ᠲᠦᠷᠦᠭᠦᠤ 5 ᠰᠠᠷ᠎ᠠ ᠳᠤ ᠥᠪᠥᠷ ᠮᠣᠩᠭᠤᠯ ᠤᠨ ᠵᠠᠮ ᠨᠡᠪᠲᠡᠷᠡᠯᠭᠡ ᠶᠢᠨ ᠰᠦᠢᠳᠬᠡᠯ ᠢ ᠨᠡᠶᠢᠲᠡ 8.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ
ᠨᠡᠶᠢᠲᠡᠯᠡᠭᠰᠡᠨ ᠴᠠᠭ᠄
2023/6/21
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠵᠠᠮ ᠨᠡᠪᠲᠡᠷᠡᠯᠭᠡ ᠶᠢᠨ ᠰᠦᠢᠳᠬᠡᠯ ᠢ ᠨᠡᠶᠢᠲᠡ 8.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠠᠳᠠᠯᠢ ᠬᠤᠭᠤᠴᠠᠭᠠᠨ ᠤ ᠬᠢ ᠠᠴᠠ 41.3%᠎ ᠪᠠᠷ ᠨᠡᠮᠡᠭᠳᠡᠪᠡ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠯ᠎ᠡ ᠲᠥᠷᠥᠯ ᠤᠨ ᠵᠠᠮ ᠨᠡᠪᠲᠡᠷᠡᠯᠭᠡ ᠶᠢᠨ ᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡ ᠳᠤ᠂ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠵᠥᠭᠡᠭᠡᠪᠦᠷᠢᠯᠡᠨ ᠬᠦᠷᠭᠡᠬᠦ ᠰᠠᠭᠠᠳ ᠦᠭᠡᠢ ᠨᠡᠪᠲᠡᠷᠡᠬᠦ ᠵᠠᠮ ᠤᠨ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠬᠤᠯᠢᠰᠢᠨ ᠢᠳᠡᠭᠡᠨ︾᠎ ᠤ ᠬᠠᠩᠭᠠᠯᠭ᠎ᠠ ᠶᠢ ᠪᠠᠲᠤᠯᠠᠨ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ ᠶᠣᠰᠣᠭᠠᠷ ᠪᠦᠬᠦᠯᠢ ᠲᠡᠷᠭᠡ ᠪᠠᠷ ᠠᠴᠢᠶᠠᠯᠠᠵᠤ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ ᠬᠤᠷᠢᠶᠠᠬᠤ ᠨᠡᠪᠲᠡᠷᠡᠬᠦ ᠰᠦᠢᠳᠬᠡᠯ ᠢ 17016 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠬᠤᠶᠠᠷ ᠲᠤ᠂ ᠥᠨᠳᠥᠷ ᠬᠤᠷᠳᠤ ᠶᠢᠨ ᠵᠠᠰᠠᠮᠠᠯ ᠵᠠᠮ ᠤᠨ ᠲᠣᠣᠷ ᠤᠨ ᠨᠡᠪᠲᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠣᠷᠣᠨ ᠤ ᠪᠣᠶ ᠪᠦᠬᠦᠢ ᠥᠨᠳᠥᠷ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠲᠡᠷᠭᠡ ᠬᠥᠰᠬᠡ ᠶᠢᠨ ETC ᠺᠠᠷᠲ ᠢᠶᠠᠷ ᠥᠨᠳᠥᠷ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠢ ᠪᠥᠬᠦ ᠲᠤᠭ᠎ᠠ ᠪᠠᠷ ᠲᠤᠰᠢᠶᠠᠬᠤ ᠬᠡᠷᠡᠭᠯᠡᠭᠴᠢ ᠠᠴᠠ 9.5᠎ ᠪᠠᠷ ᠨᠤᠭᠤᠯᠵᠤ ᠰᠦᠢᠳᠬᠡᠯ ᠬᠤᠷᠢᠶᠠᠨ᠂ ᠨᠡᠶᠢᠲᠡ 21716 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠠ᠃ ᠭᠤᠷᠪᠠ ᠳᠤ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠵᠤ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠥᠨᠳᠥᠷ ᠬᠤᠷᠳᠤ ᠶᠢᠨ ᠵᠠᠰᠠᠮᠠᠯ ᠵᠠᠮ ᠤᠨ ᠬᠤᠷᠢᠶᠠᠬᠤ ᠰᠦᠢᠳᠬᠡᠯ ᠢ ᠬᠡᠯᠲᠦᠷᠢᠭᠦᠯᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 7᠎ ᠠᠴᠠ ᠳᠣᠷᠣᠭᠰᠢᠬᠢ ᠰᠠᠭᠤᠳᠠᠯ ᠲᠠᠢ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠨᠡᠪᠲᠡᠷᠡᠬᠦ ᠰᠦᠢᠳᠬᠡᠯ ᠢ 33734 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠠ᠃ ᠳᠥᠷᠪᠡ ᠳᠤ᠂ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ᠂ ᠭᠠᠮᠰᠢᠭ ᠠᠴᠠ ᠠᠪᠤᠷᠠᠬᠤ ᠡᠭᠦᠷᠭᠡ ᠶᠢ ᠭᠦᠢᠴᠡᠳᠬᠡᠵᠦ ᠪᠠᠶᠢᠭ᠎ᠠ ᠲᠡᠷᠭᠡ ᠬᠥᠰᠬᠡ ᠵᠡᠷᠭᠡ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠳᠤ ᠨᠡᠶᠢᠴᠡᠬᠦ ᠲᠡᠷᠭᠡ ᠬᠥᠰᠬᠡ ᠠᠴᠠ 6790 ᠲᠦᠮᠡᠨ ᠲᠥᠭᠦᠷᠢᠭ ᠤᠨ ᠰᠦᠢᠳᠬᠡᠯ ᠢ ᠬᠠᠰᠤᠵᠤ ᠬᠡᠯᠲᠦᠷᠢᠭᠦᠯᠪᠡ᠃ ᠲᠠᠪᠤ ᠳᠤ᠂ ᠥᠨᠳᠥᠷ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠳ᠋ ᠪᠠᠷᠠᠭ᠎ᠠ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠨᠡᠶᠢᠲᠡ 6079 ᠲᠦᠮᠡᠨ ᠲᠥᠭᠦᠷᠢᠭ ᠤᠨ ᠰᠦᠢᠳᠬᠡᠯ ᠢ ᠬᠠᠰᠤᠵᠤ ᠬᠡᠯᠲᠦᠷᠢᠭᠦᠯᠪᠠ᠃ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ 42 ᠲᠦᠮᠡᠨ ᠲᠥᠭᠦᠷᠢᠭ ᠤᠨ ᠰᠦᠢᠳᠬᠡᠯ ᠢ ᠵᠦᠷᠢᠶᠡᠵᠢᠬᠦᠯᠦᠨ ᠬᠠᠰᠤᠵᠤ ᠬᠡᠯᠲᠦᠷᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号