠤᠷᠢᠭ ᠪᠠ ᠤᠯᠠᠭᠠᠨᠬᠠᠳᠠ ᠬᠤᠲᠠ ᠶᠢᠨ ᠵᠡᠮᠳᠡᠭᠴᠦᠳ ᠤᠨ ᠰᠤᠷᠭᠠᠭᠤᠯᠢ ᠵᠡᠷᠭᠡ 13 | ᠳᠤᠭᠤᠶᠢᠯᠠᠩ ᠣᠷᠣᠯᠴᠠᠭᠰᠠᠨ ᠮᠡᠳᠡᠯᠭᠡ ᠶᠢᠨ ᠤᠷᠤᠯᠳᠤᠭᠠᠨ ᠳᠤ ᠬᠤᠪᠢ ᠬᠦᠮᠦᠨ ᠤ ᠡᠷᠬᠡᠪᠰᠢ ᠬᠠᠷᠢᠭᠤᠯᠬᠤ᠂ ᠪᠠᠭ᠎ᠠ | ᠲᠤᠭᠤᠶᠢᠯᠠᠩ ᠤᠨ ᠰᠣᠩᠭᠤᠨ ᠬᠠᠷᠢᠭᠤᠯᠬᠤ ᠪᠠ ᠪᠤᠯᠢᠶᠠᠯᠳᠤᠨ ᠬᠠᠷᠢᠭᠤᠯᠬᠤ ᠠᠯᠬᠤᠮ ᠲᠠᠷᠠᠭ᠎ᠠ ᠪᠠᠷ | ᠦᠷᠢᠰᠦᠯᠳᠦᠭᠰᠡᠨ ᠤ ᠡᠴᠦᠰ ᠲᠤ ᠬᠠᠷᠠᠴᠢᠨ ᠬᠤᠰᠢᠭᠤᠨ ᠤ ᠲᠦᠯᠦᠭᠡᠯᠡᠭᠴᠢᠳ ᠤᠨ ᠪᠦᠯᠬᠦᠮ 320 ᠬᠤᠪᠢ ᠪᠠᠷ | ᠲᠡᠷᠢᠬᠦᠯᠡᠭᠰᠡᠨ ᠪᠠᠶᠢᠨ᠎ᠠ᠃ |